ᠬᠦᠬᠡᠬᠤᠳᠠ ᠶᠢᠨ ᠪᠤᠳᠠᠰ ᠤᠨ ᠪᠤᠰᠤ ᠰᠤᠶᠤᠯ ᠤᠨ ᠦᠪ ᠤᠨ ᠠᠵᠢᠯ ᠤᠯᠭᠤᠯᠳᠠ ᠶᠢᠨ ᠦᠷᠳᠡᠭᠡ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2020/5/8
      4 ᠰᠠᠷ᠎ᠠ ᠶᠢᠨ 28 ᠤ ᠡᠳᠤᠷ᠂ ᠬᠦᠬᠡᠬᠤᠳᠠ ᠶᠢᠨ ᠪᠤᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠯᠲᠠ ᠶᠢᠨ ᠥᠷᠲᠡᠭᠡ ᠮᠤᠨᠢ ᠠᠭᠤᠯᠠ ᠶᠢᠨ ᠪᠤᠳᠠᠰ ᠤᠨ ᠪᠤᠰᠤ ᠰᠣᠶᠣᠯ ᠤᠨ ᠦᠪ ᠤᠨ ᠰᠠᠭᠤᠷᠢᠨ ᠳᠤ ᠪᠠᠶᠢᠭᠤᠯᠤᠭᠳᠠᠪᠠ᠃      ᠲᠤᠰ ᠦᠷᠳᠡᠭᠡ ᠨᠢ ᠮᠤᠨᠢ ᠠᠭᠤᠯᠠ ᠶᠢᠨ ᠪᠤᠳᠠᠰ ᠤᠨ ᠪᠤᠰᠤ ᠰᠤᠶᠤᠯ ᠤᠨ ᠦᠪ ᠤᠨ ᠰᠠᠭᠤᠷᠢᠨ ᠪᠠ ᠦᠪᠡᠷᠳᠡᠭᠡᠨ ᠵᠠᠰᠠᠬᠤ ᠤᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠨ ᠬᠥᠮᠥᠵᠢᠯ ᠤᠨ ᠦᠢᠯᠡᠳᠦᠯᠭᠡ ᠶᠢᠨ ᠰᠠᠭᠤᠷᠢᠨ ᠤ ᠳᠠᠪᠴᠠᠩ ᠬᠢᠬᠡᠳ ᠬᠠᠮᠳᠤ ᠨᠢᠭᠡᠴᠢ ᠳᠤ ᠲᠦᠰᠢᠭᠯᠡᠨ᠂ ᠪᠤᠳᠠᠰ ᠤᠨ ᠪᠤᠰᠤ ᠰᠤᠶᠤᠯ ᠤᠨ ᠦᠪ ᠢᠶᠠᠷ ᠬᠦᠳᠡᠯᠭᠡᠭᠦ ᠬᠦᠴᠦᠨ ᠪᠤᠯᠭᠠᠵᠤ᠂ ᠲᠤᠰᠬᠤᠨ ᠬᠢᠬᠡᠳ ᠠᠵᠤ ᠠᠬᠤᠢᠢᠯᠠᠯ ᠬᠠᠮᠳᠤᠷᠠᠨ ᠡᠵᠡᠩᠨᠡᠭᠦ ᠪᠠᠷ ᠭᠤᠤᠯ ᠠᠷᠭ᠎ᠠ ᠬᠡᠯᠪᠡᠷᠢ ᠪᠤᠯᠭᠠᠵᠤ᠂ ᠪᠤᠳᠠᠰ ᠤᠨ ᠪᠤᠰᠤ ᠰᠣᠶᠣᠯ ᠤᠨ ᠥᠪ ᠢᠶᠠᠷ ᠬᠦᠳᠡᠭᠡ ᠳᠤᠰᠬᠤᠨ ᠤ ᠬᠦᠭᠵᠢᠨ ᠮᠠᠨᠳᠤᠯᠳᠠ ᠶᠢ ᠳᠡᠳᠭᠦᠬᠦ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠬᠦ ᠪᠣᠯᠣᠨ᠎ᠠ᠃      ᠦᠷᠳᠡᠭᠡ ᠪᠠᠶᠢᠭᠤᠯᠤᠭᠳᠠᠬᠤ ᠶᠤᠰᠤᠯᠠᠯ ᠳᠡᠭᠡᠷ᠎ᠡ ᠨᠡᠷᠡᠳᠦ ᠳᠠᠭᠤᠴᠢᠨ ᠰᠤᠶᠤᠯᠴᠡᠴᠡᠭ ᠰᠢᠭᠤᠳ ᠨᠡᠪᠳᠡᠷᠡᠭᠦᠯᠭᠡ ᠬᠢᠵᠤ᠂ ᠲᠤᠬᠠᠢ ᠶᠢᠨ ᠭᠠᠵᠠᠷ ᠤᠨ ᠤᠨᠴᠠ ᠭᠠᠷᠤᠯᠳᠠ ᠪᠠ ᠠᠷᠠᠰᠤᠨ ᠤᠷᠠᠯᠠᠯ᠂ ᠬᠠᠶᠢᠴᠢᠯᠠᠮᠠᠯ᠂ ᠪᠦᠰ ᠤᠷᠠᠯᠠᠯ᠂ ᠢᠳᠡᠭᠡᠨ ᠤᠮᠳᠠᠭᠠᠨ ᠵᠡᠷᠭᠡ ᠪᠤᠳᠠᠰ ᠤᠨ ᠪᠤᠰᠤ ᠰᠤᠶᠤᠯ ᠤᠨ ᠦᠪ ᠢ ᠰᠦᠯᠵᠢᠶ᠎ᠡ ᠪᠠᠷ ᠳᠠᠮᠵᠢᠭᠤᠯᠵᠤ ᠣᠯᠠᠨ᠎ᠠ ᠳᠠᠨᠢᠯᠴᠠᠭᠤᠯᠪᠠ᠃ ᠶᠤᠰᠤᠯᠠᠯ ᠳᠤ ᠪᠠᠰᠠ ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠭᠴᠢᠳ ᠤᠷᠢᠯᠭ᠎ᠠ ᠪᠠᠷ ᠤᠷᠤᠯᠴᠠᠵᠤ᠂ ᠬᠦᠷᠦᠯᠴᠡᠨ ᠢᠷᠡᠭᠰᠡᠨ ᠦᠵᠡᠭᠴᠢᠳ ᠲᠠᠢ ᠬᠠᠮᠳᠤ ᠪᠤᠳᠠᠰ ᠤᠨ ᠪᠤᠰᠤ ᠰᠤᠶᠤᠯ ᠤᠨ ᠦᠪ ᠤᠨ ᠳᠠᠳᠠᠬᠤ ᠬᠦᠴᠦᠨ ᠢ ᠰᠦᠯᠵᠢᠶᠡᠨ ᠠᠨᠳᠠ ᠨᠠᠷ ᠲᠠᠢ ᠬᠤᠪᠢᠶᠠᠯᠴᠠᠭᠰᠠᠨ ᠪᠠᠶᠢᠨ᠎ᠠ᠃      ᠪᠤᠳᠠᠰ ᠤᠨ ᠪᠤᠰᠤ ᠰᠤᠶᠤᠯ ᠤᠨ ᠦᠪ ᠤᠨ ᠠᠵᠢᠯ ᠤᠯᠭᠤᠯᠳᠠ ᠶᠢᠨ ᠦᠷᠳᠡᠭᠡ ᠨᠢ ᠪᠤᠳᠠᠰ ᠤᠨ ᠪᠤᠰᠤ ᠰᠣᠶᠣᠯ ᠤᠨ ᠥᠪ ᠢᠶᠠᠷ ᠤᠨᠢᠨ ᠳᠡᠭᠡᠷ᠎ᠡ ᠨᠢ ᠶᠠᠳᠠᠭᠤ ᠶᠢ ᠳᠡᠳᠭᠦᠬᠦ᠂ ᠬᠦᠳᠡᠭᠡ ᠳᠤᠰᠬᠤᠨ ᠤ ᠬᠦᠭᠵᠢᠨ ᠮᠠᠨᠳᠤᠯᠳᠠ᠂ ᠰᠤᠶᠤᠯ ᠵᠢᠭᠤᠯᠴᠢᠯᠠᠯ ᠤᠨ ᠠᠭᠤᠰᠤᠯᠴᠠᠨ ᠬᠦᠭᠵᠢᠬᠦ ᠳᠤ ᠬᠦᠴᠦᠨ ᠨᠡᠮᠡᠷᠢᠯᠡᠵᠤ᠂ ᠤᠨᠴᠠᠭᠠᠢᠢᠯᠠᠨ ᠬᠦᠳᠡᠭᠡ ᠲᠤᠰᠬᠤᠨ ᠤ ᠬᠦᠳᠡᠯᠮᠦᠷᠢ ᠬᠦᠴᠦᠨ ᠤ ᠠᠵᠢᠯ ᠤᠯᠭᠤᠯᠳᠠ ᠶᠢ ᠶᠡᠭᠡ ᠪᠠᠷ ᠲᠦᠯᠬᠢᠨ ᠠᠬᠢᠭᠤᠯᠬᠤ ᠪᠣᠯᠣᠨ᠎ᠠ᠃     ᠲᠤᠰ ᠰᠤᠨᠢᠨ ᠤ ᠰᠤᠷᠪᠤᠯᠵᠢᠯᠠᠭᠴᠢ ᠪᠢᠯᠢᠭᠲᠦ ᠪᠤᠤ ᠰᠠᠷᠠᠭᠤᠯ ᠰᠡᠬᠦᠲᠡᠷᠯᠡᠨ ᠮᠡᠲᠡᠬᠡᠯᠡᠪᠡ
ᠬᠠᠳᠬᠤᠮᠠᠯ ᠤᠷᠠᠯᠠᠯ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠬᠴᠢ ᠸᠠᠩ ᠰᠢ ᠮᠸᠢ ᠬᠠᠳᠬᠤᠮᠠᠯ ᠬᠠᠳᠬᠤᠵᠦ ᠪᠠᠶᠢᠭ᠎ᠠ ᠨᠢ᠃
ᠠᠷᠠᠰᠤᠨ ᠤᠷᠠᠯᠠᠯ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠤᠷᠢᠬᠠᠨ ᠠᠷᠠᠰᠤᠨ ᠤᠷᠠᠯᠠᠯ ᠤᠷᠠᠯᠠᠵᠤ ᠪᠠᠶᠢᠭ᠎ᠠ ᠨᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ