ᠵᠠᠩ ᠪᠠᠢ ᠴᠧᠩ ᠣᠷᠣᠯᠴᠠᠪᠠ | ︵ᠰᠤᠷᠪᠤᠯᠵᠢᠯᠠᠭᠴᠢ ᠹᠧᠩ ᠶᠠᠨ ᠫᠢᠩ︶ 5 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ | ᠯᠢ ᠰᠢᠶᠠ ᠪᠦᠬᠦ ᠬᠤᠲᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠡᠷᠡᠰ ᠣᠯᠬᠤ ᠤᠳᠤᠷᠢᠳᠬᠤ ᠳᠤᠭᠤᠶᠢᠯᠠᠩ ᠤᠨ 2020 ᠣᠨ ᠤ 1 ᠳ᠋ᠦ᠋ᠭᠡᠷ ᠤᠳᠠᠭ᠎ᠠ ᠶᠢᠨ ᠬᠤᠷᠠᠯ ᠢ | ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠣᠯᠬᠤ ᠪᠣᠯ ᠨᠠᠮ ᠤᠨ ᠲᠥᠪ ᠬᠤᠷᠢᠶ᠎ᠠ ᠶᠢᠨ ᠲᠣᠭᠲᠠᠭᠠᠭᠰᠠᠨ ︽ | ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠨᠢᠭᠡ ᠪᠠᠶᠢᠵᠤ᠂ ᠡᠷᠬᠡᠪᠰᠢ ᠪᠡᠶᠡᠯᠡᠭᠦᠯᠬᠦ ᠤᠯᠤᠰ | ᠲᠥᠷᠥ ᠶᠢᠨ ᠡᠭᠦᠷᠭᠡ ᠪᠣᠯᠣᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠠᠮᠢ ᠠᠬᠤᠢ ᠶᠢ ᠤᠷᠢᠳᠠᠪᠠᠷ | ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠠᠰᠠᠭᠤᠳᠠᠯ ᠪᠠ ᠬᠦᠷᠦᠯᠴᠡᠬᠦ ᠦᠭᠡᠢ | ᠲᠠᠯ᠎ᠠ ᠳᠠᠭᠠᠨ ᠵᠥᠪ ᠬᠠᠨᠳᠤᠨ᠂ ᠡᠷᠭᠢᠴᠡᠭᠦᠯᠦᠨ ᠲᠤᠩᠭᠠᠵᠤ᠂ ᠴᠠᠭ ᠤᠨ ᠤᠬᠠᠮᠰᠠᠷ᠂ ᠪᠣᠭᠤᠮᠲᠠ ᠰᠢᠪᠲᠤᠯᠬᠤ | ᠤᠬᠠᠮᠰᠠᠷ᠂ ᠨᠠᠶᠢᠳᠠᠪᠤᠷᠢᠵᠢᠭᠤᠯᠬᠤ ᠤᠬᠠᠮᠰᠠᠷ ᠢᠶᠠᠨ ᠴᠢᠩᠭᠠᠳᠬᠠᠨ᠂ ᠬᠡᠪ ᠰᠤᠷᠲᠠᠯ ᠢ ᠰᠠᠶᠢᠵᠢᠷᠠᠭᠤᠯᠬᠤ ᠪᠠᠷ | ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠥᠬᠡᠬᠤᠲᠠ ᠶᠢᠨ ᠣᠭᠲᠠᠷᠭᠤᠢ ᠶᠢ ᠨᠡᠩ ᠬᠥᠬᠡ ᠤᠰᠤ ᠶᠢ | ᠨᠡᠩ ᠲᠤᠩᠭᠠᠯᠠᠭ ᠠᠭᠠᠷ ᠢ ᠨᠡᠩ ᠴᠡᠪᠡᠷ ᠪᠣᠯᠭᠠᠬᠤ ᠬᠡᠷᠡᠭᠲᠡᠢ ᠭᠡᠵᠡᠢ᠃ | ᠸᠠᠩ ᠯᠢ ᠰᠢᠶᠠ ᠴᠢᠬᠤᠯᠠᠴᠢᠯᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ | ᠶᠡᠷᠦᠩᠬᠡᠶᠢᠯᠡᠨ ᠵᠠᠰᠠᠬᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ᠂ ᠬᠥᠳᠡᠭᠡ ᠲᠣᠰᠬᠤᠨ ᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ᠂ ᠨᠡᠭᠦᠷᠡᠰᠦ ᠶᠢ ᠵᠠᠳᠠᠭᠠᠢ ᠰᠢᠳᠠᠭᠠᠬᠤ᠂ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ | ᠂ ︽ ᠲᠠᠷᠠᠬᠠᠢ ᠪᠤᠳᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠤᠯ ᠶᠡᠬᠡᠲᠡᠢ︾ ᠠᠵᠤ ᠠᠬᠤᠶᠢᠯᠠᠯ ᠢ ᠴᠡᠪᠡᠷᠯᠡᠨ | ᠴᠡᠭᠴᠡᠯᠡᠬᠦ᠂ ᠠᠮᠢ ᠠᠬᠤᠢ ᠶᠢ ᠨᠤᠭᠤᠭᠠᠷᠠᠭᠤᠯᠬᠤ᠂ ᠵᠠᠰᠠᠮᠠᠯ ᠵᠠᠮ ᠳᠠᠭᠠᠤ ᠶᠢᠨ ᠬᠤᠭ ᠨᠣᠪᠰᠢ ᠶᠢ ᠴᠡᠪᠡᠷᠯᠡᠬᠦ᠂ | ᠲᠠᠷᠢᠶᠠᠯᠠᠩ ᠠᠵᠤ ᠠᠬᠤᠢ ᠶᠢᠨ ᠲᠠᠷᠬᠠᠮᠠᠯ ᠡᠬᠢᠲᠦ ᠪᠣᠬᠢᠷᠲᠤᠯ ᠢ ᠵᠠᠰᠠᠬᠤ ᠵᠡᠷᠭᠡ ᠠᠵᠢᠯ ᠢ ᠴᠢᠩᠭ᠎ᠠ ᠠᠳᠬᠤᠵᠤ᠂ | ᠡᠭᠦᠷᠭᠡ ᠬᠠᠷᠠᠯᠲᠠ ᠪᠠ ᠳᠣᠪᠣᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠪᠡᠷᠬᠡ ᠳᠤ ᠲᠤᠯᠤᠨ ᠬᠢᠨᠠᠮᠠᠭᠠᠢ ᠬᠢᠵᠦ᠂ | ᠨᠢᠭᠡ ᠨᠢᠭᠡ ᠪᠠᠷ ᠪᠣᠭᠤᠮᠲᠠ ᠰᠢᠪᠲᠤᠯᠤᠨ᠂ ᠨᠢᠭᠡ ᠨᠢᠭᠡ ᠪᠠᠷ ᠠᠬᠢᠭᠤᠯᠵᠤ᠂ ᠨᠢᠭᠡ ᠨᠢᠭᠡ ᠪᠠᠷ ᠰᠢᠢᠳᠪᠦᠷᠢᠯᠡᠨ᠂ | ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ ᠭᠡᠵᠡᠢ᠃ | ᠸᠠᠩ ᠯᠢ ᠰᠢᠶᠠ ᠵᠢᠭᠠᠵᠤ ᠭᠠᠷᠭᠠᠭᠰᠠᠨ ᠨᠢ᠂ ᠪᠦᠬᠦ ᠬᠤᠲᠠ ᠶᠢᠨ ︽ᠰᠤᠷᠲᠠᠯ ᠢᠶᠠᠨ ᠬᠤᠪᠢᠷᠠᠭᠤᠯᠵᠤ᠂ | ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠵᠣᠷᠢᠭᠲᠠᠢ ᠡᠭᠦᠷᠭᠡᠯᠡᠬᠦ︾ ᠠᠵᠢᠯ ᠤᠨ ᠳᠠᠶᠢᠴᠢᠯᠠᠯᠲᠠ ᠶᠢᠨ ᠬᠤᠷᠠᠯ | ᠳᠡᠭᠡᠷ᠎ᠡ ᠳᠤᠷᠠᠳᠤᠭᠰᠠᠨ ︽ᠳᠣᠯᠤᠭ᠎ᠠ ᠶᠢ ᠠᠷᠢᠯᠭᠠᠵᠤ ᠳᠣᠯᠤᠭ᠎ᠠ ᠶᠢ ᠪᠣᠢ ᠪᠣᠯᠭᠠᠬᠤ︾ ᠱᠠᠭᠠᠷᠳᠠᠯᠭ᠎ᠠ ᠶᠣᠰᠣᠭᠠᠷ᠂ ︽ | ᠳᠥᠷᠪᠡᠨ ᠰᠤᠷᠲᠠᠯ︾ ᠤᠨ ᠠᠰᠠᠭᠤᠳᠠᠯ ᠤᠨ ᠰᠢᠨ᠎ᠡ ᠢᠯᠡᠷᠡᠯ ᠢ ᠡᠷᠡᠰ ᠵᠠᠰᠠᠵᠤ᠂ ᠣᠳᠣ ᠠᠴᠠ ᠡᠬᠢᠯᠡᠨ᠂ | ᠤᠳᠤᠷᠢᠳᠬᠤ ᠺᠠᠳ᠋ᠷ ᠨᠢᠭᠡᠪᠦᠷᠢ ᠠᠴᠠ ᠲᠣᠯᠣᠭᠠᠶᠢᠯᠠᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠬᠠᠷᠢᠭᠤᠴᠠᠯᠭ᠎ᠠ ᠶᠢ ᠴᠢᠩᠭ᠎ᠠ ᠡᠭᠦᠷᠭᠡᠯᠡᠨ᠂ ᠮᠠᠨ ᠤ ᠬᠤᠲᠠ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠵᠢᠯᠯᠠᠭ᠎ᠠ ᠶᠢᠨ ᠲᠥᠯᠥᠪᠯᠡᠭᠡ ᠳᠤ ᠲᠣᠭᠲᠠᠭᠠᠭᠰᠠᠨ ᠡᠯ᠎ᠡ | ᠵᠦᠢᠯ ᠤᠨ ᠡᠭᠦᠷᠭᠡ ᠶᠣᠰᠣᠭᠠᠷ᠂ ᠬᠠᠷᠢᠯᠴᠠᠨ ᠬᠠᠪᠰᠤᠷᠤᠯᠴᠠᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠨ᠂ | ᠠᠷᠢᠯᠭᠠᠬᠤ ᠪᠠ ᠪᠣᠢ ᠪᠣᠯᠭᠠᠬᠤ ᠶᠢ ᠬᠠᠮᠲᠤ ᠳᠤᠨᠢ ᠪᠠᠷᠢᠮᠲᠠᠯᠠᠵᠤ᠂ ᠬᠠᠮᠤᠭ ᠤᠨ ᠡᠷᠡᠰ ᠳᠠᠰᠤᠷᠬᠠᠢ ᠣᠪᠣᠷ᠂ | ᠬᠠᠮᠤᠭ ᠤᠨ ᠪᠣᠳᠠᠲᠠᠢ ᠶᠢ ᠡᠷᠬᠢᠮᠯᠡᠬᠦ ᠰᠤᠷᠲᠠᠯ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠳᠤ ᠦᠨᠡᠨ ᠪᠣᠳᠠᠲᠠᠢ ᠦᠷ᠎ᠡ ᠪᠦᠲᠦᠮᠵᠢ ᠣᠯᠵᠤ᠂ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠥᠬᠡᠬᠤᠲᠠ ᠶᠢᠨ ᠡᠯ᠎ᠡ ᠦᠨᠳᠦᠰᠦᠲᠡᠨ ᠤ ᠣᠯᠠᠨ | ᠲᠦᠮᠡᠨ ᠳᠤ ᠨᠢᠭᠡ ᠬᠤᠪᠢ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠡᠢ᠃ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ | ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ᠂ ᠬᠤᠲᠠ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠣᠯᠬᠤ ᠤᠳᠤᠷᠢᠳᠬᠤ | ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠪᠠ᠃ |