ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠲᠤᠭᠤᠢᠢᠯᠠᠩ ᠬᠤᠪᠢᠶᠠᠵᠤ 3 ᠰᠢᠢᠳᠪᠤᠷᠢ ᠶᠢᠨ ᠲᠦᠰᠦᠯ ᠢ ᠬᠢᠨᠠᠨ ᠵᠦᠪᠯᠡᠵᠡᠢ
ᠨᠡᠶᠢᠲᠡᠯᠡᠭᠰᠡᠨ ᠴᠠᠭ᠄
2020-05-28
 ᠱᠢ ᠲᠠᠢ ᠹᠧᠩ  ᠪᠦ᠋ ᠰᠢᠶᠥᠥ ᠯᠢᠨ ᠯᠢ ᠰᠢᠦ ᠯᠢᠩ ᠬᠢᠨᠠᠨ ᠵᠥᠪᠯᠡᠬᠦ ᠳᠤ ᠣᠷᠣᠯᠴᠠᠪᠠ       5 ᠰᠠᠷ᠎ᠠ ᠶᠢᠨ 27 ᠤ ᠦᠲᠡ ᠶᠢᠨ ᠬᠤᠶᠢᠨ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ  ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠲᠤᠭᠤᠢᠢᠯᠠᠩ ᠬᠤᠪᠢᠶᠠᠬᠰᠠᠨ ᠬᠤᠷᠠᠯ ᠬᠢᠵᠦ᠂ ᠵᠠᠰᠠᠭ ᠤᠨ ᠤᠷᠳᠤᠨ ᠤ ᠠᠵᠢᠯ ᠤᠨ ᠢᠯᠡᠳᠭᠡᠯ᠂ ᠣᠨ ᠤ ᠲᠦᠯᠦᠪᠯᠡᠭᠡ᠂ ᠣᠨ ᠤ ᠲᠦᠰᠦᠪ ᠤᠨ ᠲᠤᠬᠠᠢ 3 ᠰᠢᠢᠳᠪᠤᠷᠢ ᠶᠢᠨ ᠲᠦᠰᠦᠯ ᠢ ᠬᠢᠨᠡᠨ ᠵᠦᠪᠯᠡᠪᠠ᠃      ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠳᠠᠷᠤᠭ᠎ᠠ ᠱᠢ ᠲᠠᠢ ᠹᠧᠩ᠂ ᠪᠦᠯᠬᠦᠮ ᠤᠨ ᠲᠡᠳ᠋ ᠳᠠᠷᠤᠭ᠎ᠠ ᠪᠦ᠋ ᠰᠢᠶᠤᠤ ᠯᠢᠨ᠂ ᠯᠢ ᠰᠢᠦ ᠯᠢᠩ ᠬᠢᠨᠠᠨ ᠵᠦᠪᠯᠡᠬᠦ ᠳᠤ ᠤᠷᠤᠯᠴᠠᠵᠠᠢ᠃ ᠪᠦᠯᠬᠦᠮ ᠤᠨ ᠲᠡᠳ᠋ ᠳᠠᠷᠤᠭ᠎ᠠ ᠨᠠᠰᠤᠨᠮᠦ᠋ᠩᠭᠡ᠂ ᠸᠠᠩ ᠪᠦᠸᠧ ᠲᠤᠰ ᠲᠤᠰ ᠲᠤᠭᠤᠢᠢᠯᠠᠩ ᠬᠤᠪᠢᠶᠠᠬᠰᠠᠨ ᠬᠤᠷᠠᠯ ᠢ ᠡᠷᠬᠢᠯᠡᠬᠦ ᠶᠢᠨ ᠬᠠᠮᠳᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠲᠤᠭᠤᠷᠪᠢᠬᠤ ᠲᠤᠭᠤᠢᠢᠯᠠᠩ ᠤᠨ ᠦᠪᠦᠷ  ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠵᠠᠰᠠᠪᠤᠷᠢ ᠤᠷᠤᠭᠤᠯᠬᠤ ᠰᠠᠨᠠᠯ ᠰᠠᠨᠠᠭᠤᠯᠭ᠎ᠠ ᠶᠢ ᠬᠦᠯᠢᠶᠠᠨ ᠠᠪᠤᠬᠰᠠᠨ ᠪᠠᠶᠢᠳᠠᠯ ᠤᠨ ᠲᠤᠬᠠᠢ ᠲᠤᠳᠤᠷᠬᠠᠢᠢᠯᠠᠯᠳᠠ ᠶᠢ ᠤᠡᠭᠰᠢᠪᠠ᠃ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠲᠤᠪᠴᠢ ᠮᠡᠳᠡᠭᠡ ᠶᠢᠨ ᠲᠤᠭᠤᠢᠢᠯᠠᠩ ᠤᠨ ᠨᠦᠬᠦᠳ ᠬᠤᠷᠠᠯ ᠳᠤ ᠤᠷᠤᠯᠴᠠᠵᠤ ᠰᠠᠨᠠᠯ ᠢ ᠰᠤᠨᠤᠰᠴᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号