| | | | | | | 4 ᠳ᠋ᠦ᠋ᠭᠡᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ ᠤᠨ | ᠨᠠᠮ ᠤᠨ ᠬᠤᠷᠢᠶ᠎ᠠ ᠶᠢᠨ ᠱᠦᠵᠢ ᠸᠧᠶ ᠬᠤᠩ ᠵᠢᠶᠦ᠋ᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠲᠣᠭᠤᠷᠢᠭ ᠤᠨ ᠳᠠᠷᠤᠭ᠎ᠠ ᠹᠠᠨ ᡁᠢ ᠵᠥᠩ ᠰᠢᠨ᠎ᠡ ᠬᠤᠲᠠ ᠲᠣᠭᠤᠷᠢᠭ ᠤᠨ ᠴᠡᠴᠡᠷᠯᠢᠭ ᠤᠨ | ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠤᠨ 2020 ᠤᠨ ᠤ ᠪᠦᠲᠦᠭᠡᠨ ᠪᠠᠶᠢᠭᠤᠯᠤᠯᠲᠠ ᠶᠢᠨ ᠲᠥᠷᠥᠯ | ᠵᠣᠶᠢᠯ ᠳᠤ ᠪᠠᠶᠢᠴᠠᠭᠠᠨ ᠰᠤᠳᠤᠯᠤᠯᠲᠠ ᠬᠢᠵᠦ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ | ᠬᠠᠭᠤᠴᠢᠨ ᠠᠶᠢᠯ ᠤᠨ ᠬᠥᠳᠡᠯᠮᠦᠷᠢ ᠶᠢᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠣᠶᠢᠯ᠂ ᠰᠢᠨ᠎ᠡ | ᠬᠤᠲᠠ ᠲᠣᠭᠤᠷᠢᠭ ᠤᠨ ᠴᠡᠴᠡᠷᠯᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠬᠤᠩ ᠱᠧᠩ | ᠰᠠᠭᠤᠷᠢᠨ ᠭᠠᠵᠠᠷ᠂ ᠲᠠ ᠯᠢ ᠶᠢᠨ ᠪᠠᠷᠠᠭᠤᠨ ᠵᠡᠭᠡᠯᠢ ᠶᠢᠨ ᠰᠢᠨ᠎ᠡ ᠪᠠᠷ ᠪᠠᠶᠢᠭᠤᠯᠤᠭᠰᠠᠨ ᠨᠣᠭᠤᠭᠠᠨ ᠭᠠᠵᠠᠷ ᠤᠨ | ᠲᠥᠷᠥᠯ ᠵᠣᠶᠢᠯ ᠵᠡᠷᠭᠡ ᠭᠠᠵᠠᠷ ᠲᠤ ᠬᠦᠷᠴᠦ᠂ ᠰᠢᠨ᠎ᠡ ᠪᠠᠷ ᠪᠠᠶᠢᠭᠤᠯᠤᠭᠰᠠᠨ ᠲᠥᠷᠥᠯ ᠵᠣᠶᠢᠯ ᠤᠨ ᠪᠥᠲᠥᠭᠡᠨ | ᠪᠠᠶᠢᠭᠤᠯᠤᠯᠲᠠ ᠶᠢᠨ ᠪᠠᠶᠢᠳᠠᠯ ᠪᠠ ᠵᠠᠮ ᠳᠠᠭᠠᠤ ᠶᠢᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ ᠠᠵᠢᠯ ᠤᠨ | ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ | ᠦᠢᠯᠡᠴᠢᠯᠡᠭᠡᠨ ᠤ ᠲᠥᠪ ᠤᠨ ᠡᠷᠬᠢᠯᠡᠭᠴᠢ ᠱᠢ ᠶᠢᠨ ᠭᠤᠸᠠᠩ ᠤᠨ ᠪᠠᠶᠢᠭᠤᠯᠵᠤ ᠪᠠᠶᠢᠭ᠎ᠠ ᠲᠥᠷᠥᠯ ᠵᠣᠶᠢᠯ ᠤᠨ ᠲᠤᠬᠠᠶ | ᠬᠠᠷᠢᠭᠤ ᠮᠡᠳᠡᠭᠦᠯᠦᠯᠲᠡ ᠶᠢ ᠰᠣᠨᠣᠰᠪᠠ᠃ | | | | | | ᠪᠠᠶᠢᠴᠠᠭᠠᠨ ᠰᠤᠳᠤᠯᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠨᠣᠭᠤᠭᠠᠷᠠᠭᠤᠯᠬᠤ ᠠᠵᠢᠯ ᠢ ᠰᠠᠶᠢᠲᠤᠷ | ᠬᠢᠬᠦ ᠨᠢ ᠬᠤᠲᠠ ᠶᠢᠨ ᠳᠦᠷᠢ ᠲᠥᠷᠬᠦ ᠶᠢ ᠰᠠᠶᠢᠵᠢᠷᠠᠭᠤᠯᠬᠤ᠂ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠬᠦ᠂ | ᠠᠷᠠᠳ ᠣᠯᠠᠨ ᠤ ᠵᠣᠯ ᠵᠢᠷᠭᠠᠯᠲᠤ ᠰᠡᠳᠬᠢᠯᠭᠡ ᠪᠠ ᠬᠦᠷᠲᠡᠭᠡᠮᠵᠢᠲᠦ ᠰᠡᠳᠭᠢᠯᠭᠡ ᠶᠢ ᠨᠡᠮᠡᠭᠳᠡᠭᠦᠯᠬᠦ ᠳᠤ ᠮᠠᠰᠢ ᠴᠢᠬᠤᠯᠠ | ᠦᠢᠯᠡᠳᠦᠯ ᠲᠠᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠥᠯᠥᠪᠵᠢᠭᠦᠯᠪᠡ᠂ ᠵᠢᠷᠤᠭ ᠲᠥᠯᠥᠪᠯᠡᠭᠡ᠂ ᠪᠦᠲᠦᠭᠡᠨ | ᠪᠠᠶᠢᠭᠤᠯᠤᠯᠲᠠ᠂ ᠬᠠᠮᠢᠶᠠᠷᠤᠯᠲᠠ ᠵᠡᠷᠭᠡ ᠭᠤᠭᠴᠤᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ | ᠴᠡᠴᠡᠷᠯᠢᠭ ᠤᠨ ᠤᠷᠠᠯᠢᠭ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠤᠤᠯᠳᠠᠯᠭ᠎ᠠ ᠲᠠᠢ | ᠣᠷᠣᠨ ᠪᠠᠶᠢᠷᠢ᠂ ᠭᠤᠤᠯᠳᠠᠯᠭ᠎ᠠ ᠲᠠᠢ ᠣᠷᠣᠨ ᠪᠦᠰᠡ ᠶᠢᠨ ᠵᠠᠩᠭᠢᠯᠠᠭ᠎ᠠ ᠶᠢᠨ ᠵᠢᠷᠤᠭ ᠲᠦᠯᠦᠭᠯᠡᠭᠡ ᠶᠢ ᠳᠣᠪᠤᠶᠢᠯᠭᠠᠨ᠂ | ᠣᠷᠣᠨ ᠨᠤᠲᠤᠭ ᠤᠨ ᠰᠣᠶᠣᠯ ᠤᠨ ᠡᠯᠧᠮᠧᠨ᠋ᠲ ᠵᠢᠴᠢ ᠲᠡᠤᠬᠡ ᠶᠢᠨ ᠠᠭᠤᠯᠤᠭᠳᠠᠬᠤᠨ ᠶᠢ ᠢᠯᠡᠷᠡᠭᠦᠯᠵᠦ᠂ ᠮᠣᠳᠣᠨ ᠤ | ᠲᠥᠷᠥᠯ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠨᠠᠩ ᠴᠤᠭ ᠰᠦᠯᠳᠡ ᠲᠠᠢ᠂ ᠨᠠᠩ | ᠠᠭᠤᠯᠤᠭᠳᠠᠬᠤᠨ ᠲᠠᠢ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠵᠡᠮᠵᠢ ᠶᠢ ᠪᠤᠢ ᠪᠣᠯᠭᠠᠬᠤ ᠬᠡᠷᠡᠭᠲᠡᠶ ᠭᠡᠪᠡ᠃ | | | |