ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠰᠢᠨ᠎ᠡ ᠬᠤᠲᠠ ᠲᠣᠭᠤᠷᠢᠭ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2020-05-29
     5 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠶᠢᠨ ᠫᠢᠩ ᠠᠩᠭᠢ ᠳᠠᠭᠠᠭᠤᠯᠤᠨ ᠰᠢᠨ᠎ᠡ ᠬᠤᠲᠠ ᠲᠣᠭᠤᠷᠢᠭ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠪᠠᠶᠢᠳᠠᠯ ᠢ ᠰᠢᠮᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠰᠣᠶᠣᠯ ᠰᠤᠨᠢᠨ ᠮᠡᠳᠡᠭᠡ ᠷᠠᠳᠢᠣ᠋ ᠲᠧᠯᠸᠢᠰ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠠᠨ ᠢ᠂ ᠳᠡᠳ᠋ ᠳᠠᠷᠤᠭ᠎ᠠ ᠶᠦᠨ ᠯᠢ ᠴᠢᠨ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢᠨ ᠭᠦᠸᠧ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠷᠢᠳ ᠬᠤᠵᠢᠳ ᠤᠮᠠᠷᠠᠲᠤ ᠣᠷᠣᠨ ᠤ ᠲᠠᠪᠢ ᠶᠢᠰᠦᠳᠦᠭᠡᠷ ᠠᠷᠮᠢ ᠶᠢᠨ ᠶᠠᠫᠤᠨ ᠢ ᠡᠰᠡᠷᠭᠦᠴᠡᠵᠦ ᠦᠷᠡᠭᠳᠡᠭᠰᠡᠨ ᠪᠠᠶᠢᠯᠳᠤᠭᠴᠢᠳ ᠤᠨ ᠳᠤᠷᠠᠰᠬᠠᠯ ᠤᠨ ᠬᠦᠰᠢᠶ᠎ᠡ᠂ ᠲᠠᠶᠢᠴᠢᠩ ᠣᠷᠳᠣᠨ᠂ ᠰᠤᠮᠤ ᠶᠢᠨ ᠵᠠᠩᠭᠢ ᠶᠢᠨ ᠶᠠᠮᠤᠨ᠂ ᠰᠦᠢᠶᠤᠸᠠᠨ ᠬᠤᠳᠠ ᠶᠢᠨ ᠬᠡᠷᠡᠮ ᠤᠨ ᠬᠠᠭᠤᠴᠢᠨ ᠪᠠᠭᠤᠷᠢ ᠪᠣᠯᠤᠨ ᠭᠦᠩᠵᠦ ᠶᠢᠨ ᠣᠷᠳᠣᠨ ᠳᠤ ᠬᠦᠷᠴᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠶᠢᠨ ᠠᠵᠢᠯ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠡᠯ᠎ᠡ ᠲᠥᠷᠥᠯ ᠤᠨ ᠲᠡᠤᠬᠡ ᠶᠢᠨ ᠡᠷᠲᠡᠨ ᠤ ᠪᠠᠷᠢᠯᠭ᠎ᠠ ᠶᠢ ᠰᠡᠯᠪᠢᠨ ᠵᠠᠰᠠᠬᠤ᠂ ᠨᠡᠭᠡᠭᠡᠯᠲᠡ ᠬᠢᠬᠦ ᠪᠠ ᠡᠳᠦᠷ ᠲᠤᠲᠤᠮ ᠤᠨ ᠬᠠᠮᠠᠭᠠᠯᠠᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠭᠤᠤᠯ ᠠᠰᠠᠭᠤᠳᠠᠯ ᠢ ᠣᠶᠢᠯᠠᠭᠠᠪᠠ᠃
     ᠰᠢᠮᠳᠠᠭᠤᠯᠤᠨ ᠵᠢᠯᠣᠭᠤᠳᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠲᠡᠤᠬᠡ ᠶᠢᠨ ᠳᠤᠷᠠᠰᠬᠠᠯᠲᠤ ᠵᠦᠢᠯᠡᠰ ᠪᠣᠯ ᠬᠦᠬᠡᠬᠤᠲᠠ ᠶᠢᠨ ᠲᠡᠤᠬᠡ ᠰᠣᠶᠣᠯ ᠢ ᠲᠤᠰᠬᠠᠭᠰᠠᠨ ᠡᠷᠬᠢᠮ ᠨᠠᠨᠳᠢᠨ ᠥᠪ ᠬᠥᠷᠥᠩᠭᠡ᠂ ᠬᠦᠬᠡᠬᠤᠲᠠ ᠶᠢᠨ ᠬᠦᠭᠵᠢᠯᠲᠡ ᠶᠢᠨ ᠲᠠᠮᠠᠭ᠎ᠠ ᠲᠡᠮᠳᠡᠭ ᠢ ᠲᠡᠮᠳᠡᠭᠯᠡᠵᠦ ᠪᠠᠶᠢᠵᠤ᠂ ᠬᠠᠮᠢᠶ᠎ᠠ ᠪᠦᠬᠦᠢ ᠨᠢᠭᠡᠴᠡ ᠰᠠᠯᠠᠭ᠎ᠠ ᠮᠥᠴᠢᠷ ᠡᠷᠬᠡᠪᠰᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠭᠡᠬᠦ ᠬᠡᠷᠡᠭᠲᠡᠢ᠃ ᠲᠡᠤᠬᠡ ᠶᠢᠨ ᠳᠤᠷᠠᠰᠬᠠᠯᠲᠤ ᠵᠦᠢᠯᠡᠰ ᠢ ᠴᠤᠭᠯᠠᠭᠤᠯᠬᠤ᠂ ᠡᠮᠬᠢᠳᠬᠡᠬᠦ ᠪᠠ ᠡᠳᠦᠷ ᠲᠤᠲᠤᠮ ᠤᠨ ᠬᠠᠮᠠᠭᠠᠯᠠᠯᠲᠠ ᠬᠢᠬᠦ ᠶᠢ ᠠᠩᠬᠠᠷᠴᠤ᠂ ᠴᠠᠭᠳᠠᠨ ᠪᠠᠶᠢᠴᠠᠭᠠᠬᠤ ᠪᠠᠨ ᠴᠢᠩᠭᠠᠳᠬᠠᠵᠤ᠂ ᠠᠮᠤᠷ ᠲᠦᠪᠰᠢᠨ ᠤ ᠳᠠᠯᠳᠠ ᠭᠡᠮ ᠢ ᠣᠯᠵᠤ ᠮᠡᠳᠡᠪᠡᠯ ᠴᠠᠭ ᠲᠤᠬᠠᠶ ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠡᠯᠪᠢᠨ ᠵᠠᠰᠠᠵᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠶ᠃ ᠭᠠᠯ ᠰᠡᠷᠭᠡᠶᠢᠯᠡᠬᠦ ᠠᠵᠢᠯ ᠢ ᠣᠨᠴᠠᠭᠠᠶᠢᠯᠠᠨ ᠴᠢᠬᠤᠯᠠᠴᠢᠯᠠᠵᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭᠠᠳᠬᠠᠵᠤ᠂ ᠲᠠᠯᠠᠪᠤᠷ ᠣᠷᠳᠣᠨ ᠤ ᠳᠣᠲᠣᠷᠠᠬᠢ ᠭᠠᠯ ᠤᠨᠲᠠᠷᠠᠭᠠᠬᠤ ᠪᠡᠯᠡᠳᠬᠡᠮᠵᠢ ᠶᠢ ᠰᠠᠶᠢᠲᠤᠷ ᠪᠠᠶᠢᠷᠢᠰᠢᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠭᠠᠯ ᠤᠨ ᠠᠶᠤᠯ ᠭᠠᠷᠬᠤ ᠶᠢ ᠰᠡᠷᠭᠡᠶᠢᠯᠡᠬᠦ ᠬᠡᠷᠡᠭᠲᠡᠶ᠃ ᠬᠠᠷᠢᠶ᠎ᠠ ᠲᠤᠭᠤᠷᠢᠭ ᠤᠨ ᠳᠣᠲᠣᠷᠠᠬᠢ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠪᠦᠬᠦ ᠲᠠᠯ᠎ᠠ ᠪᠠᠷ ᠡᠮᠬᠢᠯᠡᠵᠦ᠂ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠬᠠᠮᠢᠶᠠᠷᠤᠯᠲᠠ ᠶᠢᠨ ᠡᠬᠡ ᠳᠠᠩᠰᠠ ᠶᠢ ᠪᠤᠢ ᠪᠣᠯᠭᠠᠵᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠥᠷᠨᠢᠯᠲᠡ ᠶᠢ ᠦᠨᠡᠨ ᠬᠦ ᠲᠦᠯᠬᠢᠨ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号