ᠮᠠᠷᠳᠠᠵᠤ ᠪᠤᠯᠤᠰᠢ ᠦᠭᠡᠢ ᠲᠡᠦᠭᠡ · ᠬᠤᠪᠢᠰᠬᠠᠯᠴᠢᠳ ᠤᠨ ᠴᠠᠳᠢᠭ —  ᠭᠤᠤ ᠯᠢᠩ ᠫᠢᠩ
ᠨᠡᠶᠢᠲᠡᠯᠡᠭᠰᠡᠨ ᠴᠠᠭ᠄
2020-05-08
     ᠭᠤᠤ ᠯᠢᠩ ᠫᠢᠩ ︵1908-1940︶ ᠣᠣᠯ ᠨᠡᠷ᠎ᠡ ᠭᠤᠤ ᠸᠠᠨ ᠱᠧᠩ᠂ ᠡᠷᠡᠭᠳᠡᠢ᠂ ᠬᠢᠲᠠᠳ ᠦᠨᠳᠦᠰᠦᠳᠡᠨ᠂ ᠦᠪᠦᠷ ᠮᠤᠩᠭᠤᠯ  ᠤᠨ ᠶᠡᠭᠡ ᠵᠤᠤ ᠠᠶᠢᠮᠠᠭ ᠤᠨ ᠬᠠᠩᠬᠢᠨ ᠬᠤᠰᠢᠭᠤᠨ ᠤ ᠬᠠᠩᠭᠢᠨᠨᠠᠭᠤᠷ ᠤᠨ  ᠪᠣᠤ ᠸᠧᠢ  ᠲᠤᠰᠬᠤᠨ ᠤ ᠬᠦᠮᠦᠨ᠃      ᠭᠤᠤ ᠯᠢᠩ ᠫᠢᠩ 1931 ᠣᠨ ᠳᠤ ᠭᠦᠢ ᠰᠦᠢ ᠲᠤᠮᠳᠠᠳᠤ ᠰᠤᠷᠭᠠᠭᠤᠯᠢ ᠠᠴᠠ ᠲᠡᠭᠦᠰᠦᠭᠰᠡᠨ ᠤ ᠲᠠᠷᠠᠭ᠎ᠠ ᠪᠸᠢᠢᠫᠢᠩ ᠤᠨ ᠲᠠᠷᠢᠶᠠᠯᠠᠩ ᠤᠨ ᠲᠡᠭᠡᠳᠦ ᠰᠤᠷᠭᠠᠭᠤᠯᠢ ᠳᠤ ᠰᠢᠯᠭᠠᠨ ᠤᠷᠤᠪᠠ᠃1935 ᠤᠨ ᠳᠤ᠂ ᠲᠡᠷᠡ ᠪᠸᠢᠢᠫᠢᠩ ᠳᠤ ︽ᠨᠢᠭᠡ ᠰᠠᠷ᠎ᠠ ᠶᠢᠨ ᠬᠤᠷᠢ ᠶᠢᠰᠦᠨ︾ ᠤ ᠬᠦᠳᠡᠯᠭᠡᠭᠡᠨ ᠳᠤ ᠤᠷᠤᠯᠴᠠᠬᠤ ᠳᠠᠭᠠᠨ ᠪᠠᠷᠢᠭᠳᠠᠵᠤ ᠬᠢᠨᠳᠠᠨ ᠳᠤ ᠤᠷᠤᠵᠠᠢ᠃ ᠨᠠᠮ ᠠᠴᠠ ᠲᠡᠭᠦᠨ ᠢ ᠬᠢᠨᠳᠠᠨ ᠠᠴᠠ ᠠᠪᠤᠷᠠᠵᠤ ᠭᠠᠷᠭᠠᠪᠠ᠃      1936 ᠣᠨ ᠳᠤ᠂ ᠭᠤᠤ ᠯᠢᠩ ᠫᠢᠩ ᠲᠤᠮᠳᠠᠳᠤ ᠤᠯᠤᠰ ᠤᠨ ᠡᠪ ᠬᠠᠮᠳᠤ ᠨᠠᠮ ᠳᠤ ᠤᠷᠤᠪᠠ᠃  ᠮᠦᠨ ᠲᠤᠰ ᠵᠢᠯ ᠶᠡᠭᠡ ᠰᠤᠷᠭᠠᠭᠤᠯᠢ ᠪᠠᠨ ᠲᠡᠭᠦᠰᠦᠭᠰᠡᠨ ᠤ ᠲᠠᠷᠠᠭ᠎ᠠ ᠰᠦᠢ ᠶᠤᠸᠠᠨ ᠳᠤ ᠪᠤᠴᠠᠵᠤ ᠪᠤᠷᠤᠳᠤᠬᠠᠢ ᠶᠢᠨ ᠱᠠᠨ ᠰᠢ  ᠶᠢᠨ ᠴᠡᠷᠢᠭ ᠰᠠᠭᠤᠵᠤ ᠠᠳᠠᠷ ᠬᠠᠭᠠᠯᠪᠤᠷᠢᠯᠠᠬᠤ ᠬᠡᠷᠡᠭ ᠡᠷᠬᠢᠯᠡᠬᠦ ᠭᠠᠵᠠᠷ ᠲᠤ ᠮᠡᠷᠭᠡᠵᠢᠯ ᠤᠨ ᠠᠵᠢᠯᠳᠠᠨ ᠢᠶᠠᠷ ᠠᠵᠢᠯᠯᠠᠵᠠᠢ᠃1937 ᠣᠨ ᠤ10 ᠳ᠋ᠤᠭᠠᠷ ᠰᠠᠷ᠎ᠠ ᠳᠤ ᠰᠦᠢ ᠶᠤᠸᠠᠨ ᠮᠤᠵᠢ ᠶᠢᠨ ᠤᠯᠤᠰ ᠠᠷᠠᠳ ᠤᠨ ᠴᠡᠷᠢᠭ ᠤᠨ ᠨᠢᠭᠡᠳᠦᠭᠡᠷ ᠬᠤᠷᠢᠶ᠎ᠠ ᠶᠢᠨ ᠤᠯᠤᠰ ᠲᠥᠷᠥ ᠶᠢᠨ ᠪᠣᠯᠪᠠᠰᠤᠷᠠᠯ  ᠤᠨ ᠭᠠᠵᠠᠷ ᠤᠯᠤᠰ ᠲᠦᠷᠥ ᠶᠢᠨ ᠰᠤᠷᠭᠠᠭᠴᠢ ᠪᠠᠷ ᠠᠵᠢᠯᠯᠠᠵᠤ᠂ ᠨᠦᠬᠦᠷ ᠴᠡᠷᠢᠭ ᠤᠨ ᠠᠵᠢᠯ ᠢ ᠬᠢᠵᠡᠢ᠃1938 ᠣᠨ ᠤ 4 ᠳ᠋ᠤᠭᠡᠷ ᠰᠠᠷ᠎ᠠ ᠳᠤ  ᠶᠠᠨ ᠠᠨ ᠳᠤ ᠪᠤᠴᠠᠪᠠ᠃ 5 ᠳ᠋ᠤᠭᠠᠷ ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠲᠡᠰ ᠤᠨ ᠲᠤᠬᠢᠷᠠᠭᠤᠯᠤᠯᠲᠠ ᠪᠠᠷ ᠱᠠᠨ ᠰᠢ ᠶᠢᠨ ᠴᠡᠷᠢᠭ ᠤᠨ ᠸᠠᠩ ᠵᠢᠩ ᠭᠦᠸᠧ ᠤᠨ ᠬᠡᠯᠲᠡᠰ ᠲᠤ ᠨᠢᠭᠡᠳᠦᠮᠡᠯ ᠹᠷᠤᠨᠲ ᠤᠨ ᠠᠵᠢᠯ ᠢ ᠬᠢᠵᠦ᠂ ᠲᠠᠷᠠᠭ᠎ᠠ ᠪᠠᠷ ᠨᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠱᠠᠨ ᠰᠢ ᠶᠢᠨ ᠪᠠᠷᠠᠭᠤᠨ ᠬᠤᠶᠢᠳᠤ ᠤᠷᠤᠨ ᠤ ᠬᠤᠷᠢᠶ᠎ᠠ ᠳᠤ ᠨᠠᠷᠢᠨ ᠪᠢᠴᠢᠭᠡᠴᠢ ᠶᠢᠨ ᠲᠤᠰᠢᠶᠠᠯ ᠢ ᠬᠠᠷᠢᠭᠤᠴᠠᠵᠠᠢ᠃      1939 ᠣᠨ ᠳᠤ ᠨᠠᠢᠮᠠᠳᠤᠭᠠᠷ ᠵᠠᠮ ᠤᠨ ᠴᠡᠷᠢᠭ ᠤᠨ ᠲᠠᠯᠠᠨ ᠬᠠᠷ᠎ᠠ ᠠᠭᠤᠯᠠ ᠶᠢᠨ ᠰᠠᠯᠪᠤᠷᠢ ᠠᠩᠭᠢ ᠶᠢᠨ ᠲᠣᠮᠢᠯᠠᠯᠲᠠ ᠪᠠᠷ ᠭᠤᠤ ᠯᠢᠩ ᠫᠢᠩ ᠲᠦᠮᠡᠳ ᠤᠨ ᠲᠠᠯ᠎ᠠ ᠳᠤ ᠬᠦᠷᠴᠦ ᠤᠯᠠᠨ ᠲᠦᠮᠡᠨᠴᠢ ᠴᠢᠨᠠᠷᠳᠠᠢ ᠶᠠᠫᠤᠨ ᠢ ᠡᠰᠡᠷᠭᠦᠴᠡᠬᠦ ᠠᠵᠢᠯ ᠪᠠ ᠵᠠᠰᠠᠭ ᠪᠠᠶᠢᠭᠤᠯᠬᠤ ᠠᠵᠢᠯ ᠢ ᠬᠢᠪᠡ᠃ ᠭᠤᠤ ᠯᠢᠩ ᠫᠢᠩ ᠭᠤᠤᠯᠳᠠᠭᠤ ᠬᠦᠬᠡᠬᠤᠲᠠ ᠠᠴᠠ ᠪᠠᠷᠠᠭᠤᠨᠰᠢᠬᠢ ᠱᠠᠩᠳᠠ ᠤᠷᠴᠢᠮ ᠢᠶᠠᠷ ᠠᠵᠢᠯᠯᠠᠭ᠎ᠠ ᠶᠠᠪᠤᠭᠤᠯᠵᠤ ᠪᠠᠶᠢᠵᠠᠢ᠃      1940 ᠣᠨ ᠤ ᠡᠬᠢ ᠪᠠᠷ᠂ ᠭᠤᠤ ᠯᠢᠩ ᠫᠢᠩ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠭᠲᠠᠬᠤ ᠰᠢᠶᠠᠨ ᠤ ᠠᠵᠢᠯᠯᠠᠬᠤ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠵᠤ᠂ ᠱᠠᠩᠳᠠ᠂ ᠯᠤᠤᠰ᠂ ᠪᠤᠳᠤᠩ ᠭᠤᠣᠯ᠂ ᠵᠤ ᠲᠡᠭᠡᠷ᠎ᠡ᠂ ᠠᠮᠢᠨ᠂ ᠶᠧ ᠴᠠᠩ᠂ ᠯᠠᠮᠠ ᠶᠢᠨ ᠠᠶᠢᠯ᠂ ᠴᠣᠬᠤᠷ᠂ ᠲᠠᠯᠢᠪᠠᠷ  ᠵᠡᠷᠭᠡ ᠲᠤᠰᠬᠤᠨ ᠢᠶᠠᠷ ᠭᠤᠣᠯ ᠠᠵᠢᠯᠯᠠᠭᠠᠨ ᠤ ᠤᠷᠤᠨ ᠢᠶᠠᠨ ᠪᠤᠯᠭᠠᠵᠤ᠂ ᠶᠠᠫᠤᠨ ᠢ ᠡᠰᠡᠷᠭᠦᠴᠡᠵᠦ ᠤᠯᠤᠰ ᠠᠴᠠ ᠠᠪᠤᠷᠠᠬᠤ ᠡᠪᠯᠡᠯ ᠪᠠ ᠫᠠᠷᠲ᠋ᠢᠽᠠᠨ ᠠᠩᠭᠢ ᠶᠢ ᠨᠢᠭᠤᠴᠠ ᠪᠠᠷ ᠵᠤᠬᠢᠶᠠᠨ ᠪᠠᠶᠢᠭᠤᠯᠵᠤ᠂ ᠲᠠᠷᠢᠶᠠᠴᠢᠳ ᠢ ᠵᠤᠬᠢᠶᠠᠨ ᠪᠠᠶᠢᠭᠤᠯᠤᠨ ᠵᠠᠯᠢᠬᠠᠢ ᠶᠢ ᠠᠷᠢᠯᠭᠠᠵᠤ ᠲᠠᠩᠨᠠᠭᠤᠯ ᠢ ᠡᠰᠡᠷᠭᠦᠴᠡᠬᠦ᠂ ᠤᠷᠢᠶ᠎ᠠ ᠯᠤᠽᠦ᠋ᠩ ᠨᠠᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠨᠢᠭᠤᠴᠠ ᠮᠡᠳᠡᠭᠡ ᠴᠤᠭᠯᠠᠭᠤᠯᠬᠤ ᠪᠠ ᠲᠠᠮᠵᠢᠭᠤᠯᠬᠤ᠂ ᠡᠳ᠋ ᠪᠤᠳᠠᠰ ᠬᠤᠷᠢᠶᠠᠨ ᠴᠤᠭᠯᠠᠭᠤᠯᠬᠤ ᠵᠡᠷᠭᠡ ᠠᠵᠢᠯᠯᠠᠭ᠎ᠠ ᠶᠢ ᠶᠠᠪᠤᠭᠤᠯᠵᠤ ᠪᠠᠶᠢᠵᠠᠢ᠃ ᠤᠯᠠᠨ ᠲᠦᠮᠡᠨ ᠢ ᠬᠦᠢᠴᠡᠳ ᠲᠠᠶᠢᠴᠢᠯᠠᠭᠰᠠᠨ ᠰᠠᠭᠤᠷᠢᠨ ᠲᠡᠭᠡᠷ᠎ᠡ ᠪᠠᠰᠠ ᠢᠳᠡᠪᠬᠢᠲᠡᠨ ᠢ ᠬᠦᠮᠦᠵᠢᠬᠦᠯᠵᠦ᠂ ᠨᠠᠮ ᠤᠨ ᠭᠡᠰᠢᠭᠦᠨ ᠪᠤᠯᠭᠠᠨ᠂ ᠦᠨᠳᠦᠰᠦᠨ ᠱᠠᠳᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠪᠠ᠃ ᠭᠤᠤ ᠯᠢᠩ ᠫᠢᠩ ᠪᠠᠰᠠ ᠨᠢᠭᠡ ᠪᠦᠯᠦᠭ ᠢᠳᠡᠪᠬᠢᠲᠡᠨ ᠢ ᠲᠠᠭᠠᠭᠤᠯᠵᠤ ᠲᠠᠯᠠᠨ ᠬᠠᠷ᠎ᠠ ᠠᠭᠤᠯᠠᠨ ᠲᠡᠭᠡᠷ᠎ᠡ ᠭᠠᠷᠴᠤ᠂ ᠺᠠᠳ᠋ᠷᠴᠤᠳ ᠤᠨ ᠪᠤᠯᠪᠠᠰᠤᠷᠠᠭᠤᠯᠤᠯ ᠤᠨ ᠠᠩᠭᠢ ᠳᠤ ᠤᠷᠤᠯᠴᠠᠭᠤᠯᠵᠤ᠂ ᠨᠠᠮ ᠳᠤ ᠺᠠᠳ᠋ᠷ ᠬᠦᠮᠦᠵᠢᠬᠦᠯᠵᠦ ᠦᠭᠴᠡᠢ᠃7 ᠳ᠋ᠤᠭᠠᠷ ᠰᠠᠷ᠎ᠠ ᠳᠤ ᠤᠷᠪᠠᠭᠴᠢ ᠬᠤ᠋ ᠯᠢᠶᠠᠩ ᠲᠠᠶᠢᠰᠤᠨ ᠲᠠᠢ ᠰᠦᠯᠪᠡᠭᠡᠯᠳᠦᠵᠦ ᠯᠤᠤᠰ ᠲᠤᠰᠬᠤᠨ ᠳᠤ ᠭᠤᠤ ᠯᠢᠩ ᠫᠢᠩ ᠢ ᠪᠠᠷᠢᠵᠤ ᠠᠪᠤᠭᠠᠳ ᠠᠮᠢᠳᠤ ᠪᠠᠷ ᠨᠢ ᠪᠣᠯᠠᠵᠤ᠂ ᠲᠤᠭᠲᠠᠬᠤ ᠰᠢᠶᠠᠨ ᠤ ᠨᠠᠮ ᠤᠨ ᠠᠵᠢᠯᠯᠠᠬᠤ ᠬᠤᠷᠢᠶ᠎ᠠ ᠬᠦᠨᠳᠦ ᠨᠤᠴᠢᠳᠠᠢ ᠡᠪᠳᠡᠭᠳᠡᠪᠡ᠃      ᠢᠷᠡᠯᠲᠡ᠄ ︽ᠬᠦᠬᠡᠬᠤᠲᠠ ᠶᠢᠨ ᠬᠤᠪᠢᠰᠬᠠᠯ ᠤᠨ ᠲᠡᠦᠭᠡ︾ ︵ᠦᠪᠦᠷ ᠮᠤᠩᠭᠤᠯ ᠤᠨ ᠶᠡᠭᠡ  ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂1999 ᠣᠨ ᠤ ᠬᠡᠪᠯᠡᠯ︶ ᠠᠴᠠ ᠤᠷᠴᠢᠭᠤᠯᠪᠠ
 
ᠢᠷᠡᠯᠲᠡ᠄ ︽ᠬᠦᠬᠡᠬᠤᠲᠠ ᠶᠢᠨ ᠬᠤᠪᠢᠰᠬᠠᠯ ᠤᠨ ᠲᠡᠦᠭᠡ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号