ᠮᠠᠨ ᠤ ᠬᠤᠲᠠ 2020 ᠣᠨ ᠤ ᠦᠶᠡᠷ ᠠᠴᠠ ᠡᠮᠦᠨᠡᠬᠢ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2020-05-29
     ᠬᠦᠬᠡᠬᠤᠲᠠ ᠶᠢᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠵᠠᠩ ᠶᠠᠨ ᠹᠧᠩ︶ ᠣᠶᠢᠷ᠎ᠠ ᠳᠤ᠂ ᠬᠤᠲᠠ ᠶᠢᠨ ᠦᠶᠡᠷ ᠢ ᠰᠡᠷᠭᠡᠶᠢᠯᠡᠬᠦ ᠵᠢᠯᠣᠭᠤᠳᠬᠤ ᠭᠠᠵᠠᠷ ᠠᠴᠠ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂  ᠬᠦᠬᠡᠬᠤᠲᠠ ᠶᠢᠨ ᠤᠰᠤᠨ ᠤ ᠰᠢᠨᠵᠢᠯᠡᠭᠡᠨ ᠤ ᠬᠠᠶᠢᠨ ᠬᠡᠮᠵᠢᠯᠲᠡ ᠶᠢᠨ ᠲᠣᠪᠴᠢᠶᠠᠨ ᠤ ᠬᠤᠯᠪᠣᠭᠳᠠᠯ ᠪᠦᠬᠦᠢ ᠬᠥᠮᠦᠰ ᠢᠶᠠᠷ ᠪᠦᠷᠢᠯᠳᠦᠭᠰᠡᠨ ᠬᠤᠶᠠᠷ ᠪᠠᠶᠢᠴᠠᠭᠠᠬᠤ ᠳᠤᠭᠤᠶᠢᠯᠠᠩ ᠢ ᠲᠣᠮᠢᠯᠠᠵᠤ᠂ ᠡᠯ᠎ᠡ ᠭᠠᠵᠠᠷ ᠤᠨ ᠦᠶᠡᠷ ᠠᠴᠠ ᠡᠮᠦᠨᠡᠬᠢ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠶᠢ ᠪᠠᠶᠢᠭᠤᠯᠤᠭᠰᠠᠨ ᠪᠠᠶᠢᠳᠠᠯ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠠᠰᠠᠭ ᠵᠠᠬᠢᠷᠭᠠᠨ ᠤ  ᠬᠠᠷᠢᠭᠤᠴᠠᠯᠭᠠᠳᠠᠨ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠭᠰᠠᠨ ᠪᠠᠶᠢᠳᠠᠯ᠂ ᠠᠶᠤᠯ ᠠᠴᠠ ᠠᠪᠤᠷᠠᠬᠤ ᠡᠩᠨᠡᠭᠡ ᠶᠢ ᠪᠠᠶᠢᠭᠤᠯᠤᠭᠰᠠᠨ ᠪᠠᠶᠢᠳᠠᠯ᠂ ᠦᠶᠡᠷ ᠢ ᠰᠡᠷᠭᠡᠶᠢᠯᠡᠬᠦ ᠡᠳ᠋ ᠪᠣᠳᠠᠰ ᠨᠥᠭᠡᠴᠡᠯᠡᠭᠰᠡᠨ ᠪᠠᠶᠢᠳᠠᠯ ᠵᠡᠷᠭᠡ ᠪᠡᠯᠡᠳᠬᠡᠯ ᠠᠵᠢᠯ ᠳᠤ ᠪᠠᠶᠢᠴᠠᠭᠠᠯᠲᠠ ᠬᠢᠵᠡᠶ᠃ ᠡᠭᠦᠨ ᠤ ᠬᠠᠮᠲᠤ ᠡᠯ᠎ᠡ ᠭᠠᠵᠠᠷ ᠤᠨ ᠬᠢᠨ ᠥᠪᠡᠷ ᠢᠶᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠡᠯ᠎ᠡ ᠭᠠᠵᠠᠷ ᠤᠨ ᠤᠰᠤᠨ ᠴᠥᠭᠦᠷᠥᠮ᠂ ᠨᠦᠯᠦᠮᠡᠯ ᠭᠠᠵᠠᠷ ᠤᠨ ᠬᠠᠰᠢᠯᠭ᠎ᠠ᠂ ᠭᠤᠤᠯ ᠤᠨ ᠵᠠᠮ᠂ ᠭᠤᠤᠯ ᠳᠤ ᠬᠤᠯᠪᠣᠭᠳᠠᠬᠤ ᠪᠠᠶᠢᠭᠤᠯᠵᠤ  ᠪᠠᠶᠢᠭ᠎ᠠ ᠲᠥᠷᠥᠯ  ᠵᠦᠢᠯ ᠵᠢᠴᠢ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠪᠡᠯᠡᠳᠭᠡᠮᠵᠢ ᠶᠢᠨ ᠠᠵᠢᠯᠯᠠᠭᠠᠨ ᠤ ᠪᠠᠶᠢᠳᠠᠯ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠷᠭ᠎ᠠ ᠵᠠᠮ ᠰᠠᠭᠠᠳ ᠦᠭᠡᠶ ᠨᠡᠪᠳᠡᠷᠡᠬᠦ ᠡᠰᠡᠬᠦ᠂ ᠭᠠᠩ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠤᠰᠤᠨ ᠰᠤᠷᠪᠤᠯᠵᠢ ᠪᠣᠯᠤᠨ ᠬᠥᠮᠦᠨ ᠮᠠᠯ ᠤᠨ ᠤᠤᠭᠤᠬᠤ ᠤᠰᠤᠨ ᠤ ᠢᠨᠵᠧᠨᠧᠷᠢᠩ ᠤᠨ ᠠᠵᠢᠯᠯᠠᠭᠠᠨ ᠤ ᠪᠠᠶᠢᠳᠠᠯ ᠵᠡᠷᠭᠡ ᠳᠤ ᠦᠶᠡᠷ ᠠᠴᠠ ᠡᠮᠦᠨᠡᠬᠢ ᠲᠤᠰᠬᠠᠶ ᠰᠤᠭᠤᠴᠢᠨ ᠪᠠᠶᠢᠴᠠᠭᠠᠯᠲᠠ  ᠬᠢᠵᠡᠢ᠃        ᠪᠠᠶᠢᠴᠠᠭᠠᠯᠲᠠ᠂ ᠰᠤᠭᠤᠴᠢᠨ ᠪᠠᠶᠢᠴᠠᠭᠠᠯᠲᠠ ᠪᠠᠷ ᠢᠯᠡᠷᠡᠭᠦᠯᠦᠭᠰᠡᠨ ᠨᠢ᠂  ᠡᠯ᠎ᠡ ᠭᠠᠵᠠᠷ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠦᠶᠡᠷ ᠠᠴᠠ ᠡᠮᠦᠨᠡᠬᠢ ᠪᠡᠯᠡᠳᠬᠡᠯ ᠪᠠ ᠦᠶᠡᠷ ᠠᠴᠠ ᠡᠮᠦᠨᠡᠬᠢ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ  ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂  ᠬᠢᠨᠠᠮᠠᠭᠠᠶ  ᠨᠠᠶᠢᠳᠠᠪᠤᠷᠢᠵᠢᠭᠤᠯᠤᠨ᠂  ᠡᠷᠲᠡ ᠠᠴᠠ ᠪᠡᠯᠡᠳᠭᠡᠵᠦ᠂ ᠡᠷᠲᠡ ᠠᠴᠠ ᠦᠪᠡᠷ ᠢ ᠪᠠᠨ ᠪᠠᠶᠢᠴᠠᠭᠠᠵᠤ᠂  ᠡᠷᠲᠡ ᠠᠴᠠ ᠴᠡᠭᠴᠡᠯᠡᠨ ᠰᠠᠶᠢᠵᠢᠷᠠᠭᠤᠯᠵᠤ᠂ ᠡᠯ᠎ᠡ ᠭᠠᠵᠠᠷ ᠤᠨ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠨᠢᠭᠡᠨᠲᠡ ᠪᠠᠶᠢᠭᠤᠯᠤᠭᠳᠠᠵᠤ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠠᠰᠠᠭ ᠵᠠᠬᠢᠷᠭᠠᠨ ᠤ ᠬᠠᠷᠢᠭᠤᠴᠠᠯᠭᠠᠳᠠᠨ  ᠪᠠ ᠭᠤᠤᠯᠳᠠᠯᠭ᠎ᠠ ᠲᠠᠢ ᠤᠰᠤᠨ ᠴᠥᠭᠦᠷᠥᠮ ᠤᠨ ᠵᠠᠰᠠᠭ ᠵᠠᠬᠢᠷᠭᠠᠨ ᠤ  ᠬᠠᠷᠢᠭᠤᠴᠠᠯᠭᠠᠳᠠᠨ ᠢ ᠨᠢᠭᠡᠨᠲᠡ  ᠨᠠᠶᠢᠳᠠᠪᠤᠷᠢᠵᠢᠭᠤᠯᠵᠤ  ᠂ ᠰᠢᠶᠠᠨ ᠤ ᠱᠠᠲᠤᠨ ᠤ ᠦᠶᠡᠷ ᠢ ᠰᠡᠷᠭᠡᠶᠢᠯᠡᠬᠦ ᠪᠡᠯᠡᠳᠭᠡᠯ ᠲᠥᠰᠦᠯ ᠢ ᠬᠢᠨᠠᠨ ᠵᠥᠪᠰᠢᠶᠡᠷᠡᠬᠦ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠡᠩᠨᠡᠭᠡ ᠶᠢ ᠨᠢᠭᠡᠨᠲᠡ ᠪᠠᠶᠢᠭᠤᠯᠤᠭᠰᠠᠨ ᠪᠥᠭᠡᠳ ᠠᠶᠤᠯ ᠠᠴᠠ ᠠᠪᠤᠷᠠᠬᠤ ᠬᠡᠰᠡᠭ ᠡᠳ᠋ ᠪᠣᠳᠠᠰ ᠢ ᠨᠥᠭᠡᠴᠡᠯᠡᠭᠰᠡᠨ ᠪᠠᠶᠢᠨ᠎ᠠ᠃  
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号