ᠡᠬᠡ ᠣᠯᠣᠰ ᠤᠨ ᠣᠮᠠᠷᠠᠳᠣ ᠬᠢᠯᠢ ᠶᠢᠨ ᠠᠮᠣᠷ ᠳᠣᠭᠳᠠᠭᠤᠨ ᠤ ᠬᠠᠯᠬᠠᠪᠴᠢ ᠶᠢ ᠪᠠᠳᠣ ᠴᠣᠭᠴᠠᠯᠠᠨ᠎ᠠ
ᠨᠡᠶᠢᠲᠡᠯᠡᠭᠰᠡᠨ ᠴᠠᠭ᠄
2020-05-28
       — ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠦᠪᠡᠷᠳᠡᠭᠡᠨ ᠵᠠᠰᠠᠬᠤ ᠤᠷᠤᠨ ᠤ             ᠨᠡᠶᠢᠭᠡᠮ ᠤᠨ ᠡᠯ᠎ᠡ ᠡᠳᠡᠭᠡᠳ ᠤᠨ ᠲᠤᠮᠳᠠ ᠴᠢᠩᠭ᠎ᠠ ᠲᠤᠰᠬᠠᠯ ᠭᠠᠷᠪᠠ      ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ  ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠬᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠮᠠᠨ ᠤ ᠤᠷᠤᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠺᠠᠳ᠋ᠷ ᠴᠠᠭᠳᠠᠭ᠎ᠠ ᠨᠠᠷ ᠤᠨ  ᠲᠤᠮᠳᠠ ᠬᠠᠯᠠᠭᠤᠨ ᠲᠤᠰᠬᠠᠯ ᠭᠠᠷᠪᠠ᠃ ᠤᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠬᠢᠵᠢᠭ ᠤᠨ ᠪᠠᠶᠢᠳᠠᠯ ᠠᠴᠠ ᠪᠤᠯᠤᠬᠰᠠᠨ ᠠᠰᠢᠬ ᠦᠬᠡᠢ ᠨᠥᠯᠥᠭᠡ ᠶᠢ ᠡᠷᠡᠰ ᠢᠯᠠᠨ ᠲᠠᠪᠠᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠳᠦ ᠢᠯᠠᠯᠳᠠ ᠶᠢ ᠤᠯᠬᠤ ᠳᠤ ᠴᠢᠭᠯᠡᠯ ᠢ ᠵᠢᠭᠠᠨ ᠦᠭᠴᠡᠢ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠳᠠᠢ ᠲᠦᠯᠦᠪᠵᠢᠬᠦᠯᠬᠦ ᠠᠵᠢᠯ ᠢ ᠰᠠᠶᠢᠳᠤᠷ ᠬᠢᠬᠦ ᠠᠮᠢᠳᠤᠯᠢᠬ ᠦᠢᠯᠡᠳᠦᠯᠬᠡ ᠪᠤᠯᠭᠠᠨ ᠬᠤᠪᠢᠷᠠᠭᠤᠯᠵᠤ᠂ ᠡᠬᠡ ᠣᠯᠣᠰ ᠤᠨ ᠣᠮᠠᠷᠠᠳᠣ ᠬᠢᠯᠢ ᠶᠢᠨ ᠠᠮᠣᠷ ᠳᠣᠭᠳᠠᠭᠤᠨ ᠤ ᠬᠠᠯᠬᠠᠪᠴᠢ ᠶᠢ ᠪᠠᠳᠣ ᠴᠣᠭᠴᠠᠯᠠᠬᠤ ᠳᠤ ᠢᠳᠡᠪᠬᠢᠳᠡᠢ ᠬᠤᠪᠢ ᠨᠡᠮᠡᠷᠢ ᠪᠠᠨ ᠦᠵᠡᠭᠦᠯᠦᠨ᠎ᠡ ᠬᠡᠵᠦ ᠰᠠᠨᠠᠯ ᠨᠢᠬᠡᠳᠡᠢ ᠢᠯᠡᠷᠬᠡᠶᠢᠯᠡᠵᠡᠭᠡᠨ᠎ᠡ᠃      ᠪᠠᠢ ᠵᠢᠩ ᠪᠣᠯ ᠬᠥᠬᠡᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠢᠷᠬᠡᠨ ᠤ ᠬᠡᠷᠡᠭ ᠵᠠᠰᠠᠬ ᠵᠠᠬᠢᠷᠭᠠᠨ ᠤ ᠬᠡᠷᠡᠭ ᠢ ᠪᠠᠶᠢᠴᠠᠭᠠᠬᠤ ᠭᠠᠵᠠᠷ ᠤᠨ ᠲᠡᠳ᠋ ᠳᠠᠷᠤᠭ᠎ᠠ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠲᠤᠬᠤ ᠪᠣᠳᠣᠯᠭ᠎ᠠ ᠶᠢᠨ ᠲᠤᠭᠲᠠᠯ ᠬᠦᠴᠦᠨ ᠢᠶᠠᠨ ᠪᠠᠳᠤᠯᠠᠵᠤ᠂ ᠠᠮᠢ ᠠᠬᠤᠢ ᠶᠢ ᠤᠷᠢᠳ ᠢᠶᠠᠷ ᠪᠤᠲᠤᠯᠬᠢᠯᠠᠵᠤ ᠪᠤᠬᠢᠷᠲᠤᠯ ᠦᠭᠡᠢ ᠪᠠᠷ ᠬᠦᠭᠵᠢᠭᠦᠯᠬᠦ ᠤᠲᠤᠷᠢᠲᠤᠮᠵᠢ ᠶᠢ ᠪᠠᠲᠤ ᠪᠤᠢ ᠪᠤᠯᠭᠠᠨ᠂ ᠬᠦᠭᠡ ᠤᠭᠳᠠᠷᠭᠤᠢ᠂ ᠬᠦᠭᠡᠮᠲᠦᠭ ᠤᠰᠤ᠂ ᠠᠷᠢᠭᠤᠨ ᠬᠦᠷᠦᠰᠦ ᠶᠢ ᠬᠠᠮᠠᠭᠠᠯᠠᠬᠤ ᠲᠠᠶᠢᠯᠠᠯᠲᠤᠭᠠᠠ ᠢ ᠦᠷᠬᠦᠯᠵᠢᠯᠠᠠ ᠰᠠᠶᠢᠳᠦᠷ ᠬᠢᠬᠦ ᠬᠡᠷᠡᠭᠳᠡᠢ ᠬᠡᠳᠡᠭ ᠴᠢᠬᠤᠯᠠ ᠵᠢᠭᠠᠪᠤᠷᠢ ᠨᠢ ᠲᠡᠭᠦᠨ ᠢ ᠲᠤᠶᠢᠯ ᠤᠨ ᠶᠡᠭᠡ ᠪᠠᠷ ᠲᠤᠬᠳᠤᠯᠤᠭᠤᠯᠵᠠᠢ᠃ ᠨᠡᠩ ᠴᠤ ᠲᠡᠬᠦᠨ ᠤ ᠪᠠᠶᠢᠴᠠᠭᠠᠬᠤ ᠠᠵᠢᠯ ᠢᠶᠠᠨ ᠨᠡᠩ ᠰᠠᠶᠢᠳᠤᠷ ᠬᠢᠵᠦ᠂ ᠬᠦᠬᠡ ᠤᠬᠳᠠᠷᠭᠤᠢ ᠬᠦᠬᠡᠮᠳᠦᠭ ᠤᠰᠤ ᠶᠢ ᠬᠠᠮᠠᠭᠠᠯᠠᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠬᠦᠬᠦ ᠡᠷᠴᠢ ᠵᠤᠷᠢᠬ ᠢ ᠨᠢ ᠬᠦᠪᠴᠢᠯᠡᠭᠰᠡᠨ ᠪᠠᠶᠢᠯ᠎ᠠ᠃      ᠪᠠᠢ ᠵᠢᠩ 2015 ᠣᠨ ᠠᠴᠠ ᠡᠬᠢᠯᠡᠨ ᠨᠡᠶᠢᠳᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠬᠢᠵᠦ᠂ ᠠᠮᠢ ᠠᠬᠤᠢ ᠣᠷᠴᠢᠨ ᠲᠤᠭᠤᠷᠢᠨ ᠤ ᠬᠦᠷᠢᠶᠡᠨ ᠳᠤ ᠵᠠᠰᠠᠬ ᠵᠠᠬᠢᠷᠭᠠᠨ ᠤ ᠨᠡᠶᠢᠳᠡ ᠶᠢᠨ ᠠᠰᠠᠷᠠᠮᠵᠢ ᠶᠢᠨ ᠵᠠᠷᠭᠤ ᠬᠢᠵᠦ ᠮᠠᠰᠢ ᠰᠠᠶᠢᠨ ᠦᠷ᠎ᠡ ᠪᠦᠳᠦᠮᠵᠢ ᠤᠯᠪᠠ᠃ ᠬᠦᠬᠡᠬᠤᠳᠠ ᠶᠢᠨ ᠪᠠᠶᠢᠴᠠᠭᠠᠬᠤ ᠪᠠᠶᠢᠭᠤᠯᠭ᠎ᠠ ᠨᠡᠶᠢᠳᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢᠶᠠᠷ ᠲᠠᠮᠵᠢᠨ ᠲᠠᠯᠠᠨ ᠬᠠᠷ᠎ᠠ ᠠᠭᠤᠯᠠᠨ ᠤ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠳᠣᠲᠣᠷ᠎ᠠ ᠬᠠᠤᠯᠢ ᠪᠤᠰᠤ ᠪᠠᠷ ᠠᠭᠤᠷᠬᠠᠢ ᠮᠠᠯᠳᠠᠬᠰᠠᠨ 51 ᠠᠵᠤ ᠠᠬᠤᠢᠢᠯᠡᠯ ᠢ ᠱᠠᠯᠠᠪᠳᠠᠭᠤᠯᠤᠨ ᠠᠷᠢᠯᠭᠠᠨ ᠴᠡᠪᠡᠷᠯᠡᠵᠡᠢ᠃ ︽ᠪᠢᠳᠡ ᠪᠠᠶᠢᠴᠠᠭᠠᠬᠴᠢ ᠲᠤᠰᠢᠶᠠᠯᠳᠠᠨ ᠪᠤᠯᠤᠬᠰᠠᠨ ᠤ ᠬᠤᠪᠢ ᠳᠤ ᠡᠬᠦᠷᠬᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠬᠦᠢᠴᠡᠳᠬᠡᠵᠦ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠨᠡᠩ ᠰᠠᠶᠢᠳᠤᠷ ᠬᠢᠵᠤ᠂ ᠬᠦᠬᠡ ᠤᠬᠳᠠᠷᠭᠤᠢ᠂ ᠬᠦᠬᠡᠮᠳᠦᠭ ᠤᠰᠤ᠂ ᠠᠷᠢᠭᠤᠨ ᠬᠦᠷᠦᠰᠦ ᠶᠢ ᠬᠠᠮᠠᠭᠠᠯᠠᠬᠤ ᠲᠠᠶᠢᠯᠠᠯᠳᠤᠭᠠᠨ ᠢ ᠰᠠᠶᠢᠳᠤᠷ ᠬᠢᠬᠦ ᠳᠤ ᠦᠪᠡᠷ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠪᠠᠷ ᠴᠢᠷᠮᠠᠶᠢᠨ᠎ᠠ︾ ᠭᠡᠵᠦ ᠪᠠᠢ ᠵᠢᠩ ᠬᠡᠯᠡᠨ᠎ᠡ᠃      ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠣ᠂ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠬᠤ ᠲᠣᠭᠲᠠᠴᠠ ᠶᠢ ᠲᠡᠬᠦᠯᠳᠡᠷᠵᠢᠬᠦᠯᠵᠤ᠂ ᠬᠢᠵᠢᠭ ᠤᠨ ᠲᠠᠬᠢᠨ ᠬᠡᠴᠡᠭᠦᠳᠡᠬᠦ ᠪᠠᠶᠢᠳᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠳᠤᠯᠠᠬᠤ ᠭᠡᠷᠡᠭᠳᠠᠢ ᠬᠡᠰᠡᠨ ᠴᠢᠬᠤᠯᠠ ᠵᠢᠭᠠᠪᠤᠷᠢ ᠨᠢ ᠦᠴᠤᠸᠠᠨ ᠰᠢᠶᠠᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠬᠦᠬᠡ ᠡᠷᠬᠢ ᠪᠠᠯᠭᠠᠰᠤᠨ ᠳᠠᠬᠢ ᠲᠤᠮᠢᠯᠠᠬᠰᠠᠨ ᠰᠠᠯᠪᠤᠷᠢ ᠶᠢᠨ ᠴᠠᠭᠳᠠᠭ᠎ᠠ ᠵᠠᠩ ᠢ ᠳᠤ ᠬᠦᠨᠵᠡᠭᠡᠢ ᠰᠠᠭᠤᠬᠳᠠᠯ ᠦᠯᠡᠳᠡᠬᠡᠵᠡᠢ᠃ ᠵᠠᠩ ᠢ 2018 ᠣᠨ ᠳᠤ ᠲᠤᠳᠤᠭᠠᠳᠤ ᠶᠢ ᠬᠠᠮᠠᠭᠠᠯᠠᠬᠤ ᠠᠵᠢᠯ ᠳᠤ ᠤᠷᠤᠯᠴᠠᠵᠤ ᠠᠷᠠᠳ ᠤᠨ ᠴᠠᠭᠳᠠᠭ᠎ᠠ ᠪᠣᠯᠣᠭᠰᠠᠨ ᠶᠤᠮ᠃ ᠲᠡᠷᠡ ᠲᠤᠳᠤᠭᠠᠳᠤ ᠶᠢ ᠬᠠᠮᠠᠭᠠᠯᠠᠬᠤ ᠠᠵᠢᠯ ᠳᠤ ᠭᠠᠷᠤᠭᠠᠳ ᠬᠠᠷᠠᠬᠠᠨ ᠬᠤᠶᠠᠷ ᠵᠢᠯ ᠪᠤᠯᠤᠭᠠᠳᠤᠢ ᠴᠤ ᠬᠢᠵᠢᠭ ᠲᠠᠢ ᠲᠡᠮᠡᠴᠡᠬᠦ ᠠᠵᠢᠯ ᠳᠤ ᠭᠠᠷᠮᠠᠭᠠᠢᠢᠯᠠᠨ ᠣᠷᠣᠯᠴᠠᠭᠰᠠᠨ ᠪᠠᠶᠢᠯ᠎ᠠ᠃ ︽ᠤᠳᠤᠬᠠᠨ ᠳᠤ ᠬᠢᠵᠢᠭ ᠤᠨ ᠪᠠᠶᠢᠳᠠᠯ ᠢᠯᠡᠷᠬᠡᠢ ᠨᠠᠮᠳᠠᠭᠰᠠᠨ ᠴᠦ ᠪᠢᠳᠠ ᠶᠠᠭᠠᠬᠢᠭᠰᠠᠨ ᠴᠦ ᠰᠣᠨᠣᠷ ᠰᠡᠷᠡᠮᠵᠢ ᠪᠠᠨ ᠰᠤᠯᠠᠷᠠᠭᠤᠯᠵᠤ ᠪᠤᠯᠬᠤ ᠦᠬᠡᠢ᠂ ᠵᠠᠯᠠᠭᠤ ᠴᠠᠭᠳᠠᠭ᠎ᠠ ᠪᠤᠯᠤᠬᠰᠠᠨ ᠤ ᠬᠤᠪᠢ ᠳᠤ ᠪᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠰᠠᠶᠢᠳᠤᠷ ᠰᠤᠷᠤᠯᠴᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠬᠤ ᠳᠤ ᠵᠠᠯᠠᠭᠤ ᠨᠠᠰᠤᠨ ᠤ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠳᠤ ᠪᠡᠯᠡᠬᠡᠨ ᠪᠠᠶᠢᠨ᠎ᠠ︾ ᠬᠡᠵᠦ ᠵᠠᠩ ᠢ ᠢᠳᠡᠬᠡᠯ ᠲᠡᠬᠦᠯᠳᠡᠷ ᠬᠡᠯᠡᠨ᠎ᠡ᠃      ︽ᠡᠷᠬᠡᠪᠰᠢ ᠠᠷᠠᠳ ᠲᠦᠮᠡᠨ ᠢ ᠲᠡᠬᠡᠳᠤᠯᠡᠬᠦ᠂ ᠠᠷᠠᠳ ᠲᠦᠮᠡᠨ ᠢ ᠨᠢᠬᠳᠠ ᠲᠦᠰᠢᠭᠯᠡᠬᠦ᠂ ᠠᠷᠠᠳ ᠲᠦᠮᠡᠨ ᠳᠤ ᠲᠠᠰᠤᠷᠠᠯᠳᠡ ᠦᠬᠡᠢ ᠪᠤᠶᠠᠨ ᠦᠢᠯᠡᠳᠬᠦ᠂ ᠠᠷᠠᠳ ᠲᠦᠮᠡᠨ ᠤ ᠲᠤᠮᠳᠠ ᠪᠠᠳᠤ ᠦᠨᠳᠦᠰᠦᠯᠡᠬᠦ ᠶᠢ ᠪᠠᠷᠢᠮᠳᠠᠯᠠᠬᠤ ᠶᠢᠨ ᠬᠠᠮᠳᠤ᠂ ᠡᠯ᠎ᠡ ᠵᠦᠢᠯ ᠤᠨ ᠰᠢᠢᠳᠪᠤᠷᠢᠳᠤ ᠪᠣᠳᠣᠯᠭ᠎ᠠ ᠪᠠ ᠪᠤᠳᠠᠳᠠᠢ ᠠᠵᠢᠯ ᠳᠠᠭᠠᠨ ᠨᠠᠶᠢᠳᠠᠪᠤᠷᠢᠵᠢᠭᠤᠯᠬᠤ ᠬᠡᠷᠡᠭᠳᠡᠢ︾᠃ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠢ ᠪᠦᠬᠦ ᠣᠷᠣᠨ ᠤ ᠡᠯ᠎ᠡ ᠱᠠᠳᠣᠨ ᠤ ᠰᠢᠭᠦᠬᠦ ᠬᠤᠷᠢᠶᠠᠨ ᠤ ᠰᠢᠰᠲ᠋ᠧᠮ ᠤᠨ ᠺᠠᠳ᠋ᠷ ᠴᠠᠭᠳᠠᠭ᠎ᠠ ᠨᠠᠷ ᠤᠨ ᠳᠣᠮᠳᠠ ᠴᠢᠩᠭ᠎ᠠ ᠳᠣᠰᠬᠠᠯ ᠭᠠᠷᠴᠠᠢ᠃ ︽ᠰᠢᠭᠦᠭᠴᠢ ᠲᠤᠰᠢᠶᠠᠯᠲᠠᠨ ᠪᠣᠯᠤᠭᠰᠠᠨ ᠪᠢᠳᠡ ︿ᠬᠠᠤᠯᠢ ᠪᠠᠷᠢᠭᠰᠠᠨ ᠬᠡᠷᠡᠭ ᠪᠣᠯᠭᠠᠨ ᠠᠴᠠ ᠠᠷᠠᠳ ᠣᠯᠠᠨ ᠳᠤ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠭᠦᠯᠬᠦ﹀ ᠬᠠᠷᠠᠯᠲᠠ ᠶᠢᠨ ᠲᠣᠭᠤᠷᠢᠨ ᠳᠤ ᠠᠷᠠᠳ ᠤᠨ ᠲᠥᠯᠥᠭᠡ ᠬᠠᠤᠯᠢ ᠪᠠᠷᠢᠬᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠪᠠᠷᠢᠮᠲᠠᠯᠠᠨ᠂ ᠠᠷᠠᠳ ᠣᠯᠠᠨ ᠤ ᠬᠠᠤᠯᠢ ᠴᠠᠭᠠᠵᠠ ᠶᠢᠨ ᠰᠢᠨ᠎ᠡ ᠬᠡᠷᠡᠭᠴᠡᠭᠡ ᠳᠤ ᠢᠳᠡᠪᠬᠢᠲᠡᠢ ᠬᠠᠷᠢᠭᠤᠯᠲᠠ ᠥᠭᠴᠦ᠂ ᠠᠷᠠᠳ ᠤᠨ ᠲᠥᠯᠥᠭᠡ ᠬᠠᠤᠯᠢ ᠪᠠᠷᠢᠬᠤ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠤᠨ᠂ ᠠᠷᠠᠳ ᠤᠯᠠᠨ ᠤ ᠬᠠᠨᠣᠮᠵᠢ ᠶᠢᠨ ᠬᠡᠮᠵᠢᠶ᠎ᠡ᠂ ᠬᠦᠷᠲᠡᠮᠵᠢ  ᠶᠢᠨ ᠲᠦᠷᠦᠭᠳᠡᠯ ᠢ ᠴᠢᠷᠮᠠᠶᠢᠨ ᠳᠡᠭᠡᠭᠰᠢᠯᠡᠭᠦᠯᠦᠨ᠎ᠡ︾ ᠭᠡᠵᠤ ᠰᠢᠭᠦᠭᠴᠢ ᠲᠤᠰᠢᠶᠠᠯᠲᠠᠳ ᠰᠡᠳᠬᠢᠯ ᠨᠢᠭᠡᠲᠡᠢ ᠶᠠᠷᠢᠵᠠᠭᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号