ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠳᠤᠭᠤᠶᠢᠯᠠᠩ ᠤᠨ 2020 ᠣᠨ ᠤ 2 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-05-08
ᠸᠠᠩ ᠯᠢ ᠰᠢᠶᠠ ᠡᠷᠬᠢᠯᠡᠵᠦ  ᠵᠠᠩ ᠪᠠᠢ ᠴᠧᠩ  ᠾᠧ ᠬᠠᠢ ᠳ᠋ᠦᠩ ᠣᠷᠣᠯᠴᠠᠪᠠ       ︵ᠰᠤᠷᠪᠤᠯᠵᠢᠯᠠᠭᠴᠢ ᠹᠧᠩ ᠶᠠᠨ ᠫᠢᠩ︶ 5 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠳᠤᠭᠤᠶᠢᠯᠠᠩ ᠤᠨ 2020 ᠣᠨ ᠤ 2 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ᠂ ᠪᠦᠬᠦ ᠤᠯᠤᠰ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠯᠪᠠᠨ ᠭᠡᠷ ᠤᠨ ᠡᠷᠬᠢᠯᠡᠭᠴᠢ ᠴᠧᠨ ᠢ ᠰᠢᠨ ᠤ ᠪᠦᠬᠦ ᠤᠯᠤᠰ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠯᠪᠠᠨ ᠭᠡᠷ ᠤᠨ 9 ᠳ᠋ᠦ᠋ᠭᠡᠷ ᠤᠳᠠᠭ᠎ᠠ ᠶᠢᠨ ᠡᠷᠬᠢᠯᠡᠭᠴᠢ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠶᠡᠷᠦᠩᠬᠡᠢ ᠠᠵᠢᠯ ᠤᠨ ᠪᠠᠶᠢᠳᠠᠯ ᠢ ᠰᠣᠨᠣᠰᠴᠤ᠂ ᠭᠡᠷ ᠭᠠᠵᠠᠷ ᠬᠥᠷᠥᠩᠭᠡ ᠶᠢᠨ ᠡᠮᠬᠢ ᠵᠢᠷᠤᠮ ᠦᠭᠡᠢ ᠶᠢ ᠴᠡᠭᠴᠡᠯᠡᠨ ᠵᠠᠰᠠᠬᠤ ᠵᠢᠴᠢ ᠭᠡᠷ ᠭᠠᠵᠠᠷ ᠬᠥᠷᠥᠩᠭᠡ ᠶᠢᠨ ᠲᠥᠷᠥᠯ ᠵᠦᠢᠯ ᠤᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠵᠢᠴᠢ ︽ᠡᠳ᠋ ᠬᠥᠷᠥᠩᠭᠡ ᠳᠤᠨᠢ ᠴᠣᠬᠢᠯᠲᠠ ᠥᠭᠴᠦ ᠠᠮᠢᠨ ᠰᠤᠳᠠᠰᠤ ᠶᠢ ᠨᠢ ᠲᠠᠰᠤᠯᠤᠭᠰᠠᠨ︾ ᠪᠠᠶᠢᠳᠠᠯ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ︽ᠰᠢᠬᠦᠷ ᠢ ᠨᠢ ᠴᠣᠬᠢᠵᠤ ᠲᠣᠣᠷ ᠢ ᠨᠢ ᠡᠪᠳᠡᠭᠰᠡᠨ︾ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠲᠠ ᠶᠢᠨ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠱᠠᠭᠠᠷᠳᠠᠯᠭ᠎ᠠ ᠶᠢ ᠡᠵᠡᠮᠰᠢᠨ᠂ ᠦᠵᠡᠯ ᠰᠠᠨᠠᠭ᠎ᠠ ᠪᠠ ᠠᠵᠢᠯᠯᠠᠭ᠎ᠠ ᠪᠠᠨ ᠲᠥᠪ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠠᠮᠤᠭ ᠤᠨ ᠰᠢᠨ᠎ᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠥᠪ ᠤᠨ ᠣᠳᠣᠬᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠲᠥᠪ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠬᠤᠶᠠᠳᠤᠭᠠᠷ᠂ ᠭᠤᠷᠪᠠᠳᠤᠭᠠᠷ ᠤᠯᠠᠷᠢᠯ ᠤᠨ ᠠᠵᠢᠯ ᠤᠨ ᠪᠠᠶᠢᠷᠢᠯᠠᠭᠤᠯᠤᠯᠲᠠ ᠶᠢ ᠣᠨᠣᠪᠴᠢᠲᠠᠢ ᠡᠵᠡᠮᠰᠢᠵᠦ᠂ ᠲᠥᠪ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠪᠣᠳᠠᠲᠠᠢ ᠲᠣᠬᠢᠷᠠᠭᠤᠯᠤᠯᠲᠠ ᠶᠢ ᠣᠨᠣᠪᠴᠢᠲᠠᠢ ᠡᠵᠡᠮᠰᠢᠵᠦ᠂ ᠲᠤᠰᠬᠠᠢ ᠲᠡᠮᠡᠴᠡᠯ ᠤᠨ ᠬᠠᠮᠤᠭ ᠰᠡᠭᠦᠯᠴᠢ ᠶᠢᠨ ᠰᠢᠢᠳᠪᠦᠷᠢᠲᠦ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ  ᠴᠣᠬᠢᠯᠲᠠ ᠶᠢ ᠥᠷᠨᠢᠭᠦᠯᠦᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠶᠡᠭᠡ ᠰᠢᠢᠳᠪᠦᠷᠢᠲᠦ ᠳᠠᠶᠢᠯᠠᠯᠳᠤᠭᠠᠨ ᠢ ᠡᠬᠢᠯᠡᠭᠦᠯᠵᠦ᠂ ᠲᠥᠪ ᠤᠨ ᠰᠢᠮᠳᠠᠭᠤᠯᠤᠨ ᠪᠠᠶᠢᠴᠠᠭᠠᠯᠲᠠ ᠵᠢᠴᠢ ︽ᠡᠷᠭᠢᠨ ᠬᠠᠷᠠᠵᠤ︾ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠵᠢᠷᠭᠤᠭ᠎ᠠ ᠶᠢ ᠴᠡᠪᠡᠷᠯᠡᠬᠦ︾ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠭᠡᠷ ᠭᠠᠵᠠᠷ ᠬᠥᠷᠥᠩᠭᠡ ᠶᠢᠨ ᠡᠮᠬᠢ ᠵᠢᠷᠤᠮ ᠦᠭᠡᠢ ᠪᠠᠶᠢᠳᠠᠯ ᠢ ᠴᠡᠭᠴᠡᠯᠡᠨ ᠵᠠᠰᠠᠬᠤ ᠪᠠ ᠲᠥᠷᠥᠯ ᠵᠦᠢᠯ ᠤᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠰᠢᠬᠦᠷ ᠢ ᠨᠢ ᠴᠣᠬᠢᠵᠤ ᠲᠣᠣᠷ ᠢ ᠨᠢ ᠡᠪᠳᠡᠬᠦ︾ ᠶᠢ ᠴᠢᠩᠭ᠎ᠠ ᠠᠳᠬᠤᠵᠤ᠂ ᠰᠦᠷ  ᠬᠦᠴᠦᠨ ᠦᠵᠡᠭᠦᠯᠦᠨ  ᠂ ᠠᠶᠤᠳᠠᠯ᠎ᠠ ᠨᠢ ᠴᠤᠬᠢᠯᠳᠠ ᠦᠭᠴᠦ᠂ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠬᠡᠪ ᠰᠤᠷᠲᠠᠯ ᠢ ᠪᠣᠢ ᠪᠣᠯᠭᠠᠨ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠪᠦᠬᠦ ᠲᠠᠯ᠎ᠠ ᠪᠠᠷ ᠬᠦᠴᠦᠯᠡᠨ᠂ ᠨᠡᠶᠢᠯᠡᠯ ᠬᠦᠴᠦᠨ ᠢ ᠪᠦᠷᠢᠯᠳᠦᠭᠦᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠤᠲᠠ ᠶᠢᠨ ᠱᠠᠲᠤᠨ ᠤ ᠳᠠᠭᠠᠭᠠᠴᠢᠯᠠᠨ ᠬᠠᠷᠢᠯᠴᠠᠬᠤ ᠤᠳᠤᠷᠢᠳᠬᠤ ᠨᠥᠬᠦᠳ ᠳᠠᠬᠢᠨᠲᠠ ᠳᠠᠭᠠᠭᠠᠴᠢᠯᠠᠨ ᠬᠠᠷᠢᠯᠴᠠᠬᠤ ᠭᠠᠵᠠᠷ ᠣᠷᠣᠨ ᠳᠠᠭᠠᠨ ᠭᠦᠨᠵᠡᠭᠡᠶᠢᠷᠡᠨ ᠰᠢᠮᠳᠠᠭᠤᠯᠤᠨ ᠵᠢᠯᠣᠭᠤᠳᠴᠤ᠂ ᠠᠰᠠᠭᠤᠳᠠᠯ ᠢ ᠪᠠᠶᠢᠴᠠᠭᠠᠨ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠨᠠᠶᠢᠳᠠᠪᠤᠷᠢᠵᠢᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠪᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠬᠤ ᠨᠥᠬᠦᠳ ᠨᠢᠭᠡᠳᠦᠭᠡᠷ ᠬᠠᠷᠢᠭᠤᠴᠠᠯᠭ᠎ᠠ ᠶᠢᠨ ᠬᠥᠮᠥᠨ ᠤ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠮᠥᠷᠳᠡᠨ ᠰᠢᠮᠳᠠᠭᠤᠯᠬᠤ ᠬᠦᠴᠦᠯᠡᠴᠡ ᠪᠠᠨ ᠴᠢᠩᠭᠠᠳᠬᠠᠵᠤ᠂ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠭᠤᠷᠬᠠᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ᠂ ᠭᠡᠷ ᠭᠠᠵᠠᠷ ᠬᠥᠷᠥᠩᠭᠡ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠵᠡᠷᠭᠡ ᠬᠦᠷᠢᠶᠡᠨ ᠳᠠᠬᠢ ᠡᠮᠬᠢ ᠵᠢᠷᠤᠮ ᠦᠭᠡᠢ ᠪᠠᠶᠢᠳᠠᠯ ᠢ ᠴᠡᠭᠴᠡᠯᠡᠨ ᠵᠠᠰᠠᠬᠤ ᠠᠵᠢᠯᠯᠠᠭ᠎ᠠ ᠪᠠᠨ ᠤᠯᠠᠮ ᠨᠢᠭᠡ ᠠᠯᠬᠤᠮ ᠥᠷᠨᠢᠭᠦᠯᠦᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠢᠯᠠᠯᠲᠠ ᠶᠢ ᠣᠯᠬᠤ ᠬᠦᠴᠦᠷᠬᠡᠭ ᠶᠡᠭᠡ ᠨᠡᠶᠢᠯᠡᠯ ᠬᠦᠴᠦᠨ ᠢ ᠦᠨᠡᠨ ᠬᠦ  ᠪᠦᠷᠢᠯᠳᠦᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠬᠦᠢᠴᠡᠳᠭᠡᠵᠦ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠡᠴᠦᠰ ᠤᠨ ᠢᠯᠠᠯᠲᠠ ᠶᠢ ᠲᠡᠮᠡᠴᠡᠨ ᠣᠯᠬᠤ ᠬᠡᠷᠡᠭᠲᠡᠶ ᠭᠡᠵᠡᠢ᠃       ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠾᠧ ᠬᠠᠢ ᠳ᠋ᠦᠩ ᠵᠢᠴᠢ ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号