| | | | | 5 ᠳ᠋ᠤᠭᠠᠷ ᠰᠠᠷ᠎ᠠ ᠶᠢᠨ 7 ᠤ ᠡᠳᠦᠷ᠂ ᠰᠢᠨ᠎ᠡ ᠬᠤᠲᠠ ᠲᠣᠭᠤᠷᠢᠭ ᠤᠨ ᠡᠯ᠎ᠡ ᠪᠠᠭ᠎ᠠ ᠰᠤᠷᠭᠠᠭᠤᠯᠢ ᠶᠢᠨ | ᠳᠡᠭᠡᠳᠦ ᠤᠨ ᠤ ᠠᠩᠭᠢ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠲᠤᠨ ᠠᠪᠴᠢᠷᠠᠪᠠ᠃ ᠥᠷᠯᠥᠭᠡ ᠡᠷᠲᠡ᠂ | ᠬᠥᠬᠡᠬᠤᠲᠠ ᠶᠢᠨ ᠳᠡᠳ᠋ ᠳᠠᠷᠤᠭ᠎ᠠ ᠴᠢᠶᠣᠤ ᠶᠦᠨ ᠯᠢ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠤᠪᠴᠢᠶ᠎ᠠ | ᠶᠢᠨ ᠳᠠᠷᠤᠭ᠎ᠠ ᠵᠠᠩ ᠰᠢᠶᠤᠤ ᠬᠤᠸᠠ᠂ ᠰᠢᠨ᠎ᠡ ᠬᠤᠳᠠ ᠲᠣᠭᠤᠷᠢᠭ ᠤᠨ ᠳᠡᠳ᠋ ᠳᠠᠷᠤᠭ᠎ᠠ ᠯᠢ ᠰᠢᠨ ᠳ᠋ᠡ᠂ ᠰᠢᠨ᠎ᠡ | ᠬᠤᠳᠠ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠶᠢᠨ ᠳᠠᠷᠤᠭ᠎ᠠ ᠭᠤᠤ ᠵᠢᠶᠦ᠋ᠨ ᠵᠢᠤᠸᠠᠨ ᠵᠡᠷᠭᠡ 10 | ᠬᠥᠮᠦᠨ ᠰᠢᠨ᠎ᠡ ᠬᠤᠳᠠ ᠲᠣᠭᠤᠷᠢᠭ ᠤᠨ ᠱᠧᠩ ᠯᠢ ᠵᠡᠭᠡᠯᠢ ᠶᠢᠨ ᠪᠠᠭ᠎ᠠ ᠰᠤᠷᠭᠠᠭᠤᠯᠢ ᠳᠤ ᠬᠦᠷᠴᠦ ᠰᠤᠷᠭᠠᠭᠤᠯᠢ | ᠡᠬᠢᠯᠡᠭᠰᠡᠨ ᠨᠢᠭᠡᠳᠦᠭᠡᠷ ᠡᠳᠦᠷ ᠤᠨ ᠠᠵᠢᠯ ᠢ ᠪᠠᠶᠢᠴᠠᠭᠠᠨ ᠦᠵᠡᠪᠡ᠃ ᠴᠢᠶᠣᠤ ᠶᠦᠨ ᠯᠢ ᠨᠡᠷ ᠰᠤᠷᠭᠠᠭᠤᠯᠢ ᠳᠤ | ᠬᠦᠷᠴᠦ ᠰᠤᠷᠭᠠᠭᠤᠯᠢ ᠡᠬᠢᠯᠡᠬᠦ ᠪᠣᠳᠠᠲᠠᠶ ᠲᠣᠬᠢᠷᠠᠭᠤᠯᠤᠯᠲᠠ᠂ ᠰᠡᠷᠭᠡᠶᠢᠯᠡᠨ ᠡᠵᠡᠮᠳᠡᠵᠦ ᠪᠠᠴᠢᠮ ᠪᠠᠶᠢᠳᠠᠯ ᠢ | ᠠᠷᠭᠠᠴᠠᠭᠠᠬᠤ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠤᠷᠭᠠᠭᠤᠯᠢ ᠶᠢᠨ ᠨᠢᠭᠡᠳᠦᠭᠡᠷ | ᠡᠳᠦᠷ ᠡᠮᠬᠢ ᠵᠢᠷᠤᠮ ᠲᠠᠢ ᠬᠢᠴᠢᠶᠡᠯ ᠰᠡᠷᠭᠦᠭᠡᠭᠰᠡᠨ ᠢ ᠮᠠᠭᠲᠠᠨ ᠰᠠᠶᠢᠰᠢᠶᠠᠬᠤ ᠶᠢᠨ ᠬᠠᠮᠲᠤ ᠬᠤᠶᠢᠰᠢᠳᠠ ᠶᠢᠨ | ᠬᠢᠴᠢᠶᠡᠯ ᠰᠡᠷᠭᠦᠭᠡᠵᠦ ᠰᠤᠷᠤᠯᠴᠠᠯᠭ᠎ᠠ ᠡᠬᠢᠯᠡᠬᠦ ᠵᠢᠴᠢ ᠬᠢᠵᠢᠭ ᠰᠡᠷᠭᠡᠶᠢᠯᠡᠨ ᠡᠵᠡᠮᠳᠡᠬᠦ ︽ᠬᠤᠶᠠᠷ ᠲᠠᠯ᠎ᠠ ᠪᠠᠷ | ᠠᠳᠬᠤᠬᠤ︾ ᠵᠡᠷᠭᠡ ᠠᠰᠠᠭᠤᠳᠠᠯ ᠳᠤ ᠬᠦᠰᠡᠯ ᠡᠷᠡᠮᠡᠯᠵᠡᠯ ᠳᠤᠷᠠᠳᠪᠠ᠃ | | | | | | | | | | | | ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠶᠢᠨ ᠪᠤᠰᠤᠳ ᠰᠢᠮᠳᠠᠭᠤᠯᠤᠨ | ᠪᠠᠶᠢᠴᠠᠭᠠᠬᠤ ᠳᠤᠭᠤᠶᠢᠯᠠᠩ ᠴᠤ ᠲᠣᠰ ᠲᠣᠰ ᠬᠡᠰᠡᠭ ᠳᠠᠭᠠᠭᠠᠴᠢᠯᠠᠭᠰᠠᠨ ᠪᠠᠭ᠎ᠠ ᠰᠤᠷᠭᠠᠭᠤᠯᠢ ᠳᠤ ᠬᠦᠷᠴᠦ᠂ ᠡᠯ᠎ᠡ | ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠭᠰᠠᠨ ᠪᠠᠶᠢᠳᠠᠯ ᠢ ᠪᠠᠶᠢᠴᠠᠭᠠᠪᠠ᠃ ᠡᠯ᠎ᠡ | ᠰᠤᠷᠭᠠᠭᠤᠯᠢ ᠡᠮᠦᠨᠡᠬᠢ ᠬᠤᠭᠤᠴᠠᠭᠠᠨ ᠤ ᠨᠠᠷᠢᠨ ᠬᠢᠨᠠᠮᠠᠭᠠᠢ ᠪᠡᠯᠡᠳᠬᠡᠯ ᠢᠶᠠᠷ ᠳᠠᠮᠵᠢᠨ᠂ ᠰᠤᠷᠭᠠᠭᠤᠯᠢ ᠡᠬᠢᠯᠡᠭᠰᠡᠨ | ᠠᠩᠬᠠᠨ ᠤ ᠡᠳᠦᠷ ᠡᠮᠬᠢ ᠵᠢᠷᠦᠮ ᠲᠠᠢ ᠪᠠᠶᠢᠨ᠎ᠠ᠃ ᠰᠤᠷᠤᠭᠴᠢᠳ ᠠᠮᠠᠪᠴᠢ ᠵᠡᠭᠦᠵᠦ᠂ ᠴᠠᠭ ᠮᠦᠴᠡ ᠶᠢ ᠴᠢᠩᠭ᠎ᠠ | ᠰᠠᠬᠢᠵᠤ᠂ ᠡᠮᠬᠢ ᠵᠢᠷᠤᠮ ᠲᠠᠢ ᠮᠥᠷᠯᠡᠵᠦ᠂ 2 ᠮᠧᠲᠷ ᠠᠯᠤᠰᠯᠠᠵᠤ᠂ ᠵᠠᠯᠭᠠᠭ᠎ᠠ ᠪᠠᠷ ᠰᠤᠷᠭᠠᠭᠤᠯᠢ ᠳᠠᠭᠠᠨ ᠪᠤᠴᠠᠨ᠎ᠠ᠃ | ᠡᠲᠡᠭᠡᠷ ᠡᠮᠬᠢ ᠵᠢᠷᠦᠮ ᠲᠠᠢ ᠪᠠᠶᠢᠬᠤ ᠨᠢ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ᠂ ᠰᠤᠷᠭᠠᠨ | ᠬᠥᠮᠦᠵᠢᠯ ᠤᠨ ᠰᠢᠰᠲ᠋ᠧᠮ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠵᠤ ᠬᠢᠴᠢᠶᠡᠯ ᠰᠡᠷᠭᠦᠭᠡᠬᠦ ᠠᠵᠢᠯ ᠢ | ᠰᠠᠶᠢᠲᠤᠷ ᠬᠢᠬᠦ ᠶᠢᠨ ᠲᠥᠯᠥᠭᠡ᠂ ᠳᠡᠭᠡᠳᠦ ᠳᠣᠤᠷᠠᠳᠤ ᠱᠠᠲᠤ ᠰᠡᠳᠬᠢᠯ ᠨᠢᠭᠡᠳᠦᠨ᠂ ᠵᠣᠬᠢᠴᠠᠯᠳᠤᠨ ᠬᠤᠯᠪᠣᠭᠠᠯᠠᠨ | ᠬᠥᠳᠡᠯᠦᠯᠴᠡᠵᠦ᠂ ᠰᠢᠷᠭᠠᠭᠤ ᠬᠠᠲᠠᠭᠤᠵᠢᠯᠲᠠᠶ ᠬᠥᠳᠡᠯᠮᠦᠷᠢᠯᠡᠭᠰᠡᠨ ᠦᠷ᠎ᠡ ᠪᠦᠲᠦᠭᠡᠯ ᠪᠣᠯᠤᠨ᠎ᠠ᠃ | | | | | | | | | ᠬᠢᠵᠢᠭ ᠤᠨ ᠪᠠᠶᠢᠳᠠᠯ ᠤᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠨᠥᠬᠦᠴᠡᠯ ᠳᠣᠤᠷᠠᠬᠢ ᠰᠤᠷᠭᠠᠭᠤᠯᠢ ᠡᠬᠢᠯᠡᠬᠦ ᠪᠠ | ᠬᠢᠴᠢᠶᠡᠯ ᠰᠡᠷᠭᠦᠭᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠰᠤᠷᠭᠠᠭᠤᠯᠢ ᠶᠢᠨ ᠬᠦᠷᠢᠶᠡᠨ ᠤ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠢ | ᠰᠠᠶᠢᠲᠤᠷ ᠬᠢᠵᠦ᠂ ︽ᠬᠤᠶᠠᠷ ᠲᠠᠯ᠎ᠠ ᠪᠠᠷ ᠠᠳᠬᠤᠬᠤ︾ ᠶᠢ ᠪᠠᠷᠢᠮᠲᠠᠯᠠᠵᠤ᠂ ︽ᠬᠤᠤᠰ ᠢᠯᠠᠯᠲᠠ︾ ᠶᠢ ᠦᠨᠡᠨᠬᠦ | ᠪᠠᠲᠤᠯᠠᠨ᠎ᠠ᠃ | | |