ᠢᠦᠢ ᠴᠢᠣᠸᠠᠨ ᠲᠣᠭᠤᠷᠢᠭ ᠤᠨ ᠤᠷᠤᠨ ᠨᠤᠲᠤᠭ ᠤᠨ ᠣᠨᠴᠠᠯᠢᠭᠲᠤ ᠰᠢᠯᠢᠳᠡᠭ ᠲᠠᠷᠢᠶᠠᠯᠠᠩ ᠤᠨ  ᠪᠦᠲᠦᠭᠡᠭᠳᠡᠬᠦᠨ ᠤ ᠳᠡᠯᠭᠡᠨ ᠪᠣᠷᠣᠯᠠᠭᠤᠯᠭ᠎ᠠ ᠶᠢᠨ ᠴᠤᠭᠯᠠᠭᠠᠨ ᠲᠡᠭᠦᠰ ᠠᠮᠵᠢᠯᠲᠠ ᠣᠯᠪᠠ
ᠨᠡᠶᠢᠲᠡᠯᠡᠭᠰᠡᠨ ᠴᠠᠭ᠄
2020-05-06
     5 ᠳ᠋ᠤᠭᠠᠷ ᠰᠠᠷ᠎ᠠ ᠶᠢᠨ 4 ᠤ ᠡᠳᠦᠷ᠂ ᠢᠦᠢ ᠴᠢᠦᠸᠠᠨ ᠲᠣᠭᠤᠷᠢᠭ ᠤᠨ ᠤᠷᠤᠨ ᠨᠤᠲᠤᠭ ᠤᠨ ᠣᠨᠴᠠᠯᠢᠭᠲᠤ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠭ᠎ᠠ ᠶᠢᠨ ᠴᠤᠭᠯᠠᠭᠠᠨ ᠠᠮᠵᠢᠯᠲᠠ ᠲᠠᠢ ᠲᠡᠭᠦᠰᠪᠡ᠃ ᠲᠤᠭ ᠤᠳᠠᠭᠠᠨ ᠤ ᠴᠤᠭᠯᠠᠭᠠᠨ ᠨᠢ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ᠂ ᠨᠡᠶᠢᠲᠡ 35 ᠬᠥᠳᠡᠭᠡ ᠠᠵᠤ ᠠᠬᠤᠢ ᠶᠢᠨ ᠨᠡᠷᠡᠲᠦ ᠲᠣᠯᠣᠭᠠᠶᠢᠯᠠᠭᠴᠢ ᠠᠵᠤ ᠠᠬᠤᠶᠢᠯᠠᠯ ᠣᠷᠣᠯᠴᠠᠵᠤ᠂ 300 ᠭᠠᠷᠤᠢ ᠵᠦᠢᠯ ᠤᠨ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠵᠠᠢ᠃ 4 ᠡᠳᠦᠷ ᠤᠨ ᠴᠤᠭᠯᠠᠭᠠᠨ ᠨᠢ ᠥᠨᠳᠥᠷ ᠠᠮᠵᠢᠯᠲᠠ ᠣᠯᠵᠤ᠂ ᠠᠬᠤᠢ ᠲᠠᠯᠠᠪᠠᠢ ᠳᠤ 1000 ᠭᠠᠷᠤᠢ ᠲᠦᠮᠡᠨ ᠲᠥᠭᠦᠷᠢᠭ ᠤᠨ ᠪᠣᠷᠣᠯᠠᠭᠤᠯᠭ᠎ᠠ ᠶᠢᠨ ᠰᠠᠨᠠᠯ ᠨᠢᠭᠡᠳᠦᠵᠦ᠂ ᠢᠦᠢ ᠴᠢᠦᠸᠠᠨ ᠲᠣᠭᠤᠷᠢᠭ ᠤᠨ ᠣᠨᠴᠠᠯᠢᠭᠲᠤ ᠬᠥᠳᠡᠭᠡ ᠠᠵᠤ ᠠᠬᠤᠢ ᠪᠠ ᠪᠣᠳᠠᠰ ᠤᠨ ᠪᠤᠰᠤ ᠰᠤᠶᠤᠯ ᠤᠨ ᠥᠪ ᠤᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠭᠦᠢᠴᠡᠳ ᠬᠠᠷᠠᠭᠤᠯᠵᠠᠢ᠃ᠰᠤᠷᠪᠤᠯᠵᠢᠯᠠᠭᠴᠢ ᠠᠷᠢᠭᠤᠨ᠎ᠠ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号