ᠬᠥᠬᠡᠬᠤᠲᠠ ᠶᠢᠨ ᠪᠣᠬᠢᠷᠲᠤᠯ ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠳᠤ ᠲᠣᠬᠢᠷᠠᠭᠤᠯᠤᠯᠲᠠ ᠬᠢᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2020-06-01
            ᠬᠥᠬᠡᠬᠤᠲᠠ ᠵᠠᠰᠠᠭ ᠲᠠᠷᠬᠠᠭᠠᠭᠰᠠᠨ ﹇2020﹈ 3ᠳ᠋ᠤᠭᠠᠷ ᠲᠣᠭᠠᠲᠤ               2020 ᠣᠨ ᠤ 1ᠳ᠋ᠦ᠋ᠭᠡᠷ ᠰᠠᠷ᠎ᠠ ᠶᠢᠨ 16 ᠤ ᠡᠳᠦᠷ      ᠮᠠᠨ ᠤ ᠬᠤᠲᠠ ᠶᠢᠨ ᠠᠭᠠᠷ ᠮᠠᠨᠳᠠᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳ ᠣᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠠᠲᠤᠯᠠᠬᠤ ᠶᠢᠨ ᠲᠥᠯᠥᠭᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ︽ᠪᠣᠬᠢᠷᠲᠤᠯ ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ︵ᠬᠥᠬᠡᠬᠤᠲᠠ ᠵᠠᠰᠠᠭ ᠲᠠᠷᠬᠠᠭᠠᠭᠰᠠᠨ ﹇2019﹈ 2 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠮᠠᠨ ᠤ ᠬᠤᠲᠠ ᠶᠢᠨ ᠪᠣᠬᠢᠷᠲᠤᠯ ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠤ ᠬᠦᠷᠢᠶ᠎ᠡ ᠬᠡᠪᠴᠢᠶ᠎ᠡ ᠳᠤ ᠲᠣᠬᠢᠷᠠᠭᠤᠯᠤᠯᠲᠠ ᠬᠢᠪᠡ᠃ ᠡᠳᠦᠭᠡ ᠳᠣᠣᠷᠠᠬᠢ ᠮᠡᠲᠦ ᠵᠠᠷᠯᠠᠶ᠎ᠠ᠄      ᠨᠢᠭᠡ᠂ ᠪᠣᠬᠢᠷᠲᠤᠯ ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠤ ᠲᠣᠳᠣᠷᠬᠠᠶᠢᠯᠠᠯᠲᠠ       ᠪᠣᠬᠢᠷᠲᠤᠯ ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠭᠡᠳᠡᠭ ᠨᠢ ᠭᠤᠣᠯᠳᠠᠭᠤ᠄ ᠪᠣᠬᠢᠷᠲᠤᠯ ᠶᠡᠬᠡᠲᠡᠢ ᠲᠦᠯᠡᠰᠢ ᠶᠢ ᠪᠣᠷᠣᠯᠠᠭᠤᠯᠬᠤ ᠪᠤᠶᠤ ᠬᠡᠷᠡᠭᠯᠡᠬᠦ ᠶᠢ ᠴᠠᠭᠠᠵᠠᠯᠠᠬᠤ ᠣᠷᠣᠨ ᠢ ᠵᠢᠭᠠᠨ᠎ᠠ᠃ ᠲᠤᠰ ᠣᠷᠣᠨ ᠤ ᠳᠣᠲᠣᠷᠠᠬᠢ ᠪᠠᠶᠢᠭᠤᠯᠭ᠎ᠠ ᠨᠢᠭᠡᠴᠡ ᠪᠠ ᠬᠤᠪᠢ ᠬᠥᠮᠥᠨ ᠴᠥᠮ ᠪᠣᠬᠢᠷᠲᠤᠯ ᠶᠡᠬᠡᠲᠡᠢ ᠲᠦᠯᠡᠰᠢ ᠶᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠭᠠᠯᠢ ᠶᠢᠨ ᠰᠢᠲᠠᠮᠠᠬᠠᠢ ᠬᠡᠢ᠂ ᠰᠢᠩᠭᠡᠵᠢᠭᠦᠯᠦᠭᠰᠡᠨ ᠴᠢᠯᠠᠭᠤᠨ ᠲᠣᠰᠣᠨ ᠬᠡᠢ᠂ ᠴᠠᠬᠢᠯᠭᠠᠨ ᠪᠤᠶᠤ ᠪᠤᠰᠤᠳ ᠴᠡᠪᠡᠷ ᠡᠨᠧᠷᠭᠢ ᠪᠠᠷ ᠰᠣᠯᠢᠬᠤ ᠬᠡᠷᠡᠭᠲᠡᠢ᠃      ᠬᠤᠶᠠᠷ᠂ ᠪᠣᠬᠢᠷᠲᠤᠯ ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ      ︵ᠨᠢᠭᠡ︶ ᠪᠣᠬᠢᠷᠲᠤᠯ ᠶᠡᠬᠡᠲᠡᠢ ᠲᠦᠯᠡᠰᠢ ᠬᠡᠷᠡᠭᠯᠡᠬᠦ ᠲᠣᠨᠤᠭ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠶᠢ ᠴᠠᠭᠠᠵᠠᠯᠠᠨ᠎ᠠ᠃      ︵ᠬᠤᠶᠠᠷ︶ ᠪᠣᠬᠢᠷᠲᠤᠯ ᠶᠡᠬᠡᠲᠡᠢ ᠲᠦᠯᠡᠰᠢ ᠶᠢ ᠪᠣᠷᠣᠯᠠᠭᠤᠯᠬᠤ ᠪᠤᠶᠤ ᠬᠡᠷᠡᠭᠯᠡᠬᠦ ᠶᠢ ᠴᠠᠭᠠᠵᠠᠯᠠᠨ᠎ᠠ᠃      1. ᠳᠠᠩ ᠰᠠᠭᠤᠷᠢ ᠭᠠᠷᠭᠠᠬᠤ ᠬᠦᠴᠦ ᠨᠢ 35 ᠲᠣᠨ ᠠᠭᠤᠷ/ ᠴᠠᠭ ᠤᠨ ᠵᠤᠤᠬ᠎ᠠ᠄ ᠬᠦᠬᠦᠷ ᠤᠨ ᠠᠭᠤᠯᠤᠭᠳᠠᠴᠠ ᠨᠢ 0.5% ᠠᠴᠠ ᠶᠡᠭᠡ᠂ ᠦᠨᠡᠰᠦᠨ ᠤ ᠬᠤᠪᠢ ᠨᠢ 10% ᠠᠴᠠ ᠶᠡᠭᠡ ᠨᠡᠭᠦᠷᠡᠰᠦ ᠵᠢᠴᠢ ᠲᠡᠭᠦᠨ ᠤ ᠪᠦᠲᠦᠭᠡᠭᠳᠡᠬᠦᠨ᠃      2. ᠴᠡᠪᠡᠷ ᠡᠨᠧᠷᠭᠢ ᠪᠠᠷ ᠳᠤᠯᠠᠭᠠᠯᠠᠭ᠎ᠠ ᠬᠠᠩᠭᠠᠵᠤ ᠳᠡᠶᠢᠯᠬᠦ ᠦᠭᠡᠢ ᠪᠠ ᠲᠥᠪᠯᠡᠷᠡᠭᠦᠯᠦᠭᠰᠡᠨ ᠳᠤᠯᠠᠭᠠᠯᠠᠭ᠎ᠠ ᠶᠢᠨ ᠬᠠᠩᠭᠠᠯᠭ᠎ᠠ ᠶᠢ ᠬᠡᠷᠡᠭᠯᠡᠵᠦ ᠳᠡᠶᠢᠯᠬᠦ ᠦᠭᠡᠢ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠨᠡᠭᠦᠷᠡᠰᠦ᠄ ᠬᠦᠬᠦᠷ ᠤᠨ ᠠᠭᠤᠯᠤᠭᠳᠠᠴᠠ ᠨᠢ 0.5% ᠠᠴᠠ ᠶᠡᠭᠡ᠂ ᠦᠨᠡᠰᠦᠨ ᠤ ᠬᠤᠪᠢ ᠨᠢ 6.5% ᠠᠴᠠ ᠶᠡᠭᠡ ᠪᠦᠳᠦᠭᠦᠯᠢᠭ ᠨᠡᠭᠦᠷᠡᠰᠦ ᠵᠢᠴᠢ ᠬᠦᠬᠦᠷ ᠤᠨ ᠠᠭᠤᠯᠤᠭᠳᠠᠴᠠ ᠨᠢ 0.5% ᠠᠴᠠ ᠶᠡᠭᠡ᠂ ᠦᠨᠡᠰᠦᠨ ᠤ ᠬᠤᠪᠢ  ᠨᠢ 10% ᠠᠴᠠ ᠶᠡᠭᠡ ᠨᠡᠭᠦᠷᠡᠰᠦᠨ ᠤ ᠪᠦᠲᠦᠭᠡᠭᠳᠡᠬᠦᠨ᠃      3. ᠬᠤᠳᠠᠯᠳᠤᠭᠠᠨ ᠳᠤ ᠬᠡᠷᠡᠭᠯᠡᠬᠦ ᠲᠦᠯᠡᠰᠢ᠄ ᠪᠦᠳᠦᠭᠦᠯᠢᠭ ᠨᠡᠭᠦᠷᠡᠰᠦ ᠵᠢᠴᠢ ᠲᠡᠭᠦᠨ ᠤ ᠪᠦᠲᠦᠭᠡᠭᠳᠡᠬᠦᠨ᠃      4. ᠴᠢᠯᠠᠭᠤᠨ ᠲᠣᠰᠣᠨ ᠤ ᠬᠡᠦᠷᠡᠰᠦ᠂ ᠲᠣᠰᠣᠨ ᠵᠠᠨᠠᠷ᠂ ᠲᠦᠭᠦᠬᠡᠢ ᠴᠢᠯᠠᠭᠤᠨ ᠲᠣᠰᠣ᠂ ᠬᠦᠨᠳᠦ ᠲᠣᠰᠣ᠂ ᠰᠢᠭᠠᠷᠤᠭ ᠲᠣᠰᠣ᠂ ᠨᠡᠭᠦᠷᠡᠰᠦᠨ ᠬᠡᠦᠳᠡᠰᠦ᠃      ᠭᠤᠷᠪᠠ᠂ ᠰᠢᠲᠠᠭᠠᠬᠤ ᠶᠢ ᠴᠠᠭᠠᠵᠠᠯᠠᠬᠤ ᠣᠷᠣᠨ ᠤ ᠬᠦᠷᠢᠶ᠎ᠡ ᠬᠡᠪᠴᠢᠶ᠎ᠡ ᠶᠢ ᠲᠣᠭᠲᠠᠭᠠᠬᠤ      ᠲᠤᠰ ᠤᠳᠠᠭ᠎ᠠ ᠰᠢᠲᠠᠭᠠᠬᠤ ᠶᠢ ᠴᠠᠭᠠᠵᠠᠯᠠᠬᠤ ᠣᠷᠣᠨ ᠤ ᠬᠦᠷᠢᠶ᠎ᠡ ᠬᠡᠪᠴᠢᠶ᠎ᠡ ᠶᠢ 451.78 ᠲᠡᠭᠰᠢ ᠳᠥᠷᠪᠡᠯᠵᠢᠨ ᠺᠢᠯᠣᠮᠧᠲᠷ ᠪᠠᠶᠢᠭᠰᠠᠨ ᠠᠴᠠ 617.60 ᠲᠡᠭᠰᠢ ᠳᠥᠷᠪᠡᠯᠵᠢᠨ ᠺᠢᠯᠣᠮᠧᠲᠷ ᠪᠣᠯᠭᠠᠨ ᠲᠣᠬᠢᠷᠠᠭᠤᠯᠤᠨ᠎ᠠ ᠃ ᠪᠣᠳᠠᠲᠠᠢ ᠬᠦᠷᠢᠶ᠎ᠡ ᠬᠡᠪᠴᠢᠶ᠎ᠡ ᠨᠢ᠄ ᠵᠡᠭᠦᠨᠰᠢ ᠬᠤᠲᠠ ᠶᠢ ᠲᠣᠭᠤᠷᠢᠭᠰᠠᠨ ᠲᠦᠷᠭᠡᠨ ᠤ ᠵᠠᠮ᠂ ᠪᠠᠷᠠᠭᠤᠨᠰᠢ ᠬᠤᠲᠠ ᠶᠢ ᠲᠣᠭᠤᠷᠢᠭᠰᠠᠨ ᠲᠦᠷᠭᠡᠨ ᠤ ᠵᠠᠮ᠂ ᠡᠮᠦᠨᠡᠰᠢ ᠬᠤᠲᠠ ᠶᠢ ᠲᠣᠭᠤᠷᠢᠭᠰᠠᠨ ᠲᠦᠷᠭᠡᠨ ᠤ ᠵᠠᠮ᠂ ᠬᠤᠶᠢᠰᠢ ᠳᠠᠯᠠᠨ ᠬᠠᠷ᠎ᠠ ᠠᠭᠤᠯᠠ ᠬᠦᠷᠲᠡᠯ᠎ᠡ᠃ ᠡᠭᠦᠨ ᠤ ᠬᠠᠮᠲᠤ᠂ ᠲᠣᠬᠢᠷᠠᠭᠤᠯᠤᠭᠰᠠᠨ ᠤ ᠳᠠᠷᠠᠭ᠎ᠠ ᠲᠠᠬᠢᠨ Ⅰᠲᠥᠷᠥᠯ ᠤᠨ ᠰᠢᠲᠠᠭᠠᠬᠤ ᠶᠢ ᠴᠠᠭᠠᠵᠠᠯᠠᠬᠤ ᠣᠷᠣᠨ ᠲᠣᠬᠢᠷᠠᠭᠤᠯᠬᠤ ᠦᠭᠡᠢ᠂ ᠨᠢᠭᠡᠳᠦᠯᠲᠡᠢ Ⅱᠲᠥᠷᠥᠯ ᠤᠨ ᠰᠢᠲᠠᠭᠠᠬᠤ ᠶᠢ ᠴᠠᠭᠠᠵᠠᠯᠠᠬᠤ ᠣᠷᠣᠨ ᠪᠣᠯᠭᠠᠨ ᠲᠣᠭᠲᠠᠭᠠᠨ᠎ᠠ᠃      ᠳᠥᠷᠪᠡ᠂ ᠲᠤᠰ ᠵᠠᠷᠯᠠᠯ ᠢ ᠨᠡᠶᠢᠲᠡᠯᠡᠭᠰᠡᠨ ᠤ 30 ᠡᠳᠦᠷ ᠤᠨ ᠳᠠᠷᠠᠭ᠎ᠠ ᠠᠴᠠ ᠬᠡᠷᠡᠭᠵᠢᠭᠦᠯᠦᠨ᠎ᠡ᠂ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠨᠢᠭᠡᠳᠦᠯᠲᠡᠢ ᠳ᠋ᠤᠭᠠᠷᠯᠠᠯ ᠨᠢ ZG-2020-1 ᠲᠣᠭᠠᠲᠤ᠃
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号