︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 5 ᠳ᠋ᠤᠭᠠᠷ ᠰᠠᠷ᠎ᠠ ᠶᠢᠨ 6 ᠤ ᠡᠳᠦᠷ᠂ ᠬᠤᠲᠠ ᠶᠢᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ | ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠰᠢᠶᠠᠩ ᠱᠧᠩ ᠠᠵᠤ ᠦᠢᠯᠡᠰ ᠤᠨ ᠪᠦᠯᠦᠭᠯᠡᠯ ᠤᠨ ᠬᠡᠷᠡᠭ | ᠮᠡᠳᠡᠭᠴᠢᠳ ᠤᠨ ᠳᠠᠷᠤᠭ᠎ᠠ ᠴᠧᠨ ᠭᠥᠸᠧ ᠰᠢᠶᠠᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠰᠢᠶᠠᠩ ᠱᠧᠩ | ᠰᠣᠶᠣᠯ ᠵᠢᠭᠤᠯᠴᠢᠯᠠᠯ ᠤᠨ ᠬᠤᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ | ᠲᠤᠬᠠᠢ ᠰᠠᠭᠤᠳᠠᠯ ᠤᠨ ᠬᠤᠷᠠᠯ ᠬᠢᠵᠦ ᠰᠠᠨᠠᠯ ᠢᠶᠠᠨ ᠰᠣᠯᠢᠯᠴᠠᠪᠠ᠃ | ᠰᠠᠭᠤᠳᠠᠯ ᠤᠨ ᠬᠤᠷᠠᠯ ᠳᠡᠭᠡᠷ᠎ᠡ᠂ ᠴᠧᠨ ᠭᠥᠸᠧ ᠰᠢᠶᠠᠩ ᠨᠠᠷ ᠰᠢᠶᠠᠩ ᠱᠧᠩ ᠰᠣᠶᠣᠯ ᠵᠢᠭᠤᠯᠴᠢᠯᠠᠯ ᠤᠨ | ᠬᠤᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠠᠬᠢᠴᠠ᠂ ᠬᠠᠷᠠᠯᠲᠠ ᠵᠢᠴᠢ | ᠡᠨᠡ ᠵᠢᠯ ᠤᠨ ᠠᠬᠢᠴᠠ ᠶᠢᠨ ᠲᠥᠯᠥᠪᠯᠡᠭᠡ ᠵᠡᠷᠭᠡ ᠪᠠᠶᠢᠳᠠᠯ ᠳᠤ ᠨᠠᠷᠢᠯᠢᠭ ᠲᠠᠨᠢᠯᠴᠠᠭᠤᠯᠭ᠎ᠠ ᠬᠢᠬᠦ ᠶᠢᠨ ᠬᠠᠮᠳᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠠᠵᠢᠯ ᠵᠣᠯᠭᠠᠭᠤᠯᠬᠤ ᠶᠢ ᠴᠢᠩᠭᠠᠳᠬᠠᠬᠤ | ᠵᠡᠷᠭᠡ ᠲᠠᠯ᠎ᠠ ᠪᠠᠷ ᠪᠣᠳᠠᠲᠠᠢ ᠰᠠᠨᠠᠭᠤᠯᠭ᠎ᠠ ᠳᠤᠷᠠᠳᠴᠠᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠷᠥᠯ | ᠵᠦᠢᠯ ᠤᠨ ᠦᠢᠯᠡᠴᠢᠯᠡᠭᠡ ᠶᠢᠨ ᠪᠠᠲᠤᠯᠠᠭ᠎ᠠ ᠶᠢ ᠰᠠᠶᠢᠲᠤᠷ ᠬᠢᠬᠦ ᠲᠠᠯ᠎ᠠ ᠪᠠᠷ ᠶᠠᠷᠢᠶ᠎ᠠ ᠲᠠᠯᠪᠢᠵᠠᠢ᠃ | ᠵᠠᠩ ᠪᠠᠢ ᠴᠧᠩ ᠴᠧᠨ ᠭᠥᠸᠧ ᠰᠢᠶᠠᠩ ᠨᠠᠷ ᠤᠨ ᠬᠥᠬᠡᠬᠤᠲᠠ ᠳᠤ ᠢᠷᠡᠭᠰᠡᠨ ᠢ ᠪᠠᠶᠠᠷᠯᠠᠨ ᠤᠭᠲᠤᠵᠤ᠂ | ᠰᠢᠶᠠᠩ ᠱᠧᠩ ᠪᠦᠯᠦᠭᠯᠡᠯ ᠤᠨ ᠬᠥᠬᠡᠬᠤᠲᠠ ᠳᠤ ᠪᠡᠯᠡ ᠣᠷᠣᠭᠤᠯᠤᠭᠰᠠᠨ ᠳᠤ ᠲᠠᠯᠠᠷᠬᠠᠵᠤ ᠪᠠᠶᠢᠭ᠎ᠠ ᠪᠠᠨ ᠢᠯᠡᠳᠬᠡᠪᠡ᠃ | ᠲᠡᠷᠡ ᠬᠡᠯᠡᠬᠦ ᠳᠡᠭᠡᠨ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠰᠢᠶᠠᠩ | ᠱᠧᠩ ᠰᠣᠶᠣᠯ ᠵᠢᠭᠤᠯᠴᠢᠯᠠᠯ ᠤᠨ ᠬᠤᠲᠠ ᠶᠢᠨ ᠲᠥᠷᠥᠯ ᠵᠦᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠳᠡᠮᠵᠢᠯᠭᠡ ᠦᠵᠡᠭᠦᠯᠦᠨ᠎ᠡ᠃ ᠲᠤᠰ ᠲᠥᠷᠥᠯ | ᠵᠦᠢᠯ ᠢ ᠠᠬᠢᠭᠤᠯᠬᠤ ᠬᠦᠴᠦᠯᠡᠴᠡ ᠪᠠᠨ ᠴᠢᠩᠭᠠᠳᠬᠠᠬᠤ ᠶᠢᠨ ᠲᠥᠯᠥᠭᠡ᠂ ᠲᠥᠷᠥᠯ ᠵᠦᠢᠯ ᠢ ᠠᠬᠢᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠲᠥᠷᠥᠯ ᠵᠦᠢᠯ ᠢ ᠠᠬᠢᠭᠤᠯᠬᠤ ᠶᠠᠪᠤᠴᠠ ᠳᠤ | ᠲᠣᠬᠢᠶᠠᠯᠳᠤᠭᠰᠠᠨ ᠬᠦᠴᠢᠷ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠵᠤ᠂ ᠡᠷᠲᠡᠬᠡᠨ ᠦᠢᠯᠡᠳᠪᠦᠷᠢᠯᠡᠯ ᠢᠶᠠᠨ ᠪᠡᠶᠡᠯᠡᠭᠦᠯᠵᠦ᠂ ᠦᠷ᠎ᠡ | ᠪᠦᠳᠦᠮᠵᠢ ᠣᠯᠬᠤ ᠶᠢ ᠪᠠᠲᠤᠯᠠᠨ᠎ᠠ ᠭᠡᠵᠡᠢ᠃ | ᠴᠧᠨ ᠭᠥᠸᠧ ᠰᠢᠶᠠᠩ ᠢᠯᠡᠷᠭᠡᠶᠢᠯᠡᠬᠦ ᠳᠡᠭᠡᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠬᠡᠳᠦᠶᠢᠪᠡᠷ ᠠᠵᠤ ᠠᠬᠤᠢ ᠶᠢᠨ ᠬᠥᠭᠵᠢᠯᠲᠡ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠨᠢᠭᠡ | ᠬᠡᠮᠵᠢᠶᠡᠨ ᠤ ᠨᠥᠯᠥᠭᠡ ᠠᠪᠴᠢᠷᠠᠭᠰᠠᠨ ᠪᠣᠯᠪᠠᠴᠤ᠂ ᠰᠢᠶᠠᠩ ᠱᠧᠩ ᠰᠣᠶᠣᠯ ᠵᠢᠭᠤᠯᠴᠢᠯᠠᠯ ᠤᠨ ᠬᠤᠲᠠ ᠶᠢᠨ ᠲᠥᠷᠥᠯ | ᠵᠦᠢᠯ ᠤᠨ ᠬᠠᠮᠲᠤᠷᠠᠯᠴᠠᠭ᠎ᠠ ᠪᠠᠷ ᠳᠠᠮᠵᠢᠨ᠂ ᠺᠣᠮᠫᠠᠨᠢ ᠶᠢᠨ ᠬᠥᠬᠡᠬᠤᠲᠠ ᠳᠤ ᠪᠡᠯᠡ ᠣᠷᠣᠭᠤᠯᠬᠤ ᠢᠲᠡᠭᠡᠯ ᠵᠣᠷᠢᠭ ᠢ | ᠨᠡᠮᠡᠭᠳᠡᠭᠦᠯᠪᠡ᠂ ᠰᠢᠶᠠᠩ ᠱᠧᠩ ᠪᠦᠯᠦᠭᠯᠡᠯ ᠬᠥᠬᠡᠬᠤᠲᠠ ᠳᠤ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ | ᠬᠦᠴᠦᠯᠡᠴᠡ ᠪᠠᠨ ᠦᠷᠭᠦᠯᠵᠢᠯᠡᠨ ᠨᠡᠮᠡᠭᠳᠡᠭᠦᠯᠵᠦ᠂ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃ | ᠬᠤᠲᠠ ᠶᠢᠨ ᠳᠡᠳ᠋ ᠳᠠᠷᠤᠭ᠎ᠠ ᠪᠢ ᠭᠥᠸᠧ ᠴᠧᠨ᠂ ᠴᠢᠶᠥᠥ ᠶᠦᠨ ᠯᠢ᠂ ᠬᠤᠲᠠ ᠶᠢᠨ ᠵᠠᠰᠠᠭ ᠤᠨ | ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ᠂ ᠰᠢᠶᠠᠩ ᠱᠧᠩ ᠠᠵᠤ ᠦᠢᠯᠡᠰ ᠤᠨ | ᠪᠦᠯᠦᠭᠯᠡᠯ ᠤᠨ ᠶᠡᠷᠦᠩᠬᠡᠢ ᠳᠠᠭᠠᠭᠠᠮᠠᠯ ᠵᠣᠣ ᠬᠤᠩ ᠸᠧᠢ ᠵᠡᠷᠭᠡ ᠨᠥᠬᠦᠳ ᠰᠠᠭᠤᠳᠠᠯ ᠤᠨ ᠬᠤᠷᠠᠯ ᠳᠤ ᠣᠷᠣᠯᠴᠠᠪᠠ᠃ | |