ᠮᠠᠨ ᠤ ᠬᠤᠲᠠ ᠳᠤᠮᠳᠠᠳᠤ ᠪᠠᠭ᠎ᠠ ᠰᠤᠷᠭᠠᠭᠤᠯᠢ ᠶᠢᠨ ᠰᠢᠮ᠎ᠡ ᠲᠡᠵᠢᠭᠡᠯᠲᠦ ᠬᠤᠭᠤᠯᠠ ᠲᠣᠬᠢᠷᠠᠭᠤᠯᠤᠨ ᠬᠦᠷᠭᠡᠬᠦ ᠠᠵᠢᠯ ᠤᠨ ᠭᠡᠷ ᠤᠨ ᠠᠬᠠᠮᠠᠳ ᠤᠨ ᠰᠠᠭᠤᠳᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-28
      5 ᠳ᠋ᠤᠭᠠᠷ ᠰᠠᠷ᠎ᠠ ᠶᠢᠨ 27 ᠤ ᠡᠳᠦᠷ᠂ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠢᠮ᠎ᠡ ᠲᠡᠵᠢᠭᠡᠯᠲᠦ ᠬᠤᠭᠤᠯᠠ ᠲᠣᠬᠢᠷᠠᠭᠤᠯᠤᠨ ᠬᠦᠷᠭᠡᠬᠦ ᠠᠵᠢᠯ ᠤᠨ ᠭᠡᠷ ᠤᠨ ᠠᠬᠠᠮᠠᠳ ᠤᠨ ᠰᠠᠭᠤᠳᠠᠯ ᠤᠨ ᠬᠤᠷᠠᠯ ᠬᠤᠷᠠᠯᠳᠤᠪᠠ᠃ ᠪᠦᠬᠦ ᠬᠤᠲᠠ ᠶᠢᠨ ᠡᠯ᠎ᠡ ᠬᠤᠭᠤᠯᠠ  ᠲᠣᠬᠢᠷᠠᠭᠤᠯᠤᠨ ᠬᠦᠷᠭᠡᠬᠦ ᠰᠤᠷᠭᠠᠭᠤᠯᠢ ᠶᠢᠨ ᠭᠡᠷ ᠤᠨ ᠠᠬᠠᠮᠠᠳ ᠤᠨ ᠲᠥᠯᠥᠭᠡᠯᠡᠭᠴᠢ ᠳᠥᠴᠢᠨ ᠬᠡᠳᠦᠨ ᠬᠥᠮᠥᠨ ᠵᠢᠴᠢ ᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠰᠠᠭᠤᠳᠠᠯ ᠤᠨ ᠬᠤᠷᠠᠯ ᠳᠤ ᠣᠷᠣᠯᠴᠠᠪᠠ᠃      ᠬᠤᠲᠠ ᠶᠢᠨ ᠳᠡᠳ᠋ ᠳᠠᠷᠤᠭ᠎ᠠ ᠴᠢᠶᠥᠥ ᠶᠦᠨ ᠯᠢ ᠰᠠᠭᠤᠳᠠᠯ ᠤᠨ ᠬᠤᠷᠠᠯ ᠢ ᠡᠷᠬᠢᠯᠡᠪᠡ᠃      ᠨᠢᠳᠤᠨᠤᠨ ᠤ 9 ᠳ᠋ᠦ᠋ᠭᠡᠷ ᠰᠠᠷ᠎ᠠ ᠠᠴᠠ ᠡᠬᠢᠯᠡᠨ ᠮᠠᠨ ᠤ ᠬᠤᠲᠠ ᠶᠢᠨ ᠬᠢᠨ ᠬᠤᠲᠠ ᠶᠢᠨ ᠳᠥᠷᠪᠡᠨ ᠲᠣᠭᠤᠷᠢᠭ ᠤᠨ 9 ᠳᠤᠮᠳᠠᠳᠤ ᠪᠠᠭ᠎ᠠ ᠰᠤᠷᠭᠠᠭᠤᠯᠢ ᠳᠤ ᠰᠢᠮ᠎ᠡ ᠲᠡᠵᠢᠭᠡᠯᠲᠦ ᠬᠤᠭᠤᠯᠠ  ᠲᠣᠬᠢᠷᠠᠭᠤᠯᠤᠨ ᠬᠦᠷᠭᠡᠬᠦ ᠲᠤᠷᠰᠢᠯᠲᠠ ᠶᠢᠨ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ ᠰᠤᠷᠭᠠᠭᠤᠯᠢ ᠳᠡᠭᠡᠷ᠎ᠡ ᠪᠠᠨ ᠬᠤᠭᠤᠯᠠ ᠢᠳᠡᠵᠦ ᠪᠠᠶᠢᠭ᠎ᠠ  ᠰᠤᠷᠤᠭᠴᠢ ᠶᠢᠨ ᠲᠤᠭ᠎ᠠ ᠬᠠᠷᠢᠴᠠᠩᠭᠤᠢ ᠲᠣᠭᠲᠠᠭᠤᠨ ᠪᠠᠶᠢᠵᠤ᠂ ᠬᠤᠭᠤᠯᠠ ᠲᠣᠬᠢᠷᠠᠭᠤᠯᠤᠨ ᠬᠦᠷᠭᠡᠬᠦ ᠶᠢ ᠡᠬᠢᠯᠡᠭᠦᠯᠬᠦ ᠰᠤᠷᠭᠠᠭᠤᠯᠢ ᠲᠠᠰᠤᠷᠠᠯᠲᠠ ᠦᠭᠡᠢ ᠨᠡᠮᠡᠭᠳᠡᠨ᠂ ᠣᠳᠣ ᠪᠣᠯᠬᠤ ᠳᠤ ᠨᠢᠭᠡᠨᠲᠡ 66 ᠳᠤᠮᠳᠠᠳᠤ ᠪᠠᠭ᠎ᠠ ᠰᠤᠷᠭᠠᠭᠤᠯᠢ ᠬᠤᠭᠤᠯᠠ ᠲᠣᠬᠢᠷᠠᠭᠤᠯᠤᠨ ᠬᠦᠷᠭᠡᠬᠦ ᠳᠤ ᠣᠷᠣᠯᠴᠠᠵᠤ᠂ ᠬᠤᠭᠤᠯᠠ ᠲᠣᠬᠢᠷᠠᠭᠤᠯᠤᠨ ᠬᠦᠷᠭᠡᠬᠦ ᠠᠵᠢᠯ ᠢ ᠶᠠᠭ ᠲᠣᠭᠲᠠᠭᠤᠨ ᠢᠶᠠᠷ ᠠᠬᠢᠭᠤᠯᠵᠤ ᠪᠠᠶᠢᠨ᠎ᠠ᠃      ᠰᠠᠭᠤᠳᠠᠯ ᠤᠨ ᠬᠤᠷᠠᠯ ᠳᠡᠭᠡᠷ᠎ᠡ᠂ ᠭᠡᠷ ᠤᠨ ᠠᠬᠠᠮᠠᠳ ᠪᠤᠳᠤᠵᠤ ᠰᠠᠨᠠᠭᠰᠠᠨ ᠢᠶᠠᠨ ᠰᠢᠭᠤᠳ ᠶᠠᠷᠢᠵᠤ᠂ ᠣᠳᠣᠬᠠᠨ ᠤ ᠬᠤᠭᠤᠯᠠ ᠲᠣᠬᠢᠷᠠᠭᠤᠯᠤᠨ ᠬᠦᠷᠭᠡᠵᠦ ᠪᠠᠶᠢᠭ᠎ᠠ ᠪᠠᠶᠢᠳᠠᠯ᠂ ᠬᠤᠭᠤᠯᠠ ᠪᠤᠳᠠᠭᠠᠨ ᠤ ᠴᠢᠨᠠᠷ᠂ ᠣᠷᠣᠰᠢᠵᠤ ᠪᠠᠶᠢᠭ᠎ᠠ ᠠᠰᠠᠭᠤᠳᠠᠯ᠂ ᠭᠡᠷ ᠤᠨ ᠠᠬᠠᠮᠠᠳ ᠤᠨ ᠰᠠᠨᠠᠭᠠᠰᠢᠷᠠᠯ ᠪᠠ ᠡᠷᠡᠭᠡᠯᠵᠡᠯ ᠵᠢᠴᠢ ᠳᠠᠷᠠᠭᠠᠴᠢ ᠶᠢᠨ ᠠᠯᠬᠤᠮ ᠳᠤ ᠴᠢᠷᠮᠠᠶᠢᠬᠤ ᠴᠢᠭᠯᠡᠯ ᠵᠡᠷᠭᠡ ᠲᠠᠯ᠎ᠠ ᠪᠠᠷ ᠥᠪᠡᠷ ᠥᠪᠡᠷ ᠤᠨ ᠰᠠᠨᠠᠯ ᠰᠠᠨᠠᠭᠤᠯᠭ᠎ᠠ ᠪᠠᠨ ᠶᠠᠷᠢᠪᠠ᠃      ᠣᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠴᠢᠶᠥᠥ ᠶᠦᠨ ᠯᠢ ᠬᠡᠯᠡᠬᠦ ᠳᠡᠭᠡᠨ᠂ ᠳᠤᠮᠳᠠᠳᠤ ᠪᠠᠭ᠎ᠠ ᠰᠤᠷᠭᠠᠭᠤᠯᠢ ᠳᠤ ᠰᠢᠮ᠎ᠡ ᠲᠡᠵᠢᠭᠡᠯᠲᠦ ᠬᠤᠭᠤᠯᠠ ᠲᠣᠬᠢᠷᠠᠭᠤᠯᠤᠨ ᠬᠦᠷᠭᠡᠬᠦ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠰᠤᠷᠭᠠᠭᠤᠯᠢ᠂ ᠪᠠᠭᠰᠢ᠂ ᠭᠡᠷ ᠤᠨ ᠠᠬᠠᠮᠠᠳ ᠪᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠲᠠ ᠬᠠᠮᠵᠢᠯᠴᠠᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠠᠰᠤᠷᠠᠯᠲᠠ ᠦᠭᠡᠢ ᠬᠠᠷᠢᠯᠴᠠᠵᠤ᠂ ᠲᠣᠬᠢᠷᠠᠭᠤᠯᠤᠯᠲᠠ ᠬᠢᠵᠦ ᠲᠡᠭᠦᠯᠳᠡᠷᠵᠢᠬᠦᠯᠦᠨ᠂ ᠣᠷᠣᠰᠢᠵᠤ ᠪᠠᠶᠢᠭ᠎ᠠ ᠠᠰᠠᠭᠤᠳᠠᠯ ᠢ ᠰᠠᠶᠢᠬᠠᠨ ᠰᠢᠢᠳᠪᠦᠷᠢᠯᠡᠨ᠂ ᠲᠣᠬᠢᠷᠠᠭᠤᠯᠤᠨ ᠬᠦᠷᠭᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠤᠭᠴᠢ᠂ ᠭᠡᠷ ᠤᠨ ᠠᠬᠠᠮᠠᠳ ᠪᠠ ᠨᠡᠶᠢᠭᠡᠮ ᠤᠨ ᠬᠠᠨᠤᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号