ᠭᠠᠯ ᠤᠨᠲᠠᠷᠠᠭᠠᠬᠤ ᠠᠶᠤᠯᠭᠦᠢ ᠶᠢᠨ ︽ᠠᠮᠢ ᠨᠠᠰᠤᠨ ᠤ ᠵᠠᠮ︾ ᠢ ᠨᠡᠪᠲᠡᠷᠡᠭᠦᠯᠬᠦ ᠲᠤᠰᠬᠠᠢ ᠲᠥᠷᠥᠯ ᠤᠨ ᠵᠠᠰᠠᠯᠲᠠ ᠶᠢᠨ ᠠᠵᠢᠯᠯᠠᠭ᠎ᠠ ᠶᠢᠨ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2020-06-01
           ᠬᠥᠬᠡᠬᠤᠲᠠ ᠵᠠᠰᠠᠭ ᠲᠠᠷᠬᠠᠭᠠᠭᠰᠠᠨ ﹇2020﹈ 4 ᠳ᠋ᠦ᠋ᠭᠡᠷ ᠲᠣᠭᠠᠲᠤ              2020 ᠣᠨ ᠤ 1 ᠳ᠋ᠦ᠋ᠭᠡᠷ ᠰᠠᠷ᠎ᠠ ᠶᠢᠨ 16 ᠤ ᠡᠳᠦᠷ      ᠭᠠᠯ ᠤᠨᠲᠠᠷᠠᠭᠠᠬᠤ ᠲᠡᠷᠭᠡ ᠶᠢᠨ ᠵᠠᠮ᠂ ᠭᠠᠯ ᠤᠨᠲᠠᠷᠠᠭᠠᠬᠤ ᠲᠡᠷᠭᠡ ᠶᠢᠨ ᠥᠨᠳᠥᠷ ᠲᠤ ᠭᠠᠷᠴᠤ ᠠᠵᠢᠯᠯᠠᠬᠤ ᠲᠠᠯᠠᠪᠤᠷ ᠪᠠ ᠪᠠᠷᠢᠯᠭ᠎ᠠ ᠶᠢᠨ ᠭᠠᠯ ᠢ ᠰᠡᠷᠭᠡᠶᠢᠯᠡᠨ ᠳᠤᠲᠠᠭᠠᠬᠤ ᠵᠠᠮ᠂ ᠠᠶᠤᠯᠭᠦᠢ ᠶᠢᠨ ᠡᠭᠦᠳᠡ ᠶᠢᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠭᠠᠯ ᠤᠨᠲᠠᠷᠠᠭᠠᠬᠤ ᠠᠶᠤᠯᠭᠦᠢ ᠶᠢᠨ ︽ᠠᠮᠢ ᠨᠠᠰᠤᠨ ᠤ ᠵᠠᠮ︾ ᠢ ᠨᠡᠪᠲᠡᠷᠡᠭᠦᠯᠬᠦ ᠶᠢᠨ ᠲᠥᠯᠥᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠤᠨ ᠲᠣᠭᠲᠠᠭᠠᠯ ᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠣᠳᠣ ᠠᠴᠠ ᠡᠬᠢᠯᠡᠨ 2020 ᠣᠨ ᠤ 5 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠬᠤᠲᠠ ᠶᠢᠨ ᠬᠡᠪᠴᠢᠶᠡᠨ ᠳᠤ ᠭᠠᠯ ᠤᠨᠲᠠᠷᠠᠭᠠᠬᠤ ᠠᠶᠤᠯᠭᠦᠢ ᠶᠢᠨ ︽ᠠᠮᠢ ᠨᠠᠰᠤᠨ ᠤ ᠵᠠᠮ︾ ᠢ ᠨᠡᠪᠲᠡᠷᠡᠭᠦᠯᠬᠦ ᠲᠤᠰᠬᠠᠢ ᠲᠥᠷᠥᠯ ᠤᠨ ᠵᠠᠰᠠᠯᠲᠠ ᠶᠢᠨ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠂ ᠡᠳᠦᠭᠡ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠭᠠᠯ ᠤᠨᠲᠠᠷᠠᠭᠠᠬᠤ ᠠᠶᠤᠯᠭᠦᠢ ᠶᠢᠨ ︽ᠠᠮᠢ ᠨᠠᠰᠤᠨ ᠤ ᠵᠠᠮ︾ ᠢ ᠨᠡᠪᠲᠡᠷᠡᠭᠦᠯᠬᠦ ᠲᠤᠰᠬᠠᠢ ᠲᠥᠷᠥᠯ ᠤᠨ ᠵᠠᠰᠠᠯᠲᠠ ᠶᠢᠨ ᠭᠤᠣᠯᠳᠠᠯᠭ᠎ᠠ᠄ ᠪᠤᠢ ᠪᠦᠬᠦᠢ ᠪᠠᠶᠢᠭᠤᠯᠭ᠎ᠠ ᠨᠢᠭᠡᠴᠡ ᠶᠢᠨ ᠲᠠᠯᠠᠪᠤᠷ ᠭᠠᠵᠠᠷ ᠵᠢᠴᠢ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠤᠷᠢᠶᠠᠯᠠᠯ ᠤᠨ ᠭᠠᠯ ᠤᠨᠲᠠᠷᠠᠭᠠᠬᠤ ᠲᠡᠷᠭᠡᠨ ᠵᠠᠮ︔ ᠪᠤᠢ ᠪᠦᠬᠦᠢ ᠪᠠᠶᠢᠭᠤᠯᠭ᠎ᠠ ᠨᠢᠭᠡᠴᠡ ᠶᠢᠨ ᠲᠠᠯᠠᠪᠤᠷ ᠭᠠᠵᠠᠷ ᠵᠢᠴᠢ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠰᠠᠷ ᠤᠨ ᠭᠠᠯ ᠰᠡᠷᠭᠡᠶᠢᠯᠡᠬᠦ ᠳᠤᠲᠠᠭᠠᠬᠤ ᠵᠠᠮ ᠪᠠ ᠠᠶᠤᠯᠭᠦᠢ ᠶᠢᠨ ᠡᠭᠦᠳᠡ︔ ᠪᠤᠢ ᠪᠦᠬᠦᠢ ᠥᠨᠳᠥᠷ ᠳᠠᠪᠬᠤᠷᠭ᠎ᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠲᠡᠷᠭᠡ ᠶᠢᠨ ᠥᠨᠳᠥᠷ ᠲᠤ ᠭᠠᠷᠴᠤ ᠠᠵᠢᠯᠯᠠᠬᠤ ᠲᠠᠯᠠᠪᠤᠷ᠃      ᠬᠤᠶᠠᠷ᠂ ᠭᠠᠯ ᠤᠨᠲᠠᠷᠠᠭᠠᠬᠤ ᠲᠡᠷᠭᠡ ᠶᠢᠨ ᠵᠠᠮ ᠪᠠ ᠭᠠᠯ ᠤᠨᠲᠠᠷᠠᠭᠠᠬᠤ ᠲᠡᠷᠭᠡ ᠶᠢᠨ ᠥᠨᠳᠥᠷ ᠲᠤ ᠭᠠᠷᠴᠤ ᠠᠵᠢᠯᠯᠠᠬᠤ ᠲᠠᠯᠠᠪᠤᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠄ ᠪᠠᠷᠢᠯᠭ᠎ᠠ ᠶᠢ ᠬᠠᠮᠢᠶᠠᠷᠴᠤ ᠬᠡᠷᠡᠭᠯᠡᠬᠦ ᠨᠢᠭᠡᠴᠡ ᠪᠤᠶᠤ ᠣᠷᠣᠨ ᠰᠠᠭᠤᠴᠠ ᠶᠢᠨ ᠬᠤᠷᠢᠶᠠᠯᠠᠯ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠥᠪᠡᠷ ᠤᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠭᠠᠯ ᠤᠨᠲᠠᠷᠠᠭᠠᠬᠤ ᠲᠡᠷᠭᠡ ᠶᠢᠨ ᠵᠠᠮ ᠪᠠ ᠭᠠᠯ ᠤᠨᠲᠠᠷᠠᠭᠠᠬᠤ ᠲᠡᠷᠭᠡ ᠶᠢᠨ ᠥᠨᠳᠥᠷ ᠲᠤ ᠭᠠᠷᠴᠤ ᠠᠵᠢᠯᠯᠠᠬᠤ ᠲᠠᠯᠠᠪᠤᠷ ᠲᠤ ᠳᠣᠣᠷᠠᠬᠢ ᠠᠷᠠᠴᠢᠯᠠᠯᠲᠠ ᠬᠠᠮᠢᠶᠠᠷᠤᠯᠲᠠ ᠶᠢᠨ ᠡᠭᠦᠷᠭᠡ ᠲᠤᠰᠢᠶᠠᠯ ᠢ ᠨᠠᠶᠢᠳᠠᠪᠤᠷᠢᠵᠢᠭᠤᠯᠤᠨ᠎ᠠ᠄      ︵ᠨᠢᠭᠡ︶ ᠭᠠᠯ ᠤᠨᠲᠠᠷᠠᠭᠠᠬᠤ ᠲᠡᠷᠭᠡ ᠶᠢᠨ ᠵᠠᠮ ᠪᠠ ᠭᠠᠯ ᠤᠨᠲᠠᠷᠠᠭᠠᠬᠤ ᠲᠡᠷᠭᠡ ᠶᠢᠨ ᠥᠨᠳᠥᠷ ᠲᠤ ᠭᠠᠷᠴᠤ ᠠᠵᠢᠯᠯᠠᠬᠤ ᠲᠠᠯᠠᠪᠤᠷ ᠲᠤ ᠵᠢᠭᠠᠯᠲᠠ ᠲᠡᠮᠳᠡᠭ ᠱᠤᠭᠤᠮ ᠵᠢᠷᠤᠵᠤ᠂ ᠰᠡᠷᠭᠡᠶᠢᠯᠡᠭᠦᠯᠬᠦ ᠫᠠᠶᠢᠰᠠ ᠲᠣᠬᠢᠷᠠᠭᠤᠯᠤᠨ᠂ ᠲᠣᠭᠲᠠᠭᠰᠠᠨ ᠬᠤᠭᠤᠴᠠᠭ᠎ᠠ ᠲᠠᠢ ᠠᠷᠠᠴᠢᠯᠠᠨ ᠬᠠᠮᠠᠭᠠᠯᠠᠵᠤ᠂ ᠲᠣᠪᠣᠶᠢᠮ᠎ᠠ ᠢᠯᠡᠷᠬᠡᠢ ᠪᠠᠶᠢᠬᠤ ᠬᠡᠷᠡᠭᠲᠡᠢ᠃       ︵ᠬᠤᠶᠠᠷ︶ ᠬᠥᠮᠥᠨ ᠲᠣᠮᠢᠯᠠᠨ ᠲᠣᠭᠤᠷᠢᠨ ᠪᠠᠶᠢᠴᠠᠭᠠᠵᠤ᠂ ᠺᠠᠮᠧᠷᠠ ᠤᠭᠰᠠᠷᠠᠬᠤ ᠵᠡᠷᠭᠡ ᠮᠡᠷᠭᠡᠵᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠴᠤ᠂ ᠬᠠᠮᠢᠶᠠᠷᠤᠯᠲᠠ ᠶᠢᠨ ᠣᠷᠣᠨ ᠤ ᠳᠣᠲᠣᠷᠠᠬᠢ ᠲᠡᠷᠭᠡ ᠤᠨᠤᠭ᠎ᠠ ᠶᠢ ᠵᠥᠪᠬᠡᠨ ᠲᠡᠷᠭᠡᠨ ᠵᠣᠭᠰᠣᠭᠠᠯ᠂ ᠬᠥᠮᠥᠷᠭᠡ ᠪᠤᠶᠤ ᠲᠡᠷᠭᠡ ᠵᠣᠭᠰᠣᠭᠠᠬᠤ ᠵᠢᠷᠤᠭᠠᠰᠤᠨ ᠳᠣᠲᠣᠷ᠎ᠠ ᠵᠣᠭᠰᠣᠭᠠᠵᠤ᠂ ᠭᠠᠯ ᠤᠨᠲᠠᠷᠠᠭᠠᠬᠤ ᠲᠡᠷᠭᠡ ᠶᠢᠨ ᠵᠠᠮ ᠪᠠ ᠭᠠᠯ ᠤᠨᠲᠠᠷᠠᠭᠠᠬᠤ ᠲᠡᠷᠭᠡ ᠶᠢᠨ ᠥᠨᠳᠥᠷ ᠲᠤ ᠭᠠᠷᠴᠤ ᠠᠵᠢᠯᠯᠠᠬᠤ ᠲᠠᠯᠠᠪᠤᠷ ᠢ ᠡᠵᠡᠯᠡᠨ ᠬᠡᠷᠡᠭᠯᠡᠵᠦ ᠪᠣᠯᠬᠤ ᠦᠭᠡᠢ ᠪᠥᠭᠡᠳ ᠬᠠᠤᠯᠢ ᠠᠴᠠ ᠵᠥᠷᠢᠴᠡᠨ ᠡᠵᠡᠯᠡᠨ ᠬᠡᠷᠡᠭᠯᠡᠬᠦ ᠦᠢᠯᠡ ᠠᠵᠢᠯᠯᠠᠭ᠎ᠠ ᠶᠢ ᠢᠯᠡ ᠨᠡᠶᠢᠲᠡᠯᠡᠬᠦ ᠬᠡᠷᠡᠭᠲᠡᠶ᠃        ︵ᠭᠤᠷᠪᠠ︶ ᠬᠠᠮᠢᠶᠠᠷᠤᠯᠲᠠ ᠶᠢᠨ ᠣᠷᠣᠨ ᠳᠣᠲᠣᠷᠠᠬᠢ ᠵᠠᠮ ᠳᠡᠭᠡᠷ᠎ᠡ ᠲᠡᠷᠭᠡ ᠵᠣᠭᠰᠣᠬᠤ ᠣᠷᠣ ᠲᠥᠯᠥᠪᠯᠡᠬᠦ ᠳᠡᠭᠡᠨ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠢ ᠪᠠ ᠭᠠᠯ ᠤᠨᠲᠠᠷᠠᠭᠠᠬᠤ ᠲᠡᠷᠭᠡ ᠶᠢᠨ ᠥᠨᠳᠥᠷ ᠲᠤ ᠭᠠᠷᠴᠤ ᠠᠵᠢᠯᠯᠠᠬᠤ ᠲᠠᠯᠠᠪᠤᠷ ᠤᠨ ᠤᠷᠲᠤ ᠥᠷᠭᠡᠨ ᠤ ᠵᠠᠢ ᠦᠯᠡᠳᠡᠭᠡᠬᠦ ᠬᠡᠷᠡᠭᠲᠡᠢ᠃ ᠭᠠᠯ ᠤᠨᠲᠠᠷᠠᠭᠠᠬᠤ ᠲᠡᠷᠭᠡ ᠶᠢᠨ ᠵᠠᠮ ᠤᠨ ᠴᠡᠪᠡᠷ ᠤᠷᠲᠤ ᠪᠠ ᠴᠡᠪᠡᠷ ᠥᠨᠳᠥᠷ ᠨᠢ ᠴᠥᠮ 4 ᠮᠧᠲᠷ ᠠᠴᠠ ᠪᠠᠭ᠎ᠠ ᠪᠠᠶᠢᠵᠤ ᠪᠣᠯᠬᠤ ᠦᠭᠡᠢ᠂ ᠡᠷᠭᠢᠬᠦ ᠷᠠᠳᠢᠦ᠋ᠰ ᠨᠢ ᠭᠠᠯ ᠤᠨᠲᠠᠷᠠᠭᠠᠬᠤ ᠲᠡᠷᠭᠡ ᠶᠢᠨ ᠡᠷᠭᠢᠬᠦ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠭᠠᠯ ᠤᠨᠲᠠᠷᠠᠭᠠᠬᠤ ᠲᠡᠷᠭᠡ ᠶᠢᠨ ᠥᠨᠳᠥᠷ ᠲᠤ ᠭᠠᠷᠴᠤ ᠠᠵᠢᠯᠯᠠᠬᠤ ᠲᠠᠯᠠᠪᠤᠷ ᠤᠨ ᠤᠷᠲᠤ ᠥᠷᠭᠡᠨ ᠢ ︽ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠭᠠᠯ ᠢ ᠰᠡᠷᠭᠡᠶᠢᠯᠡᠬᠦ ᠵᠢᠷᠤᠮᠵᠢᠯ︾  ︵GB50016—2014︶ ᠤᠨ ᠱᠠᠭᠠᠷᠳᠠᠯᠭ᠎ᠠ ᠢ ᠦᠨᠳᠦᠰᠦᠯᠡᠨ ᠲᠣᠭᠲᠠᠭᠠᠬᠤ ᠬᠡᠷᠡᠭᠲᠡᠢ᠃        ︵ᠳᠥᠷᠪᠡ︶ ᠭᠠᠯ ᠤᠨᠲᠠᠷᠠᠭᠠᠬᠤ ᠲᠡᠷᠭᠡ ᠶᠢᠨ ᠵᠠᠮ᠂ ᠭᠠᠯ ᠤᠨᠲᠠᠷᠠᠭᠠᠬᠤ ᠲᠡᠷᠭᠡ ᠶᠢᠨ ᠥᠨᠳᠥᠷ ᠲᠤ ᠭᠠᠷᠴᠤ ᠠᠵᠢᠯᠯᠠᠬᠤ ᠲᠠᠯᠠᠪᠤᠷ ᠭᠠᠵᠠᠷ ᠲᠡᠷᠭᠡ ᠵᠣᠭᠰᠣᠭᠠᠬᠤ ᠣᠷᠣ᠂ ᠪᠠᠷᠢᠮᠠᠯ᠂ ᠬᠠᠳᠠᠭᠰᠠᠨ ᠲᠤᠰᠠᠭᠠᠷᠯᠠᠬᠤ ᠱᠣᠩ ᠵᠡᠷᠭᠡ ᠰᠠᠭᠠᠳ ᠪᠣᠳᠠᠰ ᠲᠣᠬᠢᠷᠠᠭᠤᠯᠵᠤ ᠪᠣᠯᠬᠤ ᠦᠭᠡᠢ᠂ ᠭᠠᠯ ᠤᠨᠲᠠᠷᠠᠭᠠᠬᠤ ᠲᠡᠷᠭᠡ ᠶᠢᠨ ᠵᠠᠮ ᠪᠣᠯᠣᠨ ᠪᠠᠷᠢᠯᠭ᠎ᠠ ᠶᠢᠨ ᠬᠤᠭᠤᠷᠣᠨᠳᠤ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠵᠦ ᠠᠵᠢᠯᠯᠠᠬᠤ ᠶᠢ ᠬᠠᠷᠰᠢᠯᠠᠬᠤ ᠮᠣᠳᠣ᠂ ᠡᠯᠭᠦᠭᠰᠡᠨ ᠲᠣᠣᠷ ᠤᠲᠠᠰᠤ᠂ ᠵᠠᠷ ᠵᠠᠩᠭᠢ ᠶᠢᠨ ᠫᠠᠶᠢᠰᠠ᠂ ᠴᠢᠮᠡᠭᠯᠡᠯ ᠤᠨ ᠪᠣᠳᠠᠰ ᠵᠡᠷᠭᠡ ᠰᠠᠭᠠᠳ ᠪᠣᠳᠠᠰ ᠪᠠᠶᠢᠯᠭᠠᠵᠤ ᠪᠣᠯᠬᠤ ᠦᠭᠡᠢ᠃       ︵ᠲᠠᠪᠤ︶ ᠪᠢᠲᠡᠭᠦᠮᠵᠢᠯᠡᠨ ᠬᠠᠮᠢᠶᠠᠷᠤᠭᠰᠠᠨ ᠭᠠᠯ ᠤᠨᠲᠠᠷᠠᠭᠠᠬᠤ ᠲᠡᠷᠭᠡ ᠶᠢᠨ ᠣᠷᠣᠵᠤ ᠭᠠᠷᠬᠤ ᠵᠠᠮ ᠨᠢ ᠪᠠᠴᠢᠮ ᠪᠠᠶᠢᠳᠠᠯ ᠳᠤ ᠳᠠᠷᠤᠶᠢᠬᠠᠨ ᠨᠡᠭᠡᠭᠡᠵᠦ ᠪᠣᠯᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠲᠠᠢ ᠪᠠᠶᠢᠵᠤ᠂ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠶᠢ ᠨᠥᠯᠥᠭᠡᠯᠡᠵᠦ ᠪᠣᠯᠬᠤ ᠦᠭᠡᠢ᠃       ︵ᠵᠢᠷᠭᠤᠭ᠎ᠠ︶ ᠥᠪᠡᠷ ᠤᠨ ᠬᠠᠮᠢᠶᠠᠷᠤᠯᠲᠠ ᠶᠢᠨ ᠡᠲᠡᠭᠡᠳ ᠪᠠ ᠰᠠᠭᠤᠭᠠᠯᠢ ᠠᠷᠠᠳ ᠲᠤ ᠲᠣᠭᠲᠠᠭᠰᠠᠨ ᠬᠤᠭᠤᠴᠠᠭ᠎ᠠ ᠲᠠᠢ ᠤᠬᠠᠭᠤᠯᠭ᠎ᠠ ᠰᠤᠷᠲᠠᠯᠴᠢᠯᠠᠭ᠎ᠠ ᠬᠢᠵᠦ᠂ ᠭᠠᠯ ᠤᠨᠲᠠᠷᠠᠭᠠᠬᠤ ᠲᠡᠷᠭᠡ ᠶᠢᠨ ᠵᠠᠮ ᠪᠠ ᠭᠠᠯ ᠤᠨᠲᠠᠷᠠᠭᠠᠬᠤ ᠲᠡᠷᠭᠡ ᠶᠢᠨ ᠥᠨᠳᠥᠷ ᠲᠤ ᠭᠠᠷᠴᠤ ᠠᠵᠢᠯᠯᠠᠬᠤ ᠲᠠᠯᠠᠪᠤᠷ ᠢ ᠡᠵᠡᠯᠡᠬᠦ ᠶᠢᠨ ᠬᠤᠣᠷ ᠬᠥᠨᠥᠭᠡᠯ ᠪᠠ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠪᠣᠯᠬᠤ ᠶᠢ ᠲᠠᠨᠢᠭᠤᠯᠵᠤ᠂ ᠪᠠᠶᠢᠭᠤᠯᠭ᠎ᠠ ᠨᠢᠭᠡᠴᠡ ᠪᠠ ᠣᠯᠠᠨ ᠲᠦᠮᠡᠨ ᠤ ᠬᠠᠤᠯᠢ ᠴᠠᠭᠠᠵᠠ ᠵᠢᠴᠢ ᠭᠠᠯ ᠰᠡᠷᠭᠡᠶᠢᠯᠡᠬᠦ ᠠᠶᠤᠯᠭᠦᠢ ᠶᠢᠨ ᠲᠠᠨᠢᠯᠲᠠ ᠶᠢ ᠳᠡᠭᠡᠭᠰᠢᠯᠡᠭᠦᠯᠬᠦ ᠬᠡᠷᠡᠭᠲᠡᠢ᠃        ︵ᠳᠣᠯᠤᠭ᠎ᠠ︶ ᠭᠠᠯ ᠤᠨᠲᠠᠷᠠᠭᠠᠬᠤ ᠲᠡᠷᠭᠡ ᠶᠢᠨ ᠵᠠᠮ ᠢ ᠡᠵᠡᠯᠡᠭᠰᠡᠨ᠂ ᠪᠥᠭᠯᠡᠭᠰᠡᠨ᠂ ᠪᠢᠲᠡᠭᠦᠮᠵᠢᠯᠡᠭᠰᠡᠨ ᠪᠠ ᠭᠠᠯ ᠤᠨᠲᠠᠷᠠᠭᠠᠬᠤ ᠲᠡᠷᠭᠡ ᠶᠢᠨ ᠥᠨᠳᠥᠷ ᠲᠤ ᠭᠠᠷᠴᠤ ᠠᠵᠢᠯᠯᠠᠬᠤ ᠲᠠᠯᠠᠪᠤᠷ ᠢ ᠡᠵᠡᠯᠡᠨ ᠬᠡᠷᠡᠭᠴᠡᠭᠡ ᠶᠢ ᠨᠢ ᠬᠤᠪᠢᠷᠠᠭᠤᠯᠤᠭᠰᠠᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠴᠠᠭ ᠳᠠᠷᠤᠢ ᠳᠤᠨᠢ ᠢᠳᠬᠠᠨ ᠬᠤᠷᠢᠭᠯᠠᠵᠤ ᠵᠣᠭᠰᠣᠭᠠᠬᠤ ᠬᠡᠷᠡᠭᠲᠡᠢ︔ ᠢᠳᠬᠠᠨ ᠬᠤᠷᠢᠭᠯᠠᠬᠤ ᠶᠢ ᠰᠣᠨᠣᠰᠬᠤ ᠦᠭᠡᠢ ᠶᠢ ᠨᠢ ᠭᠡᠷᠡᠯ ᠵᠢᠷᠤᠭ ᠠᠪᠬᠤ ᠰᠢᠩᠭᠡᠭᠡᠯᠲᠡ ᠬᠢᠬᠦ ᠵᠡᠷᠭᠡ ᠠᠷᠭ᠎ᠠ ᠪᠠᠷ ᠭᠡᠷᠡᠴᠢ ᠦᠯᠡᠳᠡᠭᠡᠬᠦ ᠶᠢᠨ ᠬᠠᠮᠲᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠳᠣᠣᠷ᠎ᠠ ᠨᠢ ᠮᠡᠳᠡᠭᠦᠯᠬᠦ ᠬᠡᠷᠡᠭᠲᠡᠢ᠃       ᠭᠤᠷᠪᠠ᠂ ᠪᠠᠷᠢᠯᠭ᠎ᠠ ᠶᠢᠨ ᠭᠠᠯ ᠰᠡᠷᠭᠡᠶᠢᠯᠡᠬᠦ ᠳᠤᠲᠠᠭᠠᠬᠤ ᠵᠠᠮ ᠪᠠ ᠠᠶᠤᠯᠭᠦᠢ ᠶᠢᠨ ᠡᠭᠦᠳᠡ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ᠄ ᠪᠠᠷᠢᠯᠭ᠎ᠠ ᠶᠢ ᠬᠠᠮᠢᠶᠠᠷᠴᠤ ᠬᠡᠷᠡᠭᠯᠡᠬᠦ ᠨᠢᠭᠡᠴᠡ᠂ ᠠᠳᠠᠯ ᠠᠬᠤᠢ ᠶᠢᠨ ᠦᠢᠯᠡᠴᠢᠯᠡᠭᠡ ᠶᠢᠨ ᠠᠵᠤ ᠠᠬᠤᠶᠢᠯᠠᠯ ᠥᠪᠡᠷ ᠤᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠪᠠᠷᠢᠯᠭ᠎ᠠ ᠶᠢᠨ ᠭᠠᠯ ᠢ ᠰᠡᠷᠭᠡᠶᠢᠯᠡᠬᠦ ᠠᠶᠤᠯᠭᠦᠢ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠳᠤᠲᠠᠭᠠᠬᠤ ᠵᠠᠮ ᠪᠠ ᠠᠶᠤᠯᠭᠦᠢ ᠶᠢᠨ ᠡᠭᠦᠳᠡ ᠶᠢᠨ ᠰᠠᠭᠠᠳ ᠦᠭᠡᠢ ᠶᠢ ᠪᠠᠲᠤᠯᠠᠬᠤ ᠬᠡᠷᠡᠭᠲᠡᠢ︔ ᠰᠠᠭᠤᠭᠠᠯᠢ ᠠᠷᠠᠳ ᠤᠳ ᠢ ᠵᠣᠬᠢᠶᠠᠨ ᠪᠠᠶᠢᠭᠤᠯᠤᠨ ᠳᠠᠶᠢᠴᠢᠯᠠᠵᠤ ᠥᠪᠡᠷ ᠤᠨ ᠪᠠᠶᠢᠴᠠᠭᠠᠯᠲᠠ ᠥᠪᠡᠷ ᠤᠨ ᠴᠡᠪᠡᠷᠯᠡᠯᠲᠡ ᠥᠷᠨᠢᠭᠦᠯᠵᠦ᠂ ᠳᠤᠲᠠᠭᠠᠬᠤ ᠵᠠᠮ ᠪᠠ ᠠᠶᠤᠯᠭᠦᠢ ᠶᠢᠨ ᠡᠭᠦᠳᠡ ᠶᠢ ᠰᠢᠯᠤᠭᠤᠳᠬᠠᠨ᠂ ︽ᠠᠷᠪᠠ ᠶᠢ ᠴᠡᠪᠡᠷᠯᠡᠬᠦ︾ ᠶᠢ ᠬᠠᠷᠭᠤᠭᠤᠯᠤᠨ ᠥᠷᠨᠢᠭᠦᠯᠬᠦ ᠬᠡᠷᠡᠭᠲᠡᠢ      ︵ᠨᠢᠭᠡ︶ ᠠᠰᠠᠷ ᠤᠨ ᠱᠠᠲᠤᠨ ᠤ ᠬᠤᠭᠤᠷᠣᠨᠳᠤᠬᠢ ᠭᠡᠷ᠂ ᠴᠠᠬᠢᠯᠭᠠᠨ ᠱᠠᠲᠤᠨ ᠤ ᠡᠮᠦᠨᠡᠬᠢ ᠭᠡᠷ ᠲᠤ ᠶᠠᠮᠠᠷᠪᠠ ᠰᠤᠯᠠ ᠪᠣᠳᠠᠰ ᠲᠠᠯᠪᠢᠭᠰᠠᠨ᠃      ︵ᠬᠤᠶᠠᠷ︶ ᠠᠰᠠᠷ ᠤᠨ ᠱᠠᠲᠤᠨ ᠤ ᠬᠤᠭᠤᠷᠣᠨᠳᠤ᠂ ᠴᠠᠬᠢᠯᠭᠠᠨ ᠱᠠᠲᠤᠨ ᠤ ᠬᠤᠭᠤᠷᠣᠨᠳᠤ ᠶᠠᠮᠠᠷᠪᠠ ᠰᠤᠯᠠ ᠪᠣᠳᠠᠰ ᠲᠠᠯᠪᠢᠭᠰᠠᠨ᠃      ︵ᠭᠤᠷᠪᠠ︶ ᠠᠰᠠᠷ ᠤᠨ ᠭᠤᠳᠤᠮᠵᠢᠨ ᠳᠣᠲᠣᠷ᠎ᠠ ᠶᠠᠮᠠᠷᠪᠠ ᠰᠤᠯᠠ ᠪᠣᠳᠠᠰ ᠲᠠᠯᠪᠢᠭᠰᠠᠨ᠃      ︵ᠳᠥᠷᠪᠡ︶ ᠠᠰᠠᠷ ᠤᠨ ᠳᠣᠲᠣᠷᠠᠬᠢ ᠳᠤᠷ᠎ᠠ ᠶᠢᠨ ᠣᠷᠣᠨ ᠪᠠᠶᠢᠷᠢ ᠳᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠲᠠᠯᠪᠢᠭᠰᠠᠨ᠂ ᠲᠣᠭᠲᠠᠭᠠᠯ ᠢ ᠵᠥᠷᠢᠴᠡᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠴᠡᠨᠡᠭᠯᠡᠭᠰᠡᠨ᠃      ︵ᠲᠠᠪᠤ︶ ᠠᠰᠠᠷ ᠤᠨ ᠱᠠᠲᠤᠨ ᠤ ᠬᠤᠭᠤᠷᠣᠨᠳᠤᠬᠢ ᠦᠷᠭᠦᠯᠵᠢ ᠬᠠᠭᠠᠳᠠᠭ ᠭᠠᠯ ᠢ ᠰᠡᠷᠭᠡᠶᠢᠯᠡᠬᠦ ᠡᠭᠦᠳᠡ ᠶᠢ ᠣᠨᠢᠰᠤᠯᠠᠭᠰᠠᠨ  ᠂ ᠦᠷᠭᠦᠯᠵᠢ ᠬᠠᠭᠠᠳᠠᠭ ᠭᠠᠯ ᠢ ᠰᠡᠷᠭᠡᠶᠢᠯᠡᠬᠦ ᠡᠭᠦᠳᠡ ᠨᠢ ᠡᠪᠳᠡᠷᠡᠵᠦ ᠦᠢᠯᠡᠳᠦᠯ ᠢᠶᠠᠨ ᠠᠯᠳᠠᠭᠰᠠᠨ      ︵ᠵᠢᠷᠭᠤᠭ᠎ᠠ︶ ᠠᠶᠤᠯᠭᠦᠢ ᠶᠢᠨ ᠡᠭᠦᠳᠡ ᠨᠢ ᠡᠵᠡᠯᠡᠭᠳᠡᠭᠰᠡᠨ᠂ ᠪᠥᠭᠯᠡᠷᠡᠭᠰᠡᠨ᠂ ᠪᠢᠲᠡᠭᠦᠮᠵᠢᠯᠡᠭᠳᠡᠭᠰᠡᠨ᠃      ︵ᠳᠣᠯᠤᠭ᠎ᠠ︶ ᠥᠨᠳᠥᠷ ᠳᠠᠪᠬᠤᠷᠭ᠎ᠠ ᠶᠢᠨ ᠪᠠᠷᠢᠯᠭ᠎ᠠ ᠶᠢᠨ ᠠᠶᠤᠯ ᠠᠴᠠ ᠵᠠᠶᠢᠯᠠᠬᠤ ᠳᠠᠪᠬᠤᠷᠭ᠎ᠠ ᠨᠢ ᠡᠵᠡᠯᠡᠭᠳᠡᠭᠰᠡᠨ᠃      ︵ᠨᠠᠢᠮᠠ︶ ᠠᠰᠠᠷ ᠤᠨ ᠱᠠᠲᠤᠨ ᠤ ᠬᠤᠭᠤᠷᠣᠨᠳᠤ ᠳᠤᠲᠠᠭᠠᠬᠤ ᠶᠢ ᠨᠥᠯᠥᠭᠡᠯᠡᠬᠦ ᠪᠤᠰᠤᠳ ᠲᠥᠬᠦᠭᠡᠷᠦᠮᠵᠢ ᠪᠤᠶᠤ ᠴᠢᠳᠠᠮᠵᠢᠲᠤ ᠭᠡᠷ ᠲᠣᠬᠢᠷᠠᠭᠤᠯᠤᠭᠰᠠᠨ᠃      ︵ᠶᠢᠰᠦ︶ ᠪᠠᠴᠢᠮ ᠪᠠᠶᠢᠳᠠᠯ ᠳᠤ ᠬᠡᠷᠡᠭᠯᠡᠬᠦ ᠳ᠋ᠧᠩ ᠵᠢᠴᠢ ᠳᠤᠲᠠᠭᠠᠬᠤ ᠵᠢᠭᠠᠯᠲᠠ ᠲᠡᠮᠳᠡᠭ ᠢ ᠲᠣᠬᠢᠷᠠᠭᠤᠯᠤᠭᠰᠠᠨ ᠨᠢ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ᠂ ᠡᠪᠳᠡᠷᠡᠵᠦ ᠬᠡᠷᠡᠭᠯᠡᠵᠦ ᠪᠣᠯᠬᠤ ᠦᠭᠡᠢ ᠪᠣᠯᠣᠭᠰᠠᠨ᠃      ︵ᠠᠷᠪᠠ︶ ᠴᠠᠬᠢᠯᠭᠠᠨ ᠱᠠᠲᠤᠨ ᠤ ᠳᠣᠲᠣᠷ᠎ᠠ ᠵᠢᠴᠢ ᠴᠠᠬᠢᠯᠭᠠᠨ ᠱᠠᠲᠤᠨ ᠤ ᠬᠤᠭᠤᠷᠣᠨᠳᠤᠬᠢ ᠢᠯᠡᠬᠡᠨ ᠭᠠᠵᠠᠷ ︽ᠭᠠᠯ ᠤᠨ ᠠᠶᠤᠯ ᠭᠠᠷᠤᠭᠰᠠᠨ ᠴᠠᠭ ᠴᠠᠬᠢᠯᠭᠠᠨ ᠱᠠᠲᠤᠨ ᠳᠤ ᠰᠠᠭᠤᠵᠤ ᠪᠣᠯᠬᠤ ᠦᠭᠡᠢ︾ ᠭᠡᠰᠡᠨ ᠲᠡᠮᠳᠡᠭ ᠨᠠᠭᠠᠭᠰᠠᠨ ᠦᠭᠡᠢ᠃      ᠳᠥᠷᠪᠡ᠂ ᠳᠤᠲᠠᠭᠠᠬᠤ ᠵᠠᠮ᠂ ᠠᠶᠤᠯᠭᠦᠢ ᠶᠢᠨ ᠡᠭᠦᠳᠡ ᠶᠢ ᠡᠵᠡᠯᠡᠭᠰᠡᠨ᠂ ᠪᠥᠭᠯᠡᠭᠰᠡᠨ᠂ ᠪᠢᠲᠡᠭᠦᠮᠵᠢᠯᠡᠭᠰᠡᠨ ᠪᠤᠶᠤ ᠪᠤᠰᠤᠳ ᠠᠶᠤᠯᠭᠦᠢ ᠳᠤᠲᠠᠭᠠᠬᠤ ᠶᠢ ᠬᠠᠷᠰᠢᠯᠠᠭᠰᠠᠨ ᠦᠢᠯᠡ ᠠᠵᠢᠯᠯᠠᠭ᠎ᠠ ᠵᠢᠴᠢ ᠭᠠᠯ ᠤᠨᠲᠠᠷᠠᠭᠠᠬᠤ ᠲᠡᠷᠭᠡ ᠶᠢᠨ ᠵᠠᠮ ᠢ ᠡᠵᠡᠯᠡᠵᠦ᠂ ᠪᠥᠭᠯᠡᠵᠦ᠂ ᠪᠢᠲᠡᠭᠦᠮᠵᠢᠯᠡᠵᠦ᠂ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠶᠢ ᠬᠠᠷᠰᠢᠯᠠᠭᠰᠠᠨ ᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ᠶᠢᠨ ᠵᠢᠷᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠰᠢᠢᠳᠬᠡᠨ᠎ᠡ᠃ ᠭᠠᠯ ᠤᠨᠲᠠᠷᠠᠭᠠᠬᠤ ᠲᠡᠷᠭᠡ ᠶᠢᠨ ᠡᠭᠦᠷᠭᠡ ᠭᠦᠢᠴᠡᠳᠬᠡᠬᠦ ᠶᠢ ᠰᠠᠭᠠᠲᠠᠭᠠᠭᠰᠠᠨ ᠵᠢᠴᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠠᠵᠢᠯᠲᠠᠨ ᠤ ᠬᠠᠤᠯᠢ ᠶᠣᠰᠣᠭᠠᠷ ᠡᠭᠦᠷᠭᠡ ᠭᠦᠢᠴᠡᠳᠬᠡᠬᠦ ᠶᠢ ᠰᠠᠭᠠᠲᠠᠭᠠᠭᠰᠠᠨ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠠᠷᠭ᠎ᠠ︾ ᠶᠢᠨ ᠲᠠᠪᠢᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠰᠢᠢᠳᠬᠡᠨ᠎ᠡ᠃ ᠳᠡᠭᠡᠷ᠎ᠡ ᠳᠤᠷᠠᠳᠤᠭᠰᠠᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠪᠠᠯ᠂ ᠬᠠᠤᠯᠢ ᠶᠣᠰᠣᠭᠠᠷ ᠠᠵᠤ ᠠᠬᠤᠶᠢᠯᠠᠯ ᠵᠢᠴᠢ ᠬᠤᠪᠢ ᠬᠥᠮᠥᠨ ᠤ ᠢᠲᠡᠭᠡᠮᠵᠢ ᠶᠢᠨ ᠳᠠᠩᠰᠠ ᠳᠤ ᠣᠷᠣᠭᠤᠯᠵᠤ᠂ ᠬᠤᠯᠪᠣᠭᠠᠯᠠᠨ ᠵᠠᠯᠬᠠᠭᠠᠨ᠎ᠠ᠃      ᠲᠠᠪᠤ᠂ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠥᠮᠥᠨ ᠣᠯᠠᠨ ᠨᠡᠶᠢᠲᠡ ᠶᠢᠨ ᠭᠠᠯ ᠢ ᠰᠡᠷᠭᠡᠶᠢᠯᠡᠬᠦ ᠠᠶᠤᠯᠭᠦᠢ ᠶᠢ ᠥᠪᠡᠷ ᠤᠨ ᠤᠬᠠᠮᠰᠠᠷ ᠠᠴᠠ ᠪᠠᠨ ᠬᠠᠮᠠᠭᠠᠯᠠᠵᠤ᠂ ᠭᠠᠯ ᠤᠨᠲᠠᠷᠠᠭᠠᠬᠤ ᠲᠡᠷᠭᠡ ᠶᠢᠨ ᠵᠠᠮ ᠪᠤᠶᠤ ᠪᠠᠷᠢᠯᠭ᠎ᠠ ᠶᠢᠨ ᠭᠠᠯ ᠰᠡᠷᠭᠡᠶᠢᠯᠡᠬᠦ ᠳᠤᠲᠠᠭᠠᠬᠤ ᠵᠠᠮ᠂ ᠠᠶᠤᠯᠭᠦᠢ ᠶᠢᠨ ᠡᠭᠦᠳᠡ ᠶᠢ ᠡᠵᠡᠯᠡᠭᠰᠡᠨ᠂ ᠪᠥᠭᠯᠡᠭᠰᠡᠨ᠂ ᠪᠢᠲᠡᠭᠦᠮᠵᠢᠯᠡᠭᠰᠡᠨ ᠡᠰᠡᠬᠦᠯ᠎ᠡ ᠭᠠᠯ ᠤᠨᠲᠠᠷᠠᠭᠠᠬᠤ ᠲᠡᠷᠭᠡ ᠶᠢᠨ ᠥᠨᠳᠥᠷ ᠲᠤ ᠭᠠᠷᠴᠤ ᠠᠵᠢᠯᠯᠠᠬᠤ ᠲᠠᠯᠠᠪᠤᠷ ᠢ ᠡᠵᠡᠯᠡᠨ ᠬᠡᠷᠡᠭᠴᠡᠭᠡ ᠶᠢ ᠨᠢ ᠬᠤᠪᠢᠷᠠᠭᠤᠯᠤᠭᠰᠠᠨ ᠦᠢᠯᠡ ᠠᠵᠢᠯᠯᠠᠭ᠎ᠠ ᠶᠢ ᠢᠯᠡᠷᠡᠭᠦᠯᠪᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠵᠤ ︵ᠢᠯᠡᠴᠢᠯᠡᠨ ᠵᠠᠭᠠᠯᠳᠤᠬᠤ ᠤᠲᠠᠰᠤ᠄ ᠭᠠᠯ ᠤᠨ ᠠᠶᠤᠯ ᠤᠨ ᠳᠠᠯᠳᠠ ᠭᠡᠮ ᠢ ᠢᠯᠡᠴᠢᠯᠡᠨ ᠵᠠᠭᠠᠯᠳᠤᠬᠤ ᠤᠲᠠᠰᠤ 96119᠂ ᠵᠠᠮ ᠬᠠᠷᠢᠯᠴᠠᠭᠠᠨ ᠤ ᠴᠠᠭᠳᠠᠭ᠎ᠠ 122᠂ ᠬᠤᠲᠠ ᠶᠢᠨ ᠬᠠᠮᠢᠶᠠᠷᠤᠯᠲᠠ ᠶᠢᠨ ᠬᠠᠯᠠᠮᠰᠢᠯ ᠤᠲᠠᠰᠤ 12319︶ ᠪᠣᠯᠣᠨ᠎ᠠ᠃ ᠢᠯᠡᠴᠢᠯᠡᠨ ᠵᠠᠭᠠᠯᠳᠤᠭᠰᠠᠨ ᠤᠲᠠᠰᠤ ᠶᠢ ᠲᠣᠰᠣᠭᠰᠠᠨ ᠨᠢᠭᠡᠴᠡ ᠴᠠᠭ ᠲᠤᠬᠠᠢ ᠳᠤᠨᠢ ᠬᠠᠷᠭᠤᠭᠤᠯᠬᠤ ᠶᠢᠨ ᠬᠠᠮᠲᠤ ᠬᠠᠤᠯᠢ ᠶᠣᠰᠣᠭᠠᠷ ᠰᠢᠢᠳᠪᠦᠷᠢᠯᠡᠵᠦ᠂ ᠰᠢᠢᠳᠪᠦᠷᠢᠯᠡᠭᠰᠡᠨ ᠪᠠᠶᠢᠳᠠᠯ ᠢᠶᠠᠨ ᠱᠠᠭᠠᠷᠳᠠᠯᠭ᠎ᠠ ᠶᠣᠰᠣᠭᠠᠷ ᠢᠯᠡᠴᠢᠯᠡᠨ ᠵᠠᠭᠠᠯᠳᠤᠭᠰᠠᠨ ᠬᠥᠮᠥᠨ ᠳᠤ ᠬᠠᠷᠢᠭᠤ ᠲᠤᠰᠬᠠᠬᠤ ᠬᠡᠷᠡᠭᠲᠡᠢ᠃      ᠠᠳᠡ ᠣᠨᠴᠠᠭᠠᠶᠢᠯᠠᠨ ᠵᠠᠷᠯᠠᠪᠠ
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号