︽ᠲᠠᠪᠤᠨ ᠥᠩᠭᠡ ᠶᠢᠨ ᠲᠦᠮᠡᠳ︾ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠭ᠎ᠠ ᠶᠢᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2020-05-06
     5 ᠳ᠋ᠤᠭᠠᠷ ᠰᠠᠷ᠎ᠠ ᠶᠢᠨ 5 ᠤ ᠡᠳᠦᠷ᠂  ︽ᠲᠠᠪᠤᠨ ᠥᠩᠭᠡ ᠶᠢᠨ ᠲᠦᠮᠡᠳ︾ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠭ᠎ᠠ ᠶᠢᠨ ᠴᠤᠭᠯᠠᠭᠠᠨ ᠲᠦᠮᠡᠳ ᠵᠡᠭᠦᠨ ᠬᠤᠰᠢᠭᠤᠨ ᠤ ᠤᠤᠯ ᠤᠨ ᠵᠠᠰᠠᠭ ᠤᠨ ᠣᠷᠳᠣᠨ ᠤ ᠲᠠᠯᠠᠪᠠᠢ ᠳᠤ ᠡᠬᠢᠯᠡᠪᠡ᠃ ᠳᠡᠯᠭᠡᠨ ᠪᠣᠷᠣᠯᠠᠭᠤᠯᠭ᠎ᠠ ᠶᠢᠨ ᠴᠤᠭᠯᠠᠭᠠᠨ ᠰᠦᠯᠵᠢᠶᠡᠨ ᠤ ᠰᠢᠭᠤᠳ ᠨᠡᠪᠲᠡᠷᠡᠭᠦᠯᠬᠦ ᠲᠠᠪᠴᠠᠩ ᠢ ᠠᠰᠢᠭᠯᠠᠨ᠂ ︽ᠲᠠᠪᠤᠨ ᠥᠩᠭᠡ ᠶᠢᠨ ᠲᠦᠮᠡᠳ︾ ᠲᠠᠷᠢᠶᠠᠯᠠᠩ ᠤᠨ ᠠᠵᠤ ᠦᠢᠯᠡᠰ ᠤᠨ ᠬᠦᠷᠢᠶᠡᠨ ᠤ ᠨᠡᠶᠢᠲᠡ ᠶᠢᠨ ᠲᠥᠷᠥᠯ ᠲᠡᠮᠳᠡᠭᠲᠦ ᠶᠢ ᠤᠬᠠᠭᠤᠯᠤᠨ᠂ ᠲᠦᠮᠡᠳ ᠵᠡᠭᠦᠨ ᠬᠤᠰᠢᠭᠤᠨ ᠤ ᠲᠠᠷᠢᠶᠠᠯᠠᠩ ᠤᠨ ᠲᠣᠯᠣᠭᠠᠶᠢᠯᠠᠭᠴᠢ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠢ ᠬᠤᠷᠰᠢᠶᠠᠵᠢᠯ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠵᠡᠷᠭᠡ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠦᠢᠯᠡᠳᠪᠦᠷᠢᠯᠡᠭᠰᠡᠨ ᠣᠨᠴᠠᠯᠢᠭᠲᠤ ᠰᠢᠯᠢᠳᠡᠭ ᠴᠢᠨᠠᠷ ᠤᠨ ᠲᠠᠷᠢᠶᠠᠯᠠᠩ ᠤᠨ ᠪᠦᠲᠦᠭᠡᠭᠳᠡᠬᠦᠨ ᠪᠠ ᠦᠢᠯᠡᠳᠬᠦᠨ ᠢ ᠭᠤᠣᠯᠳᠠᠯᠭ᠎ᠠ ᠲᠠᠢ ᠪᠣᠷᠣᠯᠠᠭᠤᠯᠤᠨ᠂ ᠲᠦᠮᠡᠳ ᠵᠡᠭᠦᠨ ᠬᠤᠰᠢᠭᠤᠨ ᠤ ᠪᠣᠬᠢᠷᠲᠤᠯ ᠦᠭᠡᠢ ᠲᠠᠷᠢᠶᠠᠯᠠᠩ ᠤᠨ  ᠪᠦᠲᠦᠭᠡᠭᠳᠡᠬᠦᠨ ᠪᠠ ᠪᠣᠬᠢᠷᠲᠤᠯ ᠦᠭᠡᠢ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ᠂ ᠰᠢᠨ᠎ᠡ ᠬᠤᠪᠢᠷᠠᠯᠲᠠ ᠶᠢ ᠪᠦᠬᠦ ᠲᠠᠯ᠎ᠠ ᠪᠠᠷ ᠬᠠᠷᠠᠭᠤᠯᠵᠠᠢ᠃ᠰᠤᠷᠪᠤᠯᠵᠢᠯᠠᠭᠴᠢ ᠶᠦᠨ ᠵᠢᠩ  ᠴᠢᠮᠡᠭᠡᠯᠡᠭᠴᠢ ᠯᠢ ᠳ᠋ᠠᠨ  ᠶᠠᠩ ᠰᠢᠨ  
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号