ᠰᠢᠨ᠎ᠡ ᠬᠤᠲᠠ ᠲᠣᠭᠤᠷᠢᠭ ᠤᠨ ᠰᠣᠶᠣᠯ ᠪᠡᠶ᠎ᠡ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-28
     ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ 5 ᠳ᠋ᠤᠭᠠᠷ ᠰᠠᠷ᠎ᠠ ᠶᠢᠨ 19 ᠤ ᠡᠳᠦᠷ ᠤᠨ ᠪᠥᠬᠦ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠪᠤᠯᠪᠠᠰᠤᠷᠠᠭᠤᠯᠤᠯ ᠵᠢᠴᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠤᠯᠠᠭᠠᠨᠬᠠᠳᠠ ᠶᠢᠨ ᠡᠦ ᠠᠨ ᠵᠧᠦ ᠶᠢᠨ ᠴᠠᠭᠠᠨ ᠰᠤᠪᠤᠷᠭ᠎ᠠ ᠶᠢᠨ ᠰᠤᠷᠭᠠᠮᠵᠢ ᠶᠢ ᠨᠠᠷᠢᠨ ᠬᠢᠨᠠᠮᠠᠭᠠᠢ ᠬᠦᠯᠢᠶᠡᠨ ᠠᠪᠴᠤ ᠂ ᠰᠢᠨ᠎ᠡ ᠬᠤᠲᠠ ᠲᠣᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠠᠮᠤᠷ ᠲᠦᠪᠰᠢᠨ ᠤ ᠠᠵᠢᠯ ᠢ ᠦᠨᠡᠨᠬᠦ ᠴᠢᠩᠭᠠᠳᠬᠠᠬᠤ ᠶᠢᠨ ᠲᠦᠯᠦᠭᠡ᠂ 5 ᠳ᠋ᠤᠭᠠᠷ ᠰᠠᠷ᠎ᠠ ᠶᠢᠨ 25 ᠤ ᠦᠳᠡ ᠶᠢᠨ ᠬᠤᠶᠢᠨ᠎ᠠ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠣᠯᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠢ ᠲᠤᠰᠬᠠᠢ ᠰᠡᠳᠦᠪ ᠢᠶᠠᠷ ᠰᠤᠳᠤᠯᠤᠨ ᠲᠤᠬᠢᠷᠠᠭᠤᠯᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠲᠤᠬᠠᠶ ᠬᠠᠮᠢᠶ᠎ᠠ ᠪᠥᠬᠦᠶ ᠥᠭᠦᠯᠡᠯᠲᠡ ᠶᠢ ᠰᠤᠷᠤᠯᠴᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠪᠣᠯᠪᠠᠰᠤᠷᠠᠯ ᠵᠢᠴᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠪᠣᠯᠤᠨ ᠬᠤᠳᠠ ᠶᠢᠨ ᠤᠬᠠᠭᠤᠯᠬᠤ ᠬᠡᠯᠲᠡᠰ᠂ ᠰᠣᠶᠣᠯ ᠵᠤᠭᠠᠴᠠᠯ ᠤᠨ ᠲᠤᠪᠴᠢᠶ᠎ᠠ ᠶᠢᠨ ︽ᠪᠦᠬᠦ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ ᠲᠥᠰᠦᠯ︾ ᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠢ ᠰᠠᠶᠢᠲᠤᠷ ᠠᠳᠬᠤᠬᠤ ᠳᠤ ᠡᠩ ᠲᠡᠷᠢᠭᠦᠨ ᠳᠤ ᠰᠠᠭᠤᠷᠢ ᠲᠤᠭ᠎ᠠ ᠨᠢ ᠲᠣᠳᠣᠷᠬᠠᠢ ᠪᠥᠭᠡᠳ ᠪᠠᠶᠢᠳᠠᠯ ᠨᠢ ᠲᠣᠳᠣᠷᠬᠠᠢ ᠪᠠᠶᠢᠬᠤ ᠬᠡᠷᠡᠭᠲᠡᠢ᠃ ᠡᠦ ᠠᠨ ᠵᠧᠤ ᠶᠢᠨ ᠴᠠᠭᠠᠨ ᠰᠤᠪᠤᠷᠭ᠎ᠠ ᠶᠢ ᠰᠡᠯᠪᠢᠨ ᠵᠠᠰᠠᠵᠤ ᠬᠠᠮᠠᠭᠠᠯᠠᠬᠤ ᠲᠠᠯ᠎ᠠ ᠪᠠᠷ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠠᠴᠠ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠶᠡᠭᠡ ᠵᠢᠭᠰᠠᠭᠠᠨ ᠪᠠᠶᠢᠴᠠᠭᠠᠬᠤ ᠲᠤᠰᠬᠠᠶ ᠠᠵᠢᠯᠯᠠᠭ᠎ᠠ ᠶᠢ ᠲᠤᠰᠬᠠᠶᠢᠯᠠᠨ ᠥᠷᠨᠢᠭᠦᠯᠬᠦ ᠪᠠᠷ ᠲᠣᠭᠲᠠᠵᠤ᠂ ᠭᠤᠤᠯᠳᠠᠯᠭ᠎ᠠ ᠨᠢ ᠠᠶᠤᠯ ᠲᠦᠭᠰᠢᠭᠦᠷᠢ ᠳᠠᠯᠳᠠ ᠭᠡᠮ ᠢ ᠡᠷᠢᠵᠦ ᠣᠯᠵᠤ᠂ ᠨᠠᠷᠢᠯᠢᠭ ᠤᠨᠤᠪᠴᠢᠲᠠᠢ ᠪᠠᠷ ᠬᠦᠴᠦᠯᠡᠵᠦ᠂ ᠠᠯᠳᠠᠰᠢ ᠭᠠᠷᠬᠤ ᠶᠢ ᠬᠤᠷᠢᠭᠯᠠᠬᠤ ᠬᠡᠷᠡᠭᠲᠡᠶ᠃ ᠵᠢᠭᠰᠠᠭᠠᠨ ᠪᠠᠶᠢᠴᠠᠭᠠᠬᠤ ᠠᠵᠢᠯ ᠤᠨ ᠳᠤᠮᠳᠠ᠂ ︽ᠲᠠᠪᠤᠨ ᠳᠠᠷᠠᠭᠠᠯᠠᠬᠤ ᠨᠢᠭᠡ ᠶᠢ︾ ᠪᠡᠶᠡᠯᠡᠭᠦᠯᠬᠦ ᠬᠡᠷᠡᠭᠲᠡᠢ᠄ ᠨᠢᠭᠡ ᠳᠤ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠨᠢᠭᠡ ᠶᠢ ᠣᠷᠬᠢᠭᠳᠠᠭᠤᠯᠬᠤ ᠥᠬᠡᠶ︔ ᠬᠤᠶᠠᠷ ᠲᠤ ᠨᠢᠭᠡ ᠨᠢᠭᠡ ᠪᠠᠷ ᠲᠠᠩᠰᠠ ᠡᠪᠬᠡᠮᠡᠯ ᠪᠠᠶᠢᠭᠤᠯᠵᠤ᠂ ᠨᠢᠭᠡ ᠨᠢᠭᠡ ᠪᠠᠷ ᠠᠶᠤᠯ ᠲᠦᠭᠰᠢᠭᠦᠷᠢ ᠶᠢᠨ ᠴᠡᠭ ᠢ ᠵᠢᠭᠰᠠᠭᠠᠨ ᠪᠠᠶᠢᠴᠠᠭᠠᠵᠤ᠂ ᠨᠢᠭᠡ ᠶᠢ ᠴᠤ ᠲᠤᠳᠠᠭᠳᠠᠭᠤᠯᠬᠤ ᠦᠭᠡᠢ︔ ᠭᠤᠷᠪᠠ ᠳᠤ ᠣᠨᠣᠰᠢᠯᠠᠭ᠎ᠠ ᠶᠢᠨ ᠪᠢᠴᠢᠭ ᠢ ᠨᠢᠭᠡᠳ ᠨᠢᠭᠡ ᠪᠠᠷ ᠭᠠᠷᠭᠠᠵᠤ᠂ ᠵᠢᠯ ᠤᠨ ᠴᠡᠭᠴᠡᠯᠡᠨ ᠰᠠᠶᠢᠵᠢᠷᠠᠭᠤᠯᠬᠤ ᠲᠥᠰᠦᠯ ᠢ ᠨᠢᠭᠡ ᠨᠢᠭᠡ ᠪᠠᠷ ᠵᠠᠰᠠᠵᠤ᠂ ᠨᠢᠭᠡ ᠶᠢ ᠴᠦ ᠲᠤᠳᠠᠭᠳᠠᠭᠤᠯᠬᠤ ᠦᠭᠡᠢ︔ ᠳᠥᠷᠪᠡ ᠳᠤ ᠬᠤᠭᠤᠴᠠᠭ᠎ᠠ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠵᠤ   ᠳᠠᠭᠤᠰᠬᠠᠬᠰᠠᠨ ᠲᠣᠳᠣᠷᠬᠠᠶ ᠬᠠᠭᠤᠳᠠᠰᠤ ᠪᠠᠶᠢᠵᠤ᠂ ᠨᠢᠭᠡ ᠨᠢᠭᠡ ᠪᠠᠷ ᠣᠰᠠᠳᠬᠠᠵᠤ᠂ ᠨᠢᠭᠡ ᠶᠢ ᠴᠦ  ᠤᠷᠬᠢᠭᠳᠠᠭᠤᠯᠬᠤ ᠦᠭᠡᠢ᠃ ᠠᠮᠤᠷ ᠲᠦᠪᠰᠢᠨ ᠤ ᠬᠦᠨᠳᠦ ᠶᠡᠭᠡ ᠳᠠᠯᠳᠠ ᠭᠡᠮ ᠣᠷᠣᠰᠢᠵᠤ ᠪᠠᠶᠢᠪᠠᠯ ᠲᠡᠷᠡ ᠳᠠᠷᠤᠶ ᠳᠤᠨᠢ ᠲᠦᠷᠭᠡᠨ ᠬᠠᠨᠳᠤᠯᠭᠠᠲᠤ ᠴᠢᠨᠠᠷᠲᠠᠶ ᠠᠶᠤᠯ ᠠᠴᠠ ᠠᠪᠤᠷᠠᠨ ᠪᠠᠬᠢᠵᠢᠭᠦᠯᠬᠦ ᠠᠵᠢᠯ ᠢ ᠵᠣᠬᠢᠶᠠᠨ ᠪᠠᠶᠢᠭᠤᠯᠵᠤ᠂ ᠡᠭᠦᠨ ᠤ ᠬᠠᠮᠲᠤ ᠳᠠᠷᠦ᠋ᠢᠬᠠᠨ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠳᠤ ᠮᠡᠳᠡᠭᠦᠯᠵᠦ᠂ ᠰᠢᠨ᠎ᠡ ᠬᠤᠲᠠ ᠲᠣᠭᠤᠷᠢᠭ ᠤᠨ ᠳᠣᠲᠣᠷᠠᠬᠢ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号