ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠬᠦ ᠳᠤ ᠬᠡᠷᠡᠭᠯᠡᠬᠦ ᠭᠠᠵᠠᠷ  ᠤᠨ ᠪᠠᠳᠤᠯᠠᠭ᠎ᠠ ᠶᠢᠨ ᠠᠵᠢᠯ ᠤᠨ ᠬᠤᠯᠪᠤᠭᠳᠠᠯ ᠪᠦᠬᠦᠢ ᠠᠷᠭ᠎ᠠ ᠬᠡᠮᠵᠢᠶ᠎ᠡ ᠶᠢ ᠳᠡᠮᠵᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020-06-01
               ᠬᠦᠬᠡᠬᠤᠲᠠ ᠪᠠᠶᠢᠭᠠᠯᠢ ᠪᠠᠶᠠᠯᠢᠭ ᠠᠯᠪᠠᠨ ᠦᠰᠦᠭ ﹇2020﹈ 47 ᠳ᠋ᠤᠭᠠᠷ ᠲᠤᠭᠠᠳᠤ               2020 ᠤᠨ ᠤ 2 ᠳ᠋ᠤᠭᠠᠷ ᠰᠠᠷ᠎ᠠ ᠶᠢᠨ 28 ᠤ ᠡᠳᠦᠷᠬᠤᠰᠢᠭᠤ ᠰᠢᠶᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ᠂ ᠬᠥᠬᠡᠬᠤᠲᠠ ᠶᠢᠨ ᠠᠵᠤ  ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠪᠠᠶᠢᠭᠠᠯᠢ ᠶᠢᠨ ᠡᠬᠢ  ᠪᠠᠶᠠᠯᠢᠭ ᠤᠨ ᠰᠠᠯᠠᠭ᠎ᠠ ᠮᠥᠴᠢᠷ᠂ ᠬᠤᠲᠠ ᠶᠢᠨ ᠲᠣᠪᠴᠢᠶ᠎ᠠ ᠶᠢᠨ  ᠬᠤᠯᠪᠤᠭᠳᠠᠯ ᠪᠥᠬᠦᠶ ᠰᠠᠯᠠᠭ᠎ᠠ ᠲᠠᠰᠤᠭ᠂ ᠬᠤᠶᠠᠳᠤᠭᠠᠷ ᠳᠡᠰ ᠤᠨ ᠠᠵᠢᠯ ᠦᠢᠯᠡᠰ ᠤᠨ ᠨᠢᠭᠡᠴᠡ ᠳᠤ᠄  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠤᠷᠳᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶᠢᠯᠠᠯ ᠤᠨ ᠠᠵᠢᠯ  ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠬᠦ  ᠳᠤ ᠭᠡᠷᠡᠭᠯᠡᠬᠦ ᠭᠠᠵᠠᠷ ᠤᠨ ᠪᠠᠲᠤᠯᠠᠭ᠎ᠠ ᠶᠢᠨ ᠠᠵᠢᠯ ᠢ ᠲᠡᠮᠵᠢᠬᠦ ᠵᠢᠷᠭᠤᠭᠠᠨ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠪᠠᠶᠢᠭᠠᠯᠢ ᠪᠠᠶᠠᠯᠢᠭ ᠦᠰᠦᠭ︹ 2020 ︺ 40 ᠳ᠋ᠤᠭᠡᠷ ᠲᠣᠭᠠᠲᠤ︶ ᠤᠨ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠮᠠᠨ ᠤ ᠲᠣᠪᠴᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶᠢᠯᠠᠯ ᠤᠨ ᠠᠵᠢᠯ  ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠬᠦ ᠶᠢ ᠳᠡᠮᠵᠢᠬᠦ ᠲᠤᠬᠠᠶ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠲᠤᠷᠠᠳᠤᠶ᠎ᠠ᠂ ᠡᠯ᠎ᠡ ᠭᠠᠵᠠᠷ ᠣᠷᠣᠨ ᠪᠠ ᠰᠠᠯᠠᠭ᠎ᠠ ᠮᠦᠴᠢᠷ ᠤᠨ ᠬᠢᠨ ᠪᠣᠳᠠᠲᠠᠶ ᠲᠠᠢ ᠪᠠᠨ ᠤᠶᠠᠯᠳᠤᠭᠤᠯᠤᠨ ᠰᠠᠶᠢᠲᠤᠷ ᠨᠠᠶᠢᠳᠠᠪᠤᠷᠢᠵᠢᠭᠤᠯᠲᠤᠭᠠᠶ᠃      ᠨᠢᠭᠡ᠂  ᠰᠠᠭᠠᠳ ᠦᠭᠡᠢ ᠬᠢᠨᠠᠨ ᠵᠥᠪᠰᠢᠶᠡᠷᠡᠬᠦ ᠵᠠᠮ ᠢ ᠨᠡᠭᠡᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠤᠷᠢᠳᠠᠪᠠᠷ ᠪᠠᠲᠤᠯᠠᠨ᠎ᠠ      1.ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠲᠦᠯᠦᠪᠵᠢᠬᠦᠯᠭᠡ ᠶᠢᠨ ᠭᠠᠵᠠᠷ ᠰᠤᠩᠭᠤᠬᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠡᠷᠡᠭᠯᠡᠬᠦ ᠪᠠ ᠭᠠᠵᠠᠷ ᠰᠢᠷᠣᠶ ᠲᠠᠲᠠᠪᠤᠷᠢᠯᠠᠬᠤ ᠶᠢ ᠮᠡᠳᠡᠭᠦᠯᠦᠨ ᠵᠥᠪᠰᠢᠶᠡᠷᠡᠭᠦᠯᠬᠦ᠂ ᠭᠠᠵᠠᠷ ᠰᠢᠷᠣᠶ ᠬᠠᠩᠭᠠᠬᠤ᠂ ᠢᠨᠵᠧᠨᠧᠷᠢᠩ ᠤᠨ ᠲᠥᠯᠥᠪᠵᠢᠭᠦᠯᠭᠡ ᠶᠢ ᠵᠥᠪᠰᠢᠶᠡᠷᠡᠬᠦ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠵᠡᠷᠭᠡ ᠭᠠᠷᠳᠠᠮ ᠤᠨ ᠲᠠᠯ᠎ᠠ ᠪᠠᠷ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠳᠥᠭᠦᠮᠴᠢᠯᠡᠵᠦ᠂ ︽ᠤᠷᠢᠳᠴᠢᠯᠠᠨ ᠣᠷᠣᠯᠴᠠᠬᠤ︾ ᠵᠠᠭᠪᠤᠷ ᠢ ᠠᠪᠴᠤ᠂ ᠲᠥᠷᠥᠯ ᠵᠦᠢᠯ ᠤᠨ ᠲᠥᠯᠥᠪᠵᠢᠭᠦᠯᠭᠡ ᠪᠠ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠲᠥᠯᠥᠪᠵᠢᠭᠦᠯᠭᠡ ᠵᠢᠴᠢ ᠬᠡᠷᠡᠭᠯᠡᠬᠦ ᠭᠠᠵᠠᠷ ᠵᠡᠷᠭᠡ ᠶᠢᠨ ᠬᠤᠯᠪᠤᠭᠳᠠᠯ ᠪᠦᠬᠦᠢ ᠭᠠᠷᠳᠠᠮ ᠢ ᠠᠯᠢ ᠲᠦᠷᠭᠡᠨ ᠢᠶᠠᠷ ᠬᠢᠨᠠᠨ ᠵᠥᠪᠰᠢᠶᠡᠷᠡᠬᠦ ᠶᠢ ᠦᠨᠡᠨᠬᠦ ᠪᠠᠲᠤᠯᠠᠵᠤ᠂ ᠲᠥᠷᠥᠯ  ᠵᠦᠢᠯ ᠳᠤ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠬᠡᠷᠡᠭᠲᠡᠶ᠃      2. ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠮᠨᠡᠨ ᠵᠠᠰᠠᠬᠤ ᠳᠤ ᠪᠠᠴᠢᠮ ᠬᠡᠷᠡᠭᠰᠡᠬᠦ  ᠡᠮᠴᠢᠯᠡᠭᠡ ᠡᠷᠡᠭᠦᠯ ᠬᠠᠮᠠᠭᠠᠯᠠᠯ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ  ᠦᠢᠯᠡᠳᠪᠦᠷᠢᠯᠡᠯ ᠵᠡᠷᠭᠡ ᠳᠤ ᠬᠡᠷᠡᠭᠯᠡᠬᠦ ᠭᠠᠵᠠᠷ ᠢ ︽ᠬᠠᠤᠯᠢ ᠲᠣᠭᠲᠠᠭᠠᠯ ᠶᠣᠰᠣᠭᠠᠷ᠂  ᠤᠨᠴᠠᠭᠠᠢ ᠶᠠᠪᠤᠳᠠᠯ ᠢ ᠣᠨᠴᠠᠭᠠᠢ ᠰᠢᠢᠳᠪᠦᠷᠢᠯᠡᠬᠦ᠂ ᠪᠠᠴᠢᠮ ᠬᠡᠷᠡᠭᠰᠡᠬᠦ  ᠳᠤ ᠨᠢ ᠤᠷᠢᠳᠠᠪᠠᠷ ᠬᠡᠷᠡᠭᠯᠡᠬᠦ︾ ᠵᠠᠷᠴᠢᠮ ᠤᠨ ᠶᠣᠰᠣᠭᠠᠷ᠂ ᠭᠠᠵᠠᠷ ᠰᠢᠷᠣᠶ ᠶᠢ ᠤᠷᠢᠳᠠᠪᠠᠷ ᠬᠡᠷᠡᠭᠯᠡᠵᠦ ᠪᠣᠯᠤᠨ᠎ᠠ᠃ ᠬᠢᠵᠢᠭ ᠤᠨ ᠪᠠᠶᠢᠳᠠᠯ  ᠢ ᠲᠠᠶᠢᠯᠤᠭᠰᠠᠨ ᠤ ᠳᠠᠷᠠᠭ᠎ᠠ᠂ ᠡᠭᠦᠷᠢᠳᠡ ᠶᠢᠨ ᠴᠢᠨᠠᠷᠲᠠᠶ ᠭᠠᠵᠠᠷ ᠬᠡᠷᠡᠭᠯᠡᠬᠦ  ᠴᠢᠬᠤᠯᠠ ᠲᠠᠢ ᠳᠤ᠂ 6 ᠰᠠᠷ᠎ᠠ ᠶᠢᠨ ᠳᠣᠲᠣᠷ᠎ᠠ ᠬᠠᠮᠢᠶ᠎ᠠ ᠪᠥᠬᠦᠶ ᠭᠠᠷᠳᠠᠮ ᠢ ᠨᠥᠬᠦᠨ ᠬᠦᠢᠴᠡᠳᠭᠡᠨ᠎ᠡ︔ ᠲᠦᠷ ᠴᠠᠭ ᠭᠠᠵᠠᠷ ᠬᠡᠷᠡᠭᠯᠡᠬᠦ ᠳᠤ ᠬᠠᠷᠢᠶᠠᠯᠠᠭᠳᠠᠪᠠᠯ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠪᠣᠯᠤᠨ ᠭᠠᠵᠠᠷ ᠰᠢᠷᠣᠶ ᠬᠡᠷᠡᠭᠯᠡᠬᠦ ᠨᠢᠭᠡᠴᠡ ᠨᠢ ᠭᠠᠵᠠᠷ ᠰᠢᠷᠣᠶ ᠶᠢᠨ ᠤᠤᠯ ᠪᠠᠶᠢᠳᠠᠯ ᠢ ᠴᠠᠭ ᠲᠤᠬᠠᠶ   ‍ᠨᠢ ᠰᠡᠷᠭᠦᠭᠡᠵᠦ᠂ ᠤᠤᠯ ᠤᠨ ᠭᠠᠵᠠᠷ ᠰᠢᠷᠣᠶ ᠬᠡᠷᠡᠭᠯᠡᠭᠴᠢ ᠳᠤ ᠪᠤᠴᠠᠭᠠᠨ ᠥᠭᠬᠦ ᠬᠡᠷᠡᠭᠲᠡᠶ᠃      ᠬᠤᠶᠠᠷ᠂ ᠰᠢᠨ᠎ᠡ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢᠨ ᠬᠡᠷᠡᠭᠵᠢᠭᠦᠯᠦᠯᠲᠡ ᠶᠢ  ᠵᠣᠯᠭᠠᠭᠤᠯᠬᠤ ᠶᠢ ᠰᠠᠶᠢᠲᠤᠷ ᠬᠢᠵᠦ᠂ ᠠᠵᠤ ᠠᠬᠤᠶᠢᠯᠠᠯ ᠤᠨ ᠠᠵᠢᠯ  ᠢᠶᠠᠨ ᠡᠬᠢᠯᠡᠭᠦᠯᠦᠨ ᠠᠵᠢᠯ ᠢᠶᠠᠨ ᠰᠡᠷᠭᠦᠭᠡᠬᠦ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ      1.2019 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠭᠠᠵᠠᠷ ᠰᠢᠷᠣᠶ ᠲᠠᠲᠠᠪᠤᠷᠢᠯᠠᠬᠤ ᠠᠵᠢᠯ ᠢ ᠥᠷᠨᠢᠭᠦᠯᠦᠭᠰᠡᠨ ᠲᠥᠷᠥᠯ ᠵᠦᠢᠯ ︵ᠳᠠᠷᠤᠶ᠄ ᠭᠠᠵᠠᠷ ᠰᠢᠷᠣᠶ ᠲᠠᠲᠠᠪᠤᠷᠢᠯᠠᠬᠤ ᠠᠯᠪᠠᠨ ᠵᠠᠷ ᠤᠨ ᠲᠠᠰ ᠳᠠᠷᠠᠭᠠᠯᠠᠯ ᠢ ᠨᠢᠭᠡᠨᠲᠡ ᠬᠦᠢᠴᠡᠳᠭᠡᠵᠦ᠂ ᠲᠣᠰᠬᠤᠨ ᠤ ᠠᠷᠠᠳ ᠤᠨ ᠲᠤᠭᠤᠶᠢᠯᠠᠩ ᠤᠨ ᠭᠡᠰᠢᠭᠦᠳ ᠨᠢ ᠨᠥᠬᠦᠪᠥᠷᠢ ᠥᠭᠴᠦ ᠲᠥᠪᠬᠢᠨᠡᠭᠦᠯᠬᠦ ᠲᠥᠰᠦᠯ ᠢ ᠵᠥᠪᠰᠢᠶᠡᠷᠡᠵᠦ᠂ ᠣᠨᠳᠣᠤ ᠰᠠᠨᠠᠯ ᠥᠬᠡᠶ︶  ᠤᠨ ᠪᠥᠲᠥᠭᠡᠨ  ᠪᠠᠶᠢᠭᠤᠯᠤᠯᠳᠠ ᠶᠢᠨ ᠲᠥᠷᠥᠯ  ᠵᠦᠢᠯ ᠳᠤ᠂  ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠮᠡᠳᠡᠭᠦᠯᠦᠭᠰᠡᠨ ᠪᠢᠴᠢᠭ ᠮᠠᠲ᠋ᠧᠷᠢᠶᠠᠯ ᠨᠢ ᠰᠢᠨ᠎ᠡ ᠬᠠᠤᠯᠢ  ᠳᠤ  ᠨᠡᠶᠢᠴᠡᠭᠰᠡᠨ ᠪᠠᠶᠢᠳᠠᠯ ᠢ ᠨᠥᠬᠦᠪᠥᠷᠢᠯᠡᠨ ᠵᠠᠯᠠᠷᠠᠭᠤᠯᠬᠤ ᠲᠣᠳᠣᠷᠬᠠᠶᠢᠯᠠᠯᠲᠠ ᠬᠢᠵᠦ᠂ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠯᠢ ᠲᠦᠷᠭᠡᠨ ᠢᠶᠠᠷ ᠬᠢᠨᠠᠨ ᠵᠥᠪᠰᠢᠶᠡᠷᠡᠬᠦ ᠶᠢ ᠪᠡᠶᠡᠯᠡᠭᠦᠯᠦᠨ᠎ᠡ᠃      2. 2020 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠬᠤᠶᠢᠰᠢ ᠭᠠᠵᠠᠷ ᠰᠢᠷᠣᠶ  ᠲᠠᠳᠠᠪᠤᠷᠢᠯᠠᠭᠰᠠᠨ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ  ᠳᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ  ᠵᠦᠪᠰᠢᠶᠡᠷᠡᠬᠦ ᠳᠤ ᠰᠢᠨ᠎ᠡ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢᠨ ᠳᠥᠴᠢᠨ ᠲᠠᠪᠤᠳᠤᠭᠠᠷ  ᠵᠦᠢᠯ  ᠂  ᠳᠦᠴᠢᠨ ᠳᠣᠯᠣᠳᠤᠭᠠᠷ  ᠵᠦᠢᠯ᠂ ᠳᠥᠴᠢᠨ  ᠨᠠᠢᠮᠠᠳᠤᠭᠠᠷ  ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠦᠨ᠎ᠡ᠃      ᠭᠤᠷᠪᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠪᠠ ᠲᠣᠰ ᠣᠨ ᠤ ᠨᠢᠭᠡᠨᠲᠡ ᠨᠠᠶᠢᠳᠠᠪᠤᠷᠢᠵᠢᠵᠤ ᠠᠵᠢᠯ ᠢᠶᠠᠨ ᠡᠬᠢᠯᠡᠭᠦᠯᠵᠦ ᠠᠵᠢᠯ  ᠢᠶᠠᠨ ᠰᠡᠷᠭᠦᠭᠡᠬᠦ ᠲᠥᠷᠥᠯ ᠵᠦᠢᠯ ᠤᠨ ᠭᠠᠵᠠᠷ ᠬᠡᠷᠡᠭᠯᠡᠬᠦ ᠲᠥᠯᠥᠪᠯᠡᠭᠡ ᠶᠢ ᠪᠠᠳᠤᠯᠠᠨ᠎ᠠ      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠭᠠᠵᠠᠷ ᠬᠡᠷᠡᠭᠯᠡᠬᠦ ᠲᠥᠯᠥᠪᠯᠡᠭᠡ ᠶᠢᠨ ᠬᠦᠢᠴᠡᠳᠭᠡᠯ ᠲᠤᠭ᠎ᠠ ᠶᠢ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠨ᠎ᠠ︔ ᠴᠢᠬᠤᠯᠠ ᠶᠡᠭᠡ ᠰᠠᠭᠤᠷᠢ ᠪᠡᠯᠡᠳᠭᠡᠮᠵᠢ ᠶᠢᠨ ᠢᠨᠵᠧᠨᠧᠷᠢᠩ ᠤᠨ ᠲᠥᠷᠥᠯ ᠵᠦᠢᠯ ᠳᠤ᠂ ᠤᠷᠢᠳᠠᠪᠠᠷ ᠬᠢᠨᠠᠨ ᠵᠦᠪᠰᠢᠶᠡᠷᠡᠭᠰᠡᠨ ᠤ ᠳᠠᠷᠠᠭ᠎ᠠ ᠭᠠᠵᠠᠷ ᠬᠡᠷᠡᠭᠯᠡᠬᠦ ᠲᠥᠯᠥᠪᠯᠡᠭᠡ ᠶᠢ ᠬᠠᠷᠭᠤᠭᠤᠯᠤᠨ ᠬᠠᠰᠤᠨ᠎ᠠ︔ ᠡᠯ᠎ᠡ ᠭᠠᠵᠠᠷ ᠤᠨ ᠳᠤᠮᠳᠠ ᠵᠢᠵᠢᠭ ᠠᠵᠤ ᠠᠬᠤᠶᠢᠯᠠᠯ ᠤᠨ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠳᠤ᠂ ᠲᠤᠰ ᠵᠢᠯ ᠳᠤ ᠪᠣᠳᠠᠲᠠᠶᠢᠵᠢᠭᠤᠯᠤᠨ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠵᠦ ᠳᠡᠶᠢᠯᠬᠦ ᠳᠤ ᠨᠢ ᠭᠠᠵᠠᠷ ᠬᠡᠷᠡᠭᠯᠡᠬᠦ ᠲᠦᠯᠦᠪᠯᠡᠭᠡ ᠶᠢ ᠨᠢ ᠪᠦᠬᠦᠨ ᠢ ᠪᠠᠳᠤᠯᠠᠨ᠎ᠠ      ᠲᠦᠷᠪᠡ᠂ ᠴᠢᠬᠤᠯᠠ ᠶᠡᠭᠡ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠦᠢᠯᠡᠴᠢᠯᠡᠭᠡ ᠪᠣᠯᠤᠨ ᠪᠠᠲᠤᠯᠠᠭ᠎ᠠ ᠶᠢᠨ ᠠᠵᠢᠯ ᠢ ᠬᠢᠨᠠᠮᠠᠭᠠᠶ ᠰᠠᠶᠢᠲᠤᠷ  ᠬᠢᠨ᠎ᠡ      1.ᠬᠤᠲᠠ ᠶᠢᠨ ᠲᠣᠪᠴᠢᠶ᠎ᠠ ᠬᠤᠯᠪᠤᠭᠳᠠᠯ ᠪᠦᠬᠦᠢ ᠠᠵᠢᠯᠲᠠᠨ ᠢ ᠲᠠᠲᠠᠵᠤ ᠰᠢᠯᠵᠢᠭᠦᠯᠦᠨ ᠴᠢᠬᠤᠯᠠ ᠶᠡᠭᠡ ᠲᠥᠷᠥᠯ ᠵᠦᠢᠯ ᠤᠨ ᠠᠯᠪᠠᠨ ᠭᠡᠷ ᠪᠠᠶᠢᠭᠤᠯᠵᠤ᠂ ᠠᠵᠢᠯ ᠤᠨ ᠪᠠᠶᠢᠷᠢ ᠠᠴᠠ ᠨᠢ ᠰᠠᠯᠭᠠᠨ  ᠲᠤᠰᠬᠠᠶ ᠲᠤᠰᠢᠶᠠᠯ ᠢ ᠲᠤᠰᠬᠠᠢ ᠬᠠᠷᠢᠭᠤᠴᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ 5000 ᠲᠦᠮᠡᠨ ᠲᠥᠭᠦᠷᠢᠭ ᠠᠴᠠ ᠳᠡᠭᠡᠭᠰᠢᠬᠢ ᠵᠠᠰᠠᠭ ᠤᠨ ᠣᠷᠳᠣᠨ ᠤ ᠪᠡᠯᠡ ᠤᠷᠤᠭᠤᠯᠤᠭᠰᠠᠨ ᠲᠥᠷᠥᠯ ᠵᠦᠢᠯ ᠪᠣᠯᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ  ᠤ ᠪᠡᠯᠡ ᠤᠷᠤᠭᠤᠯᠤᠭᠰᠠᠨ ᠲᠥᠷᠥᠯ  ᠵᠦᠢᠯ ᠵᠢᠴᠢ ᠮᠠᠨ ᠤ ᠬᠤᠲᠠ ᠶᠢᠨ ᠠᠵᠤ  ᠦᠢᠯᠡᠳᠪᠦᠷᠢ ᠶᠢᠨ ᠲᠦᠷᠦᠯ ᠵᠦᠢᠯ ᠳᠤ ᠨᠠᠷᠢᠨ  ᠬᠠᠭᠤᠳᠠᠰᠤ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠵᠣᠬᠢᠶᠠᠨ ᠪᠠᠶᠢᠭᠤᠯᠤᠨ ᠲᠤᠬᠢᠷᠠᠭᠤᠯᠬᠤ ᠪᠠᠨ ᠴᠢᠩᠭᠠᠳᠬᠠᠨ᠂ ᠲᠤᠰᠬᠠᠶ ᠬᠥᠮᠦᠨ ᠠᠩᠬᠠᠷᠴᠤ ᠭᠦᠢᠴᠡᠳᠬᠡᠨ᠂ ᠴᠢᠬᠤᠯᠠ ᠶᠡᠭᠡ ᠲᠥᠷᠥᠯ  ᠵᠦᠢᠯ ᠳᠤ ᠤᠷᠢᠳᠴᠢᠯᠠᠨ ᠣᠷᠣᠯᠴᠠᠵᠤ᠂ ᠬᠢᠨᠠᠨ ᠵᠦᠪᠰᠢᠶᠡᠷᠡᠭᠦᠯᠬᠦ ᠶᠢ ᠵᠢᠭᠠᠨ ᠵᠢᠯᠣᠭᠤᠳᠬᠤ ᠪᠠ ᠭᠤᠶᠤᠴᠢᠯᠠᠨ ᠮᠡᠳᠡᠭᠦᠯᠦᠭᠰᠡᠨ ᠢ  ᠬᠢᠨᠠᠨ ᠬᠠᠷᠭᠤᠭᠤᠯᠬᠤ ᠵᠡᠷᠭᠡ ᠦᠢᠯᠡᠴᠢᠯᠡᠭᠡᠨ ᠤ ᠠᠵᠢᠯ ᠢ ᠡᠮᠦᠨᠡᠬᠢ ᠬᠤᠭᠤᠴᠠᠭᠠᠨ ᠳᠤ ᠰᠠᠶᠢᠲᠤᠷ ᠬᠢᠨ᠎ᠡ᠃      2. ᠭᠠᠵᠠᠷ ᠬᠡᠷᠡᠭᠯᠡᠬᠦ ᠵᠢᠴᠢ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠳᠤ ᠬᠤᠯᠪᠣᠭᠳᠠᠬᠤ ᠬᠤᠯᠪᠤᠭᠳᠠᠯ ᠪᠦᠬᠦᠢ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠢᠨ ᠬᠢᠨᠠᠨ ᠵᠥᠪᠰᠢᠶᠡᠷᠡᠬᠦ ᠳᠡᠰ  ᠳᠠᠷᠠᠭᠠᠯᠠᠯ  ᠢ ᠳᠥᠭᠦᠮᠴᠢᠯᠡᠵᠦ᠂ ᠲᠣᠪᠴᠢᠶ᠎ᠠ ᠶᠢᠨ ᠳᠣᠲᠣᠭᠠᠳᠤ ᠳᠠᠬᠢ ᠬᠠᠷᠢᠯᠴᠠᠨ ᠤᠷᠢᠳᠠᠴᠢ ᠪᠣᠯᠭᠠᠭᠰᠠᠨ ᠬᠢᠨᠠᠨ ᠵᠥᠪᠰᠢᠶᠡᠷᠡᠬᠦ ᠨᠥᠬᠦᠴᠡᠯ ᠢ ᠬᠦᠴᠦᠨ ᠦᠭᠡᠢ ᠪᠣᠯᠭᠠᠵᠤ᠂ ᠨᠡᠶᠢᠯᠡᠭᠦᠯᠦᠨ ᠬᠤᠯᠪᠣᠭᠠᠯᠠᠨ ᠬᠢᠨᠠᠨ ᠵᠥᠪᠰᠢᠶᠡᠷᠡᠬᠦ ᠶᠢ ᠬᠡᠷᠡᠭᠵᠢᠭᠦᠯᠦᠨ᠎ᠡ᠃ ᠬᠢᠨᠠᠨ ᠵᠥᠪᠰᠢᠶᠡᠷᠡᠬᠦ ᠱᠠᠭᠠᠷᠳᠠᠯᠭ᠎ᠠ ᠳᠤ ᠨᠡᠶᠢᠴᠡᠭᠰᠡᠨ ᠲᠥᠷᠥᠯ ᠵᠦᠢᠯ ᠢ ᠳᠠᠭᠠᠭᠠᠨ ᠠᠪᠴᠤ ᠰᠢᠢᠳᠪᠦᠷᠢᠯᠡᠬᠦ ᠰᠠᠯᠠᠭ᠎ᠠ ᠲᠠᠰᠤᠭ ᠭᠥᠯᠢᠶᠡᠨ ᠠᠪᠤᠭᠰᠠᠨ ᠤ ᠳᠠᠷᠠᠭ᠎ᠠ ᠲᠣᠰ ᠡᠳᠦᠷ ᠲᠤ ᠨᠢ ᠬᠦᠢᠴᠡᠳᠭᠡᠵᠦ ᠳᠠᠭᠤᠰᠬᠠᠨ᠎ᠠ︔ ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠬᠢᠵᠠᠭᠠᠷᠯᠠᠯ ᠪᠤᠶᠤ ᠪᠤᠰᠤᠳ ᠰᠢᠯᠲᠠᠭᠠᠨ ᠠᠴᠠ ᠪᠣᠯᠵᠤ ᠬᠢᠨᠠᠨ ᠵᠥᠪᠰᠢᠶᠡᠷᠡᠬᠦ ᠶᠢ ᠲᠦᠷ ᠪᠡᠶᠡᠯᠡᠭᠦᠯᠵᠦ  ᠲᠡᠶᠢᠯᠬᠦ ᠦᠭᠡᠢ ᠲᠥᠷᠥᠯ ᠵᠦᠢᠯ  ᠢ ᠴᠢᠬᠤᠯᠠ ᠶᠡᠭᠡ ᠲᠦᠷᠦᠯ ᠵᠦᠢᠯ ᠤᠨ ᠤᠳᠤᠷᠢᠳᠬᠤ ᠳᠤᠭᠤᠶᠢᠯᠠᠩ ᠪᠤᠶᠤ ᠲᠣᠪᠴᠢᠶ᠎ᠠ ᠶᠢᠨ ᠠᠵᠢᠯ ᠤᠨ  ᠵᠣᠷᠰᠢᠯ ᠬᠤᠷᠠᠯ ᠳᠤ ᠴᠠᠭ ᠲᠤᠬᠠᠶ   ᠳᠤᠨᠢ  ᠮᠡᠳᠡᠭᠦᠯᠵᠦ  ᠰᠢᠢᠳᠪᠦᠷᠢᠳᠦ ᠪᠣᠳᠣᠯᠭ᠎ᠠ  ᠰᠤᠳᠤᠯᠬᠤ ᠬᠡᠷᠡᠭᠲᠡᠶ᠃      ᠲᠠᠪᠤ᠂ ᠳᠤᠲᠠᠭᠤ ᠶᠢ ᠪᠠᠭᠲᠠᠭᠠᠵᠤ ᠬᠦᠯᠢᠶᠡᠨ ᠠᠪᠴᠤ ᠰᠢᠢᠳᠪᠦᠷᠢᠯᠡᠬᠦ ᠶᠢ  ᠬᠡᠷᠡᠭᠵᠢᠬᠦᠯᠦᠨ᠂ ᠲᠦᠷᠭᠡᠨ ᠬᠢᠨᠠᠨ  ᠪᠠᠶᠢᠴᠠᠭᠠᠨ᠎ᠠ᠃      1. ᠲᠠᠷᠢᠶᠠᠯᠠᠩ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠡᠷᠡᠭᠯᠡᠬᠦ ᠪᠠ ᠭᠠᠵᠠᠷ ᠰᠢᠷᠣᠶ ᠲᠠᠲᠠᠪᠤᠷᠢᠯᠠᠬᠤ ᠪᠦᠷᠢᠯᠳᠦᠭᠦᠨ ᠢ  ᠬᠤᠲᠠ ᠶᠢᠨ ᠱᠠᠲᠤᠨ ᠳᠤ ᠮᠡᠳᠡᠭᠦᠯᠦᠨ ᠵᠥᠪᠰᠢᠶᠡᠷᠡᠭᠦᠯᠬᠦ ᠲᠠᠯ᠎ᠠ ᠪᠠᠷ᠂ ᠨᠡᠶᠢᠭᠡᠮ ᠤᠨ ᠳᠠᠭᠠᠳᠬᠠᠯ ᠢ ᠬᠢᠨᠠᠨ ᠬᠠᠷᠭᠤᠭᠤᠯᠬᠤ᠂ ᠣᠢ ᠰᠢᠭᠤᠶ ᠪᠡᠯᠴᠢᠭᠡᠷ ᠭᠠᠵᠠᠷ ᠬᠡᠷᠡᠭᠯᠡᠬᠦ ᠶᠢ ᠴᠣᠬᠤᠯᠠᠪᠤᠷᠢᠯᠠᠨ ᠬᠠᠷᠢᠭᠤᠯᠬᠤ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠶᠢ ᠪᠠᠶᠢᠴᠠᠭᠠᠨ ᠰᠢᠢᠳᠪᠦᠷᠢᠯᠡᠬᠦ ᠵᠦᠢᠯᠡᠰ ᠲᠤ ᠳᠤᠲᠠᠭᠤ ᠶᠢ ᠨᠢ  ᠪᠠᠭᠲᠠᠭᠠᠵᠤ ᠭᠥᠯᠢᠶᠡᠨ ᠠᠪᠴᠤ ᠰᠢᠢᠳᠪᠦᠷᠢᠯᠡᠬᠦ ᠶᠢ ᠬᠡᠷᠡᠭᠵᠢᠭᠦᠯᠦᠨ᠂ ᠤᠷᠢᠳᠠᠪᠠᠷ ᠬᠢᠨᠠᠨ ᠪᠠᠶᠢᠴᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠠᠴᠠ ᠡᠮᠦᠨ᠎ᠡ ᠨᠥᠬᠦᠵᠦ ᠭᠦᠢᠴᠡᠳᠭᠡᠨ᠎ᠡ᠃ ᠴᠠᠭᠠᠰᠤᠨ ᠮᠠᠲ᠋ᠧᠷᠢᠶᠠᠯ ᠤᠨ ᠤᠭ  ᠬᠡᠪ ᠢ ᠲᠤᠰᠢᠶᠠᠬᠤ  ᠴᠢᠬᠤᠯᠠ ᠲᠠᠢ ᠪᠣᠯ ᠤᠷᠢᠳᠠᠪᠠᠷ ᠡᠯᠧᠺᠲᠷᠣᠨ ᠮᠠᠲ᠋ᠧᠷᠢᠶᠠᠯ  ᠢ ᠬᠠᠩᠭᠠᠨ ᠬᠦᠢᠴᠡᠳᠭᠡᠵᠦ ᠪᠣᠯᠤᠨ᠎ᠠ᠂ ᠬᠢᠵᠢᠭ ᠤᠨ ᠪᠠᠶᠢᠳᠠᠯ ᠢ ᠲᠠᠶᠢᠯᠤᠭᠰᠠᠨ ᠤ ᠳᠠᠷᠠᠭ᠎ᠠ ᠳᠠᠬᠢᠨ  ᠴᠠᠭᠠᠰᠤᠨ ᠤ ᠤᠭ ᠮᠠᠲ᠋ᠧᠷᠢᠶᠠᠯ ᠢ ᠨᠥᠬᠦᠵᠦ ᠲᠤᠰᠢᠶᠠᠨ᠂ ᠬᠢᠨᠠᠨ ᠵᠥᠪᠰᠢᠶᠡᠷᠡᠭᠦᠯᠵᠦ ᠳᠠᠩᠰᠠ ᠡᠪᠬᠡᠮᠡᠯ  ᠳᠤ ᠣᠷᠤᠭᠤᠯᠬᠤ ᠮᠠᠲ᠋ᠧᠷᠢᠶᠠᠯ  ᠢ ᠲᠤᠰᠢᠶᠠᠬᠤ  ᠪᠠᠨ ᠲᠦᠷ ᠬᠤᠶᠢᠰᠢᠯᠠᠭᠤᠯᠤᠨ᠎ᠠ᠃      2. ᠲᠥᠯᠥᠪᠵᠢᠭᠦᠯᠭᠡ ᠳᠤ ᠨᠡᠶᠢᠴᠡᠬᠦ ᠦᠭᠡᠢ ᠪᠣᠯᠪᠠᠴᠤ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠨᠥᠬᠦᠴᠡᠯ ᠳᠤ ᠨᠡᠶᠢᠴᠡᠬᠦ ᠭᠠᠵᠠᠷ ᠬᠡᠷᠡᠭᠯᠡᠬᠦ ᠲᠥᠷᠥᠯ ᠵᠦᠢᠯ ᠢ  ᠂ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠲᠥᠰᠦᠯ  ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠮᠠᠲ᠋ᠧᠷᠢᠶᠠᠯ ᠯᠤᠭ᠎ᠠ ᠵᠡᠷᠭᠡ ᠳᠤᠨᠢ ᠬᠦᠯᠢᠶᠡᠨ ᠠᠪᠴᠤ ᠰᠢᠢᠳᠪᠦᠷᠢᠯᠡᠨ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠥᠪᠰᠢᠶᠡᠷᠡᠬᠦ ᠠᠴᠠ ᠡᠮᠦᠨ᠎ᠡ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠬᠤᠯᠪᠤᠭᠳᠠᠯ ᠪᠦᠬᠦᠢ ᠳᠡᠰ ᠳᠠᠷᠠᠭᠠᠯᠠᠯ ᠢ ᠪᠡᠶᠡᠯᠡᠭᠦᠯᠬᠦ ᠬᠡᠷᠡᠭᠲᠡᠶ᠃      3. ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠵᠦ ᠬᠡᠷᠡᠭᠯᠡᠬᠦ ᠪᠠ  ᠨᠦᠬᠦᠵᠦ  ᠬᠤᠪᠢᠶᠠᠷᠢᠯᠠᠬᠤ ᠶᠢ ᠬᠡᠭᠡᠷ᠎ᠡ ᠬᠦᠳᠡᠭᠡ ᠪᠣᠳᠠᠲᠠᠶ ᠭᠠᠵᠠᠷ ᠲᠤ ᠨᠢ ᠬᠠᠶᠢᠨ ᠰᠢᠨᠵᠢᠬᠦ ᠵᠡᠷᠭᠡ ᠱᠠᠭᠠᠷᠳᠠᠯᠭ᠎ᠠ ᠶᠢ ᠲᠦᠷ ᠬᠦᠴᠦᠨ ᠦᠭᠡᠢ ᠪᠣᠯᠭᠠᠵᠤ᠂  ᠵᠢᠷᠤᠭ ᠳᠦᠷᠰᠦ ᠪᠠᠷ ᠬᠠᠷᠢᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠨᠤᠲᠠᠯᠠᠯᠲᠠ ᠬᠢᠵᠦ ᠪᠣᠯᠤᠨ᠎ᠠ᠃      ᠵᠢᠷᠭᠤᠭ᠎ᠠ᠂  ᠪᠡᠯᠡᠳᠭᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠳᠠᠩᠰᠠᠯᠠᠭᠤᠯᠬᠤ ᠭᠠᠷᠳᠠᠮ ᠢ ᠳᠥᠭᠦᠮᠴᠢᠯᠡᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠰᠢᠯᠢᠳᠡᠭᠵᠢᠭᠦᠯᠦᠨ ᠪᠠᠲᠤᠯᠠᠨ᠎ᠠ      1. ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠬᠡᠷᠡᠭᠴᠡᠭᠡ ᠱᠠᠭᠠᠷᠳᠠᠯᠭ᠎ᠠ ᠳᠤ ᠬᠤᠯᠪᠣᠭᠳᠠᠪᠠᠯ᠂ ᠪᠡᠯᠡᠳᠬᠡᠮᠵᠢᠲᠦ ᠲᠠᠷᠢᠶᠠᠯᠠᠩ ᠤᠨ ᠡᠵᠡᠩᠨᠡᠭᠴᠢ ᠬᠢᠭᠡᠳ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠭᠠᠵᠠᠷ ᠬᠡᠷᠡᠭᠯᠡᠬᠦ ᠶᠠᠪᠤᠳᠠᠯ ᠤᠨ ᠲᠤᠬᠠᠶ ᠵᠥᠪᠳᠡᠯᠴᠡᠭᠡᠳ ᠰᠠᠨᠠᠯ ᠨᠢᠭᠡᠳᠦᠭᠰᠡᠨ ᠤ ᠳᠠᠷᠠᠭ᠎ᠠ ᠳᠠᠷᠤᠶ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠪᠣᠯᠤᠨ᠎ᠠ᠂ ᠰᠢᠶᠠᠩ ︵ᠪᠠᠯᠭᠠᠰᠤ᠂ ᠵᠡᠭᠡᠯᠢ ᠭᠤᠳᠤᠮᠵᠢ︶ ᠳᠤ ᠮᠡᠳᠡᠭᠦᠯᠦᠨ ᠳᠠᠩᠰᠠᠯᠠᠭᠤᠯᠬᠤ ᠵᠢᠴᠢ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠤᠷᠢᠶᠠᠩᠭᠤᠶᠢᠯᠠᠬᠤ ᠵᠡᠷᠭᠡ ᠭᠠᠷᠳᠠᠮ ᠢ ᠬᠤᠶᠢᠰᠢᠯᠠᠭᠤᠯᠤᠨ ᠨᠥᠬᠦᠵᠦ  ᠬᠦᠢᠴᠡᠳᠭᠡᠵᠦ ᠪᠣᠯᠤᠨ᠎ᠠ᠃      2. ᠲᠡᠵᠢᠭᠡᠨ ᠦᠷᠡᠵᠢᠭᠦᠯᠬᠦ ᠪᠡᠯᠡᠳᠬᠡᠮᠵᠢ ᠳᠤ ᠬᠡᠷᠡᠭᠯᠡᠬᠦ ᠭᠠᠵᠠᠷ ᠨᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠠᠴᠠ ᠦᠨᠡᠨᠬᠦ ᠵᠠᠶᠢᠯᠠᠵᠤ ᠲᠡᠶᠢᠯᠬᠦ ᠦᠭᠡᠢ ᠪᠣᠯ᠂ ᠪᠠᠭ᠎ᠠ ᠬᠡᠮᠵᠢᠶᠡᠨ ᠤ᠂ ᠬᠡᠰᠡᠭ ᠪᠤᠰᠠᠭ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠡᠷᠡᠭᠯᠡᠬᠦ ᠶᠢ ᠨᠢ ᠵᠥᠪᠰᠢᠶᠡᠷᠡᠵᠦ᠂ ᠤᠷᠢᠳᠠᠪᠠᠷ ᠬᠡᠷᠡᠭᠯᠡᠵᠦ ᠪᠣᠯᠤᠨ᠎ᠠ᠂ ᠬᠢᠵᠢᠭ ᠤᠨ ᠪᠠᠶᠢᠳᠠᠯ ᠢ ᠲᠠᠶᠢᠯᠤᠭᠰᠠᠨ ᠤ ᠳᠠᠷᠠᠭ᠎ᠠ ᠡᠭᠦᠷᠢᠳᠡ ᠶᠢᠨ ᠦᠨᠳᠦᠰᠦᠨ ᠲᠠᠷᠢᠶᠠᠨ  ᠭᠠᠵᠠᠷ ᠢ ᠨᠥᠬᠦᠵᠦ ᠬᠤᠪᠢᠶᠠᠷᠢᠯᠠᠬᠤ ᠭᠠᠷᠳᠠᠮ ᠢ ᠨᠥᠬᠦᠵᠦ  ᠬᠦᠢᠴᠡᠳᠭᠡᠬᠦ ᠬᠡᠷᠡᠭᠲᠡᠶ᠃      ᠳᠣᠯᠤᠭ᠎ᠠ᠂ ᠰᠢᠰᠲ᠋ᠧᠮ ᠤᠨ ᠳᠣᠲᠣᠭᠠᠳᠤ ᠶᠢᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠬᠤᠰᠢᠭᠤ ᠰᠢᠶᠠᠨ ᠲᠣᠭᠤᠷᠢᠭ ᠪᠠ ᠬᠤᠲᠠ ᠶᠢᠨ ᠲᠣᠪᠴᠢᠶ᠎ᠠ ᠶᠢᠨ ᠬᠢᠨᠠᠨ ᠵᠥᠪᠰᠢᠶᠡᠷᠡᠬᠦ ᠰᠢᠰᠲ᠋ᠧᠮ ᠤᠨ ᠲᠠᠪᠴᠠᠩ  ᠢ ᠨᠡᠪᠲᠡᠷᠡᠭᠦᠯᠦᠨ᠎ᠡ      ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ  ᠬᠤᠶᠠᠷ ᠱᠠᠲᠤᠨ ᠤ ᠳᠠᠪᠬᠤᠷᠭ᠎ᠠ ᠳᠤ ᠣᠳᠣᠬᠠᠨ ᠳᠤ  ᠠᠵᠢᠯᠯᠠᠭᠤᠯᠵᠤ ᠬᠡᠷᠡᠭᠯᠡᠵᠦ  ᠪᠠᠶᠢᠭ᠎ᠠ ᠪᠠᠶᠢᠭᠠᠯᠢ ᠶᠢᠨ ᠡᠬᠢ ᠪᠠᠶᠠᠯᠢᠭ ᠤᠨ ᠡᠯᠧᠺᠲᠷᠣᠨ ᠵᠠᠰᠠᠭ ᠤᠨ ᠶᠠᠪᠤᠳᠠᠯ ᠤᠨ ᠰᠢᠰᠲ᠋ᠧᠮ ᠢ ᠬᠤᠰᠢᠭᠤ ᠰᠢᠶᠠᠨ ᠲᠣᠭᠤᠷᠢᠭ ᠤᠨ ᠱᠠᠲᠤᠨ ᠳᠤ ᠬᠦᠷᠲᠡᠯ᠎ᠡ ᠥᠷᠭᠡᠳᠬᠡᠵᠦ᠂ ᠬᠤᠰᠢᠭᠤ ᠰᠢᠶᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠰᠢᠰᠲ᠋ᠧᠮ ᠤᠨ ᠳᠣᠲᠣᠷ᠎ᠠ ᠮᠡᠳᠡᠭᠦᠯᠬᠦ ᠮᠠᠲ᠋ᠧᠷᠢᠶᠠᠯ ᠢ ᠰᠢᠭᠤᠳ ᠳᠠᠮᠵᠢᠭᠤᠯᠬᠤ ᠪᠠ ᠨᠥᠬᠦᠵᠦ ᠵᠠᠯᠠᠷᠠᠭᠤᠯᠬᠤ ᠶᠢ ᠪᠡᠶᠡᠯᠡᠭᠦᠯᠵᠦ᠂ ᠴᠠᠭᠠᠰᠤᠨ ᠮᠠᠲ᠋ᠧᠷᠢᠶᠠᠯ  ᠢᠶᠠᠷ ᠮᠡᠳᠡᠭᠦᠯᠦᠨ ᠬᠦᠷᠭᠡᠬᠦ ᠳᠡᠰ ᠳᠠᠷᠠᠭᠠᠯᠠᠯ ᠢ ᠳᠥᠭᠦᠮᠴᠢᠯᠡᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠨᠠᠢᠮᠠ᠂ ᠳᠡᠭᠡᠳᠦ ᠳᠣᠣᠷᠠᠳᠤ ᠱᠠᠳᠤ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠢ ᠨᠡᠪᠲᠡᠷᠡᠯᠴᠡᠭᠦᠯᠦᠨ  ᠨᠠᠶᠢᠳᠠᠪᠤᠷᠢᠵᠢᠭᠤᠯᠬᠤ ᠶᠢ ᠦᠨᠡᠨᠬᠦ  ᠪᠠᠳᠤᠯᠠᠨ᠎ᠠ   ᠡᠯ᠎ᠡ ᠬᠤᠰᠢᠭᠤ ᠰᠢᠶᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠪᠣᠯᠤᠨ ᠡᠯ᠎ᠡ ᠬᠤᠯᠪᠤᠭᠳᠠᠯ ᠪᠦᠬᠦᠢ ᠬᠢᠨᠠᠨ ᠵᠥᠪᠰᠢᠶᠡᠷᠡᠬᠦ ᠰᠠᠯᠠᠭ᠎ᠠ ᠲᠠᠰᠤᠭ ᠨᠢ ᠲᠣᠰ ᠲᠣᠰ ᠤᠨ ᠡᠭᠦᠷᠭᠡ ᠴᠢᠳᠠᠪᠤᠷᠢ ᠡᠭᠦᠷᠭᠡ  ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠳᠣᠲᠣᠭᠠᠳᠤ ᠶᠢᠨ ᠠᠵᠢᠯ ᠤᠨ  ᠲᠠᠷᠠᠭᠠᠯᠠᠯ ᠢᠶᠠᠨ ᠤᠯᠠᠮ ᠨᠢᠭᠡ ᠠᠯᠬᠤᠮ ᠰᠢᠯᠢᠳᠡᠭᠵᠢᠬᠦᠯᠵᠦ᠂ ᠴᠠᠭ ᠤᠨ ᠬᠢᠵᠠᠭᠠᠷ ᠢ  ᠪᠠᠭᠠᠰᠬᠠᠨ᠂ ᠬᠠᠷᠢᠭᠤᠴᠠᠯᠭ᠎ᠠ  ᠪᠠᠨ ᠲᠣᠳᠣᠷᠬᠠᠶᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶᠢᠯᠠᠯ ᠤᠨ ᠠᠵᠢᠯ  ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠬᠦ ᠳᠤ ᠬᠡᠷᠡᠭᠯᠡᠬᠦ ᠭᠠᠵᠠᠷ  ᠤᠨ  ᠱᠠᠭᠠᠷᠳᠠᠯᠭ᠎ᠠ ᠶᠢ ᠪᠠᠳᠤᠯᠠᠨ ᠲᠡᠮᠵᠢᠵᠦ᠂ ᠲᠥᠷᠥ ᠶᠢᠨ ᠪᠣᠳᠣᠯᠭ᠎ᠠ ᠶᠢ ᠲᠡᠭᠡᠳᠦ ᠳᠣᠣᠷᠠᠳᠤ ᠱᠠᠲᠤ ᠪᠠᠷ ᠢᠶᠠᠨ ᠨᠡᠪᠳᠡᠷᠡᠯᠴᠡᠭᠦᠯᠦᠨ᠂ ᠡᠯ᠎ᠡ ᠭᠤᠭᠴᠤᠭ᠎ᠠ ᠶᠢ ᠪᠦᠲᠦᠮᠵᠢᠲᠡᠶ ᠵᠣᠯᠭᠠᠭᠤᠯᠵᠤ᠂ ᠲᠦᠯᠬᠢᠬᠦ᠂  ᠰᠢᠯᠲᠠᠭᠯᠠᠬᠤ ᠵᠡᠷᠭᠡ ᠠᠯᠢ ᠣᠯᠠᠨ ᠬᠠᠷᠢᠭᠤᠴᠠᠵᠤ ᠬᠢᠬᠦ ᠦᠭᠡᠢ᠂ ᠤᠳᠠᠭᠠᠨ ᠬᠢᠬᠦ ᠦᠵᠡᠭᠳᠡᠯ ᠭᠠᠷᠬᠤ ᠶᠢ ᠬᠤᠷᠢᠭᠯᠠᠵᠤ᠂ ᠪᠠᠶᠢᠴᠠᠭᠠᠨ ᠲᠣᠳᠣᠯᠠᠪᠠᠯ ᠬᠤᠯᠪᠤᠭᠳᠠᠯ ᠪᠦᠬᠦᠢ ᠬᠥᠮᠦᠰ ᠠᠴᠠ ᠬᠠᠷᠢᠭᠤᠴᠠᠯᠭ᠎ᠠ ᠶᠢ ᠡᠷᠡᠰ ᠨᠡᠬᠡᠮᠵᠢᠯᠡᠨ᠎ᠡ᠃      ᠲᠤᠰ ᠮᠡᠳᠡᠭᠳᠡᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ  ᠬᠤᠭᠤᠴᠠᠭ᠎ᠠ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠲᠠᠶᠢᠯᠬᠤ ᠪᠤᠯᠲᠠᠯ᠎ᠠ᠂ ᠳᠡᠭᠡᠳᠦ ᠱᠠᠲᠤᠨ ᠠᠴᠠ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢᠶᠠᠷ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号