5 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ ᠤᠨ | ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠹᠠᠨ ᡁᠢ ᠵᠥᠩ ᠪᠦᠯᠬᠦᠮ ᠳᠠᠭᠠᠭᠤᠯᠤᠨ | ᠬᠠᠷᠢᠶᠠᠲᠤ ᠲᠤᠭᠤᠷᠢᠭ ᠤᠨ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ᠂ ᠠᠵᠤ ᠠᠬᠤᠶᠢᠯᠠᠯ ᠤᠨ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠪᠢᠨ ᠬᠠᠶ ᠵᠢᠤ ᠾᠧ ᠤᠤ ᠯᠠᠶ | ᠬᠤᠳᠠᠯᠳᠤᠭᠠᠨ ᠤ ᠠᠭᠤᠳᠠᠮ ᠲᠠᠯᠠᠪᠠᠶ᠂ ᠥᠪᠥᠷ ᠮᠣᠩᠭᠤᠯ ᠤᠨ ᠢ ᠯᠢᠨ ᠢᠳᠡᠭᠡᠨ ᠤ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠴᠢ ᠲᠠᠢ ᠬᠤᠪᠴᠠᠰᠤ ᠵᠠᠰᠠᠯ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ | ᠬᠤᠳᠠᠯᠳᠤᠭᠠᠴᠢᠨ ᠡᠷᠦᠬᠡ ᠲᠠᠢ ᠳᠣᠲᠣᠨᠣ ᠪᠠᠷ ᠶᠠᠷᠢᠯᠴᠠᠵᠤ᠂ ᠠᠵᠤ ᠠᠬᠤᠶᠢᠯᠠᠯ ᠤᠨ ᠣᠶᠢᠷ᠎ᠠ ᠶᠢᠨ ᠬᠤᠭᠤᠴᠠᠭᠠᠨ ᠤ | ᠡᠵᠡᠩᠨᠡᠯᠲᠡ ᠶᠢᠨ ᠪᠠᠶᠢᠳᠠᠯ ᠢ ᠣᠶᠢᠯᠠᠭᠠᠭᠰᠠᠨ ᠪᠠᠶᠢᠨ᠎ᠠ᠃ ᠡᠯ᠎ᠡ ᠠᠵᠤ ᠠᠬᠤᠶᠢᠯᠠᠯ ᠤᠨ ᠣᠶᠢᠷ᠎ᠠ ᠶᠢᠨ ᠬᠤᠭᠤᠴᠠᠭᠠᠨ ᠤ | ᠡᠵᠡᠩᠨᠡᠯᠲᠡ ᠶᠢᠨ ᠪᠠᠶᠢᠳᠠᠯ ᠨᠡᠯᠢᠶᠡᠳ ᠰᠠᠶᠢᠨ ᠮᠡᠳᠡᠭᠡ ᠶᠢ ᠰᠣᠨᠣᠰᠬᠤ ᠳᠤ᠂ ᠪᠠᠶᠢᠴᠠᠭᠠᠨ ᠰᠤᠳᠤᠯᠬᠤ | ᠳᠤᠭᠤᠶᠢᠯᠠᠩ ᠤᠨ ᠡᠯ᠎ᠡ ᠭᠡᠰᠢᠭᠦᠨ ᠢᠨᠢᠶᠡᠮᠰᠦᠭᠯᠡᠯ ᠢᠯᠡᠷᠡᠭᠰᠡᠨ ᠪᠠᠶᠢᠨ᠎ᠠ᠃ ᠠᠵᠤ ᠠᠬᠤᠶᠢᠯᠠᠯ ᠤᠨ ᠡᠵᠡᠩᠨᠡᠯᠲᠡ ᠶᠢᠨ | ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ | ᠲᠤᠬᠠᠢ ᠶᠢᠨ ᠲᠠᠯᠠᠪᠠᠢ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠠᠰᠠᠭᠤᠳᠠᠯ ᠢ ᠰᠢᠢᠳᠪᠦᠷᠢᠯᠡᠵᠦ | ᠂ ᠠᠵᠤ ᠠᠬᠤᠶᠢᠯᠠᠯ ᠤᠨ ᠳᠠᠷᠠᠭᠠᠴᠢ ᠶᠢᠨ ᠠᠯᠬᠤᠮ ᠤᠨ ᠨᠡᠩ ᠰᠠᠶᠢᠨ ᠡᠵᠡᠩᠨᠡᠯᠲᠡ ᠬᠥᠭᠵᠢᠯᠲᠡ ᠳᠤ ᠪᠠᠲᠤ ᠪᠠᠬᠢ | ᠰᠠᠭᠤᠷᠢ ᠶᠢ ᠲᠠᠯᠪᠢᠵᠤ ᠥᠭᠪᠡ᠃ | | | | | ᠭᠡᠷ ᠪᠦᠯᠢ ᠶᠢᠨ ᠡᠳ᠋ ᠪᠠᠶᠠᠯᠢᠭ ᠤᠨ ᠲᠥᠪ ᠤᠨ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠲᠠᠯᠠᠪᠠᠢ ᠳᠤ | ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠷᠢᠯᠭ᠎ᠠ ᠶᠢᠨ ᠠᠬᠢᠴᠠ᠂ ᠶᠠᠰᠤ ᠴᠢᠨᠠᠷ ᠤᠨ ᠪᠠᠲᠤᠯᠠᠭ᠎ᠠ᠂ | ᠲᠦᠷᠦᠯ ᠵᠤᠶᠢᠯ ᠤᠨ ᠶᠡᠷᠦᠩᠬᠡᠶ ᠲᠠᠯᠠᠪᠠᠶ᠂ ᠵᠢᠱᠢᠭᠰᠡᠨ ᠦᠷ᠎ᠡ ᠪᠦᠲᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ | ᠬᠠᠮᠲᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠯᠠᠪᠯᠠᠨ ᠠᠰᠠᠭᠤᠪᠠ᠃ ᠠᠵᠤ ᠠᠬᠤᠶᠢᠯᠠᠯ ᠤᠳ ᠡᠭᠦᠷᠭᠡ | ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠦᠷᠦᠯ ᠵᠣᠶᠢᠯ ᠢ ᠠᠬᠢᠭᠤᠯᠬᠤ ᠡᠷᠴᠢᠮ ᠢᠶᠠᠨ | ᠴᠢᠩᠭᠠᠷᠠᠭᠤᠯᠤᠨ᠂ ᠪᠠᠷᠢᠯᠭ᠎ᠠ ᠶᠢᠨ ᠡᠭᠦᠷᠭᠡ ᠪᠠᠨ ᠬᠤᠭᠤᠴᠠᠭ᠎ᠠ ᠶᠣᠰᠣᠭᠠᠷ᠂ ᠶᠠᠰᠤ ᠴᠢᠨᠠᠷ ᠪᠠ ᠲᠤᠭ᠎ᠠ ᠬᠡᠮᠵᠢᠶ᠎ᠡ ᠶᠢ | ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠡᠭᠦᠨ ᠤ ᠬᠠᠮᠲᠤ ᠡᠯ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠠᠵᠢᠯ ᠤᠨ ᠵᠣᠯᠭᠠᠭᠤᠯᠤᠯᠲᠠ ᠶᠢ ᠰᠠᠶᠢᠲᠤᠷ ᠬᠢᠵᠦ᠂ ᠪᠠᠶᠢᠳᠠᠯ ᠢ ᠴᠠᠭ ᠲᠤᠬᠠᠶ ᠳᠤᠨᠢ | ᠣᠶᠢᠯᠠᠭᠠᠵᠤ ᠲᠥᠷᠥᠯ ᠵᠣᠶᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠢᠶᠠᠨ ᠨᠠᠷᠢᠯᠢᠭ ᠪᠣᠳᠠᠲᠠᠶ | ᠬᠢᠬᠦ ᠬᠡᠷᠡᠭ ᠲᠠᠢ ᠭᠡᠪᠡ᠃ | | | | | ᠪᠠᠶᠢᠴᠠᠭᠠᠨ ᠰᠤᠳᠤᠯᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠬᠢᠨ ᠤᠯᠤᠰ ᠲᠥᠷᠥ ᠶᠢᠨ ᠡᠭᠦᠷᠭᠡᠯᠡᠯ ᠪᠠ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ | ᠨᠠᠢᠳᠠᠪᠤᠷᠢᠵᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠭᠰᠡᠨ ᠤᠷᠢᠲᠠᠯ | ᠳᠣᠤᠷ᠎ᠠ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ᠴᠢᠬᠤᠯᠠ ᠶᠡᠭᠡ | ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠪᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ | ᠠᠬᠢᠴᠠ ᠶᠢ ᠲᠦᠷᠭᠡᠳᠬᠡᠨ ᠠᠬᠢᠭᠤᠯᠵᠤ᠂ ᠰᠢᠨ᠎ᠡ ᠬᠤᠲᠠ ᠲᠣᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ | | | | | ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠲᠣᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠬᠡᠷ᠂ ᠠᠵᠤ | ᠦᠢᠯᠡᠳᠪᠦᠷᠢᠯᠡᠯ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃ | | |