| | | | | | 5 ᠳ᠋ᠤᠭᠠᠷ ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠶ ᠠᠩᠭᠢ ᠳᠠᠭᠠᠭᠤᠯᠵᠤ ᠬᠥᠬᠡ ᠡᠷᠭᠢ ᠪᠠᠯᠭᠠᠰᠤᠨ ᠤ ᠰᠢᠩ | ᠱᠧᠩ ᠨᠡᠶᠢᠭᠡᠮ ᠲᠣᠭᠤᠷᠢᠭ ᠤᠨ ᠬᠡᠰᠡᠭ ᠲᠠᠬᠢ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷᠯᠡᠨ ᠴᠡᠭᠴᠡᠯᠡᠵᠦ | ᠵᠠᠰᠠᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ᠂ ᠬᠥᠬᠡ ᠡᠷᠭᠢ ᠪᠠᠯᠭᠠᠰᠤᠨ ᠤ | ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠵᠢᠱᠢᠶ᠎ᠡ ᠦᠵᠡᠭᠦᠯᠬᠦ ᠪᠠᠯᠭᠠᠰᠤ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ | ᠰᠢᠶᠠᠨ ᠤ ᠤᠳᠤᠷᠢᠳᠤᠯᠭ᠎ᠠ ᠶᠢᠨ ᠴᠦᠨ ᠯᠢᠶᠠᠩ᠂ ᠦ᠋ ᠸᠧᠨ ᠪᠢᠶᠤᠤ᠂ ᠵᠠᠩ ᠯᠢ ᠰᠢᠶᠠ᠂ ᠬᠠᠳᠠ᠂ ᠵᠤᠤ | ᠵᠦᠩ᠂ ᠰᠢᠤᠢ ᠶᠢᠨ ᠭᠸᠤ᠂ ᠯᠢᠦ ᠳ᠋ᠦᠩ ᠱᠧᠩ᠂ ᠸᠠᠩ ᠶᠠᠨ ᠴᠦᠨ᠂ ᠰᠢᠶᠧ ᠴᠢᠦᠶ ᠫᠢᠩ᠂ ᠫᠧᠩ ᠱᠤᠤ ᠴᠥᠩ᠂ | ᠶᠤᠸᠠᠨ ᠪᠥᠸᠧ᠂ ᠼᠤᠤ ᠽᠢ ᠯᠢ᠂ ᠸᠠᠩ ᠶᠤᠸᠠᠢ ᠬᠤᠩ᠂ ᠯᠢᠦᠶ ᡁᠢ ᠭᠠᠩ᠂ ᠵᠠᠩ ᠬᠠᠶ ᠲᠤᠤ᠂ ᠵᠠᠩ ᠴᠦᠨ ᠮᠧᠶ | ᠂ ᠯᠢ ᠷᠦᠨ ᠮᠤᠤ᠂ ᠯᠢ ᠳ᠋ᠧᠩ ᠬᠤᠩ ᠬᠤᠷᠠᠯ ᠳᠤ ᠣᠷᠣᠯᠴᠠᠪᠠ᠃ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠠᠩ | ᠵᠢᠶᠧ ᠭᠤᠸᠠᠩ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠰᠢᠶᠠᠨ ᠤ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ︽ᠬᠥᠬᠡ ᠡᠷᠭᠢ ᠪᠠᠯᠭᠠᠰᠤ ᠶᠢᠨ ︿ᠴᠡᠪᠡᠷ ᠴᠡᠮᠴᠡᠭᠡᠷ ᠢᠶᠠᠷ ᠴᠢᠨᠡᠭᠡᠯᠢᠭ ᠨᠡᠶᠢᠭᠡᠮ ᠳᠤ ᠣᠷᠣᠬᠤ︾ | ᠠᠵᠢᠯᠯᠠᠭ᠎ᠠ ᠶᠢᠨ ᠲᠥᠰᠦᠯ︾᠂ ︽ᠬᠥᠬᠡ ᠡᠷᠭᠢ ᠪᠠᠯᠭᠠᠰᠤ ᠶᠢᠨ ᠬᠥᠳᠡᠭᠡ ᠲᠣᠰᠬᠤᠨ ᠤ ᠣᠷᠣᠰᠢᠨ ᠰᠠᠭᠤᠬᠤ | ᠣᠷᠴᠢᠨ ᠲᠣᠭᠤᠷᠢᠨ ᠤ ᠵᠢᠱᠢᠶ᠎ᠡ ᠦᠵᠡᠭᠦᠯᠬᠦ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ | ᠢ ᠤᠯᠠᠮᠵᠢᠯᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠬᠠᠮᠢᠶ᠎ᠠ ᠪᠦᠬᠦᠢ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ᠃ | ᠶᠢᠨ ᠴᠦᠨ ᠯᠢᠶᠠᠩ ᠵᠢᠭᠠᠵᠤ ᠭᠠᠷᠭᠠᠭᠰᠠᠨ ᠨᠢ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ | ᠵᠠᠰᠠᠬᠤ ᠡᠯ ᠡ ᠵᠦᠢᠯ ᠤᠨ ᠨᠠᠷᠢᠨ ᠵᠦᠢᠯᠡᠰ ᠤᠨ ᠠᠵᠢᠯ ᠢ ᠨᠠᠷᠢᠨ ᠬᠢᠨᠠᠮᠠᠭᠠᠶ ᠰᠤᠳᠤᠯᠵᠤ᠂ ᠵᠠᠰᠠᠬᠤ ᠲᠥᠰᠦᠯ ᠢ | ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠵᠢᠱᠢᠶ᠎ᠡ ᠦᠵᠡᠭᠦᠯᠬᠦ ᠵᠠᠭᠪᠤᠷ ᠢ ᠰᠠᠶᠢᠲᠤᠷ ᠬᠢᠵᠤ᠂ | ᠨᠡᠶᠢᠲᠡᠯᠢᠭ ᠵᠢᠱᠢᠶ᠎ᠡ ᠶᠢ ᠰᠣᠩᠭᠤᠨ ᠪᠣᠶ ᠪᠣᠯᠭᠠᠬᠤ ᠪᠠᠷ ᠳᠠᠮᠵᠢᠭᠤᠯᠤᠨ᠂ ᠪᠤᠰᠤᠳ ᠭᠠᠵᠠᠷ ᠣᠷᠣᠨ ᠤ | ᠰᠤᠷᠤᠯᠴᠠᠬᠤ ᠶᠢ ᠳᠡᠯᠭᠡᠷᠡᠭᠦᠯᠬᠦ ᠬᠡᠷᠡᠭᠲᠡᠶ ᠭᠡᠪᠡ᠃ | ᠶᠦᠨ ᠬᠠᠢ ᠴᠢᠬᠤᠯᠠᠴᠢᠯᠠᠭᠰᠠᠨ ᠨᠢ᠂ ᠨᠢᠭᠡ ᠳᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ | ᠵᠠᠰᠠᠬᠤ ᠡᠷᠴᠢᠮ ᠢ ᠴᠢᠨᠠᠭᠰᠢᠳᠠ ᠴᠢᠩᠭᠠᠷᠠᠭᠤᠯᠵᠤ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠨ᠎ᠠ᠃ | ᠬᠤᠶᠠᠷ ᠲᠤ᠂ ᠡᠯ᠎ᠡ ᠰᠢᠶᠠᠩ ᠪᠠᠯᠭᠠᠰᠤ ᠨᠤᠭᠤᠳ ᠲᠤᠰ ᠪᠡᠶ᠎ᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ | ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠷᠲᠤ ᠬᠤᠭᠤᠴᠠᠭᠠᠨ ᠤ ᠲᠥᠯᠥᠪᠵᠢᠭᠦᠯᠭᠡ | ᠪᠣᠯᠤᠨ ᠵᠠᠰᠠᠬᠤ ᠠᠷᠭ᠎ᠠ ᠶᠢ ᠰᠠᠶᠢᠲᠤᠷ ᠬᠢᠵᠦ᠂ ᠬᠡᠪ ᠤᠨ ᠪᠠᠶᠢᠳᠠᠯ ᠢ ᠪᠣᠶ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ | ᠃ ᠭᠤᠷᠪᠠ ᠳᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠬᠢᠵᠦ᠂ ᠵᠠᠮ ᠬᠠᠲᠠᠭᠤᠷᠠᠬᠤ᠂ ᠤᠰᠤ ᠪᠠᠷ ᠴᠡᠪᠡᠷᠰᠢᠭᠦᠯᠬᠦ ᠵᠣᠷᠯᠣᠩ ᠤᠨ | ᠪᠦᠲᠦᠭᠡᠨ ᠪᠠᠶᠢᠭᠤᠯᠤᠯᠲᠠ᠂ ᠬᠤᠭᠤᠰᠣᠨ ᠭᠠᠵᠠᠷ ᠢ ᠨᠣᠭᠤᠭᠠᠷᠠᠭᠤᠯᠬᠤ ᠵᠡᠷᠭᠡ ᠠᠵᠢᠯ ᠢ ᠵᠦᠶ ᠵᠣᠬᠢᠰᠲᠠᠶ | ᠲᠥᠯᠥᠪᠵᠢᠭᠦᠯᠦᠨ ᠬᠡᠷᠡᠭᠵᠢᠭᠦᠯᠬᠦ ᠬᠡᠷᠡᠭᠲᠡᠢ᠃ ᠳᠥᠷᠪᠡ ᠳᠤ᠂ ᠬᠤᠲᠠ ᠶᠢᠨ ᠦᠵᠡᠮᠵᠢ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠯᠠᠪᠯᠠᠯᠲᠠ ᠪᠣᠯᠭᠠᠨ | ᠬᠡᠪᠰᠢᠭᠦᠯᠦᠨ ᠬᠠᠮᠢᠶᠠᠷᠬᠤ ᠪᠠ ᠤᠷᠮᠠᠰᠢᠭᠤᠯᠵᠤ ᠱᠠᠩᠨᠠᠵᠤ ᠰᠢᠢᠳᠬᠡᠬᠦ ᠲᠣᠭᠲᠠᠴᠠ ᠶᠢ ᠪᠠᠶᠢᠭᠤᠯᠵᠤ᠂ ᠳᠡᠯᠭᠡᠭᠦᠷ ᠤᠨ | ᠭᠠᠳᠠᠨ᠎ᠠ ᠡᠵᠡᠩᠨᠡᠬᠦ᠂ ᠶᠠᠪᠤᠭᠤᠯ ᠬᠤᠳᠠᠯᠳᠤᠭᠠᠴᠢᠨ᠂ ᠬᠤᠪᠢ ᠪᠠᠢ ᠢᠶᠠᠨ ᠳᠤᠷ᠎ᠠ ᠪᠠᠷ ᠢᠶᠠᠨ ᠪᠠᠶᠢᠭᠤᠯᠬᠤ ᠵᠡᠷᠭᠡ | ᠪᠣᠯᠪᠠᠰᠤᠨ ᠪᠤᠰᠤ ᠦᠵᠡᠭᠳᠡᠯ ᠢ ᠤᠯᠠᠮ ᠨᠢᠭᠡ ᠠᠯᠬᠤᠮ ᠳᠦᠷᠢᠮᠵᠢᠭᠦᠯᠬᠦ ᠬᠡᠷᠡᠭᠲᠡᠶ᠃ ᠲᠠᠪᠤ ᠳᠤ᠂ ᠣᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ ᠪᠠ ᠵᠠᠭᠤᠴᠢᠯᠠᠭᠤᠷ ᠤᠨ ᠬᠦᠴᠦᠨ ᠢ ᠭᠦᠢᠴᠡᠳ ᠪᠠᠳᠠᠷᠠᠭᠤᠯᠵᠤ᠂ ᠵᠥᠪ | ᠲᠠᠯ᠎ᠠ ᠶᠢᠨ ᠤᠬᠠᠭᠤᠯᠭ᠎ᠠ ᠪᠠ ᠡᠰᠡᠷᠭᠦ ᠲᠠᠯ᠎ᠠ ᠶᠢᠨ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ︽ᠪᠢᠴᠢᠬᠠᠨ ᠭᠠᠷ | ᠲᠣᠮᠤ ᠭᠠᠷ ᠢ ᠬᠥᠲᠦᠯᠬᠦ︾᠂ ᠨᠡᠶᠢᠲᠡ ᠶᠢᠨ ᠠᠰᠠᠷᠠᠮᠵᠢ ᠶᠢᠨ ᠬᠡᠲᠦ ᠳᠡᠯᠭᠡᠭᠦᠷ ᠤᠨ ᠬᠤᠭ ᠨᠣᠪᠰᠢ ᠪᠠᠷ ᠬᠤᠪᠢ | ᠰᠣᠯᠢᠬᠤ᠂ ︽ᠬᠠᠮᠤᠭ ᠤᠨ ᠭᠤᠶᠣ ᠬᠡᠷ ᠪᠦᠯᠢ︾ ᠶᠢᠨ ᠰᠢᠯᠭᠠᠷᠠᠭᠤᠯᠤᠯᠲᠠ ᠵᠡᠷᠭᠡ ᠠᠵᠢᠯᠯᠠᠭ᠎ᠠ ᠶᠢ ᠢᠳᠡᠪᠬᠢᠲᠡᠶ | ᠥᠷᠨᠢᠭᠦᠯᠵᠦ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠲᠣᠰ ᠪᠡᠶ᠎ᠡ ᠠᠴᠠ ᠪᠠᠨᠡᠬᠢᠯᠡᠨ ᠬᠢᠵᠦ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠮᠠᠭᠠᠯᠠᠨ᠎ᠠ ᠭᠡᠪᠡ᠃ |