ᠪᠦ᠋ ᠰᠢᠶᠥᠥ ᠯᠢᠨ ᠪᠠᠷᠢᠯᠭ᠎ᠠ ᠡᠬᠢᠯᠡᠬᠦ ᠶᠣᠰᠣᠯᠠᠯ ᠳᠤ ᠣᠷᠣᠯᠴᠠᠵᠠᠢ | ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠳ᠋ᠠᠢ ᠬᠤᠩ︶ 5 ᠰᠠᠷ᠎ᠠ ᠶᠢᠨ | 31 ᠤ ᠡᠳᠦᠷ᠂ ᠵᠢᠨᠱᠠᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ 2 × 66 ᠲᠦᠮᠡᠨ ᠺᠢᠯᠣᠸᠠᠲ ᠤᠨ | ᠥᠷᠭᠡᠳᠬᠡᠨ ᠪᠠᠶᠢᠭᠤᠯᠬᠤ ᠢᠨᠵᠧᠨᠧᠷᠢᠩ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠳᠤ ᠪᠠᠷᠢᠯᠭ᠎ᠠ ᠡᠬᠢᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠪᠦ᠋ ᠰᠢᠶᠣᠤ ᠯᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ | ᠳᠡᠳ᠋ ᠲᠡᠷᠢᠭᠦᠯᠡᠭᠴᠢ ᠠᠢ ᠯᠢ ᠬᠤᠸᠠ᠂ ᠵᠧᠩ ᠬᠤᠩ ᠹᠠᠨ ᠪᠠᠷᠢᠯᠭ᠎ᠠ ᠡᠬᠢᠯᠡᠬᠦ ᠶᠣᠰᠣᠯᠠᠯ ᠳᠤ ᠣᠷᠣᠯᠴᠠᠬᠰᠠᠨ | ᠪᠦᠬᠡᠳ ᠲᠥᠷᠥᠯ ᠵᠦᠢᠯ ᠳᠤ ᠰᠠᠭᠤᠷᠢ ᠲᠠᠯᠪᠢᠵᠦ ᠥᠭᠪᠡ᠃ | ᠵᠢᠨᠱᠠᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ 2 × 66 ᠲᠦᠮᠡᠨ ᠺᠢᠯᠣᠸᠠᠲ ᠤᠨ ᠥᠷᠭᠡᠳᠬᠡᠨ | ᠪᠠᠶᠢᠭᠤᠯᠬᠤ ᠢᠨᠵᠧᠨᠧᠷᠢᠩ ᠢ ᠥᠪᠥᠷ ᠮᠣᠩᠭᠤᠯ ᠤᠨ ᠡᠨᠧᠷᠭᠢ ᠴᠠᠬᠢᠯᠭᠠᠨ ᠭᠠᠷᠭᠠᠯᠲᠠ ᠶᠢᠨ ᠪᠡᠯᠡ | ᠣᠷᠣᠭᠤᠯᠤᠯᠲᠠ ᠶᠢᠨ ᠪᠦᠯᠦᠭᠯᠡᠯ ᠺᠣᠮᠫᠠᠨᠢ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠶᠡᠷᠦᠩᠬᠡᠶ ᠪᠡᠯᠡ | ᠣᠷᠣᠭᠤᠯᠤᠯᠲᠠ ᠨᠢ 49.9 ᠳ᠋ᠦᠩᠰᠢᠭᠤᠷ ᠲᠥᠭᠦᠷᠢᠭ ᠲᠤ ᠬᠦᠷᠴᠤ᠂ ᠬᠥᠬᠡᠬᠤᠲᠠ ᠶᠢᠨ ᠠᠷᠢᠭᠤᠨ ᠴᠡᠪᠡᠷ ᠢᠶᠠᠷ | ᠢᠯᠴᠢ ᠬᠠᠩᠭᠠᠬᠤ ᠶᠢ ᠠᠬᠢᠭᠤᠯᠬᠤ᠂ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ | ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠵᠢᠱᠢᠯᠲᠡ ᠪᠠᠷ 2022 ᠣᠨ ᠤ 10 ᠰᠠᠷ᠎ᠠ ᠳᠤ ᠠᠰᠢᠡᠡᠯᠠᠯᠳᠠ ᠳᠤ ᠣᠷᠣᠵᠤ | ᠴᠠᠬᠢᠯᠭᠠᠨ ᠭᠠᠷᠭᠠᠨ᠎ᠠ᠃ ᠲᠤᠰ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠤᠨ ᠴᠠᠬᠢᠯᠭᠠᠨ ᠭᠠᠷᠭᠠᠬᠤ | ᠬᠡᠮᠵᠢᠶ᠎ᠡ ᠨᠢ 72.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 3000 ᠲᠦᠮᠡᠨ ᠲᠡᠭᠰᠢ ᠳᠥᠷᠪᠡᠯᠵᠢᠨ ᠮᠧᠲᠷ | ᠤᠨ ᠲᠠᠯᠠᠪᠠᠢ ᠳᠤ ᠢᠯᠴᠢ ᠬᠠᠩᠭᠠᠵᠤ ᠴᠢᠳᠠᠨ᠎ᠠ᠃ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ | ᠪᠠᠷᠢᠯᠭ᠎ᠠ ᠡᠬᠢᠯᠡᠬᠦ ᠶᠣᠰᠣᠯᠠᠯ ᠳᠤ ᠣᠷᠣᠯᠴᠠᠵᠠᠢ᠃ |