ᠬᠤᠷᠢᠨᠭᠡᠷ ᠰᠢᠶᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠥᠪᠡᠷ ᠢ ᠪᠠᠨ ᠪᠠᠶᠢᠴᠠᠭᠠᠵᠣ ᠥᠪᠡᠷ ᠢ ᠪᠠᠨ ᠬᠢᠨᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-28
     5 ᠳ᠋ᠤᠭᠠᠷ ᠰᠠᠷ᠎ᠠ ᠶᠢᠨ 26 ᠤ ᠡᠳᠦᠷ᠂ ᠬᠤᠷᠢᠨᠭᠡᠷ ᠰᠢᠶᠠᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠥᠪᠡᠷ ᠢ ᠪᠠᠨ ᠪᠠᠶᠢᠴᠠᠭᠠᠵᠣ ᠥᠪᠡᠷ ᠢ ᠪᠠᠨ ᠬᠢᠨᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠷᠠᠯ ᠠᠴᠠ ᠡᠮᠦᠨᠡᠬᠢ ᠱᠠᠲᠤᠨ ᠤ ᠥᠪᠡᠷ ᠢ ᠪᠠᠨ ᠪᠠᠶᠢᠴᠠᠭᠠᠵᠣ ᠥᠪᠡᠷ ᠢ ᠪᠠᠨ ᠬᠢᠨᠠᠬᠤ ᠠᠵᠢᠯ ᠤᠨ ᠳᠤᠮᠳᠠ ᠣᠯᠵᠤ ᠮᠡᠳᠡᠭᠰᠡᠨ ᠠᠰᠠᠭᠤᠳᠠᠯ ᠢ ᠵᠠᠳᠠᠯᠤᠨ ᠡᠮᠬᠢᠯᠡᠵᠦ᠂ ᠲᠠᠷᠠᠭᠠᠴᠢ ᠶᠢᠨ ᠱᠠᠲᠤᠨ ᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃      ᠰᠢᠶᠠᠨ ᠤ ᠳᠡᠳ᠋ ᠳᠠᠷᠤᠭ᠎ᠠ ᠵᠠᠩ ᠵᠢᠶᠠᠨ ᠴᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠵᠠᠰᠠᠭ ᠤᠨ ᠣᠷᠳᠣᠨ ᠤ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2015 — 2020 ᠣᠨ︶︾ ᠶᠢᠨ ᠥᠪᠡᠷ ᠢ ᠪᠠᠨ ᠪᠠᠶᠢᠴᠠᠭᠠᠵᠣ ᠥᠪᠡᠷ ᠢ ᠪᠠᠨ ᠬᠢᠨᠠᠬᠤ ᠠᠵᠢᠯ ᠤᠨ ᠬᠠᠷᠢᠭᠤ ᠲᠤᠰᠬᠠᠭᠰᠠᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠬᠢᠪᠠ᠃      ᠵᠠᠩ ᠵᠢᠶᠠᠨ ᠴᠢᠩ ᠵᠢᠭᠠᠵᠤ ᠭᠠᠷᠭᠠᠭᠰᠠᠨ ᠨᠢ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠪᠣᠯ ᠨᠢᠭᠡ ᠵᠦᠢᠯ ᠤᠨ ᠴᠢᠬᠤᠯᠠ ᠠᠵᠢᠯ ᠪᠣᠯᠤᠨ᠎ᠠ᠂ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠡᠷᠬᠡᠪᠰᠢ ᠦᠵᠡᠯ ᠰᠠᠨᠠᠭ᠎ᠠ ᠲᠠᠨᠢᠯᠲᠠ ᠪᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠨᠡ ᠬᠦ ᠠᠵᠢᠯ ᠢ ᠴᠢᠬᠤᠯᠠᠴᠢᠯᠠᠨ ᠦᠵᠡᠬᠦ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠠᠴᠠ ᠲᠣᠭᠲᠠᠭᠠᠭᠰᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠲᠠᠢ ᠬᠠᠷᠢᠴᠠᠭᠤᠯᠵᠤ᠂ ᠪᠦᠬᠦ ᠰᠢᠶᠠᠨ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠥᠪᠡᠷ ᠢ ᠪᠠᠨ ᠪᠠᠶᠢᠴᠠᠭᠠᠵᠣ ᠥᠪᠡᠷ ᠢ ᠪᠠᠨ ᠬᠢᠨᠠᠬᠤ ᠠᠵᠢᠯ ᠢ ᠥᠷᠨᠢᠭᠦᠯᠵᠦ᠂ ᠲᠤᠰᠬᠠᠶ ᠬᠥᠮᠦᠨ ᠲᠣᠮᠢᠯᠠᠨ ᠬᠠᠷᠢᠭᠤᠴᠠᠭᠤᠯᠵᠤ᠂ ᠬᠠᠮᠢᠶ᠎ᠠ ᠪᠦᠬᠦᠢ ᠠᠵᠢᠯ ᠢ ᠨᠠᠷᠢᠨ ᠬᠢᠨᠠᠮᠠᠭᠠᠶ ᠪᠦᠷᠢᠳᠬᠡᠵᠦ᠂ ᠱᠠᠭᠠᠷᠳᠠᠯᠭ᠎ᠠ ᠶᠣᠰᠣᠭᠠᠷ ᠭᠡᠷᠡᠴᠢᠯᠡᠬᠦ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠵᠦ᠂ ᠠᠰᠠᠭᠤᠳᠠᠯ ᠤᠨ ᠳᠤᠲᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠣᠷᠢᠵᠢᠭᠤᠯᠬᠤ ᠶᠢ ᠰᠠᠶᠢᠲᠤᠷ ᠠᠳᠬᠤᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠳᠣᠲᠠᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠬᠡᠷᠡᠭᠲᠡᠢ ᠭᠡᠪᠡ᠃      ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠣᠷᠳᠣᠨ ᠤ ᠠᠯᠪᠠᠨ ᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号