ᠪᠣᠬᠢᠷᠲᠤᠯ ᠶᠡᠬᠡᠲᠡᠶ ᠲᠦᠯᠡᠰᠢ ᠰᠢᠲᠠᠬᠤ ᠶᠢ ᠴᠠᠭᠠᠵᠠᠯᠠᠬᠤ ᠣᠷᠣᠨ ᠤ ᠬᠡᠪᠴᠢᠶᠡᠨ ᠳᠣᠲᠣᠷ᠎ᠠ ᠫᠤᠤᠵᠢᠩ ᠲᠠᠯᠪᠢᠬᠤ ᠺᠦᠩ ᠮᠢᠩ ᠳ᠋ᠧᠩ ᠳᠡᠭᠳᠡᠭᠡᠬᠦ ᠲᠦᠳᠡᠭ ᠨᠣᠴᠣᠭᠠᠬᠤ ᠶᠢ ᠴᠠᠭᠠᠵᠠᠯᠠᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2020-06-01
          ᠬᠥᠬᠡᠬᠤᠲᠠ ᠵᠠᠰᠠᠭ ᠲᠠᠷᠬᠠᠭᠠᠭᠰᠠᠨ [2020]  5  ᠳ᠋ᠤᠭᠠᠷ ᠲᠣᠭᠠᠲᠤ      ᠠᠭᠠᠷ ᠮᠠᠨᠳᠠᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠭᠠᠯ ᠲᠦᠢᠮᠡᠷ ᠤᠨ ᠠᠳᠡᠯ ᠭᠠᠷᠬᠤ ᠶᠢ ᠰᠡᠷᠭᠡᠶᠢᠯᠡᠨ ᠪᠠᠭᠠᠰᠬᠠᠵᠤ᠂ ᠠᠮᠤᠷ ᠲᠦᠪᠰᠢᠨ᠂ ᠪᠣᠯᠪᠠᠰᠤᠨ᠂ ᠡᠶ᠎ᠡ ᠨᠠᠶᠢᠷᠠᠮᠳᠠᠭᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠪᠣᠯᠤᠨ ᠬᠥᠮᠦᠨ ᠤ ᠪᠡᠶ᠎ᠡ ᠮᠠᠬᠠᠪᠤᠳ᠂ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠫᠤᠤᠵᠢᠩ ᠤᠨ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ︾᠂ ︽ᠬᠥᠬᠡᠬᠤᠲᠠ ᠶᠢᠨ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠳᠦᠷᠢᠮ︾ ᠪᠣᠯᠤᠨ ︽ᠬᠥᠬᠡᠬᠤᠲᠠ ᠶᠢᠨ ᠬᠤᠲᠠ ᠶᠢᠨ ᠳᠦᠷᠢ ᠲᠥᠷᠬᠦ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠪᠣᠬᠢᠷᠲᠤᠯ ᠶᠡᠬᠡᠲᠡᠶ ᠲᠦᠯᠡᠰᠢ ᠰᠢᠲᠠᠬᠤ ᠶᠢ ᠴᠠᠭᠠᠵᠠᠯᠠᠬᠤ ᠣᠷᠣᠨ ᠤ ᠬᠡᠪᠴᠢᠶᠡᠨ ᠳᠣᠲᠣᠷ᠎ᠠ ᠫᠤᠤᠵᠢᠩ ᠲᠠᠯᠪᠢᠬᠤ᠂  ᠺᠦᠩ ᠮᠢᠩ ᠳ᠋ᠧᠩ ᠳᠡᠭᠳᠡᠭᠡᠬᠦ᠂ ᠲᠦᠳᠡᠭ ᠨᠣᠴᠣᠭᠠᠬᠤ ᠶᠢ ᠴᠠᠭᠠᠵᠠᠯᠠᠬᠤ ᠵᠡᠷᠭᠡ ᠬᠤᠯᠪᠣᠭᠳᠠᠯ ᠪᠦᠬᠦᠢ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠪᠣᠬᠢᠷᠲᠤᠯ ᠶᠡᠬᠡᠲᠡᠶ ᠲᠦᠯᠡᠰᠢ ᠰᠢᠲᠠᠬᠤ ᠶᠢ ᠴᠠᠭᠠᠵᠠᠯᠠᠬᠤ ᠣᠷᠣᠨ ︵ᠵᠡᠭᠦᠨᠰᠢ ᠪᠠᠨ ᠬᠤᠲᠠ ᠶᠢ ᠲᠣᠭᠤᠷᠢᠭᠰᠠᠨ ᠲᠦᠷᠭᠡᠨ ᠤ ᠵᠠᠮ᠂ ᠪᠠᠷᠠᠭᠤᠨᠰᠢ ᠪᠠᠨ ᠬᠤᠲᠠ ᠶᠢ ᠲᠣᠭᠤᠷᠢᠭᠰᠠᠨ ᠲᠦᠷᠭᠡᠨ ᠤ ᠵᠠᠮ᠂ ᠡᠮᠦᠨᠡᠰᠢ ᠪᠠᠨ ᠬᠤᠲᠠ ᠶᠢ ᠲᠦᠷᠭᠡᠨ ᠤ ᠵᠠᠮ᠂  ᠬᠤᠶᠢᠰᠢ ᠳᠠᠯᠠᠨ ᠬᠠᠷ᠎ᠠ ᠠᠭᠤᠯᠠ︶  ᠤ ᠬᠡᠪᠴᠢᠶᠡᠨ ᠳᠣᠲᠣᠷ᠎ᠠ ᠫᠤᠤᠵᠢᠩ ᠲᠠᠯᠪᠢᠬᠤ ᠂ ᠺᠦᠩ ᠮᠢᠩ ᠳ᠋ᠧᠩ ᠳᠡᠭᠳᠡᠭᠡᠬᠦ ᠪᠠ ᠲᠦᠳᠡᠭ ᠨᠣᠴᠣᠭᠠᠬᠤ ᠶᠢ ᠴᠠᠭᠠᠵᠠᠯᠠᠨ᠎ᠠ︔ ᠬᠤᠲᠠ ᠶᠢᠨ ᠲᠣᠭᠤᠷᠢᠭ ᠤᠨ ᠡᠯ᠎ᠡ ᠵᠡᠭᠡᠯᠢ ᠭᠤᠳᠤᠮᠵᠢ᠂ ᠴᠡᠴᠡᠷᠯᠢᠭ᠂ ᠲᠠᠯᠠᠪᠠᠢ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠴᠠᠭᠠᠰᠤᠨ ᠵᠣᠭᠤᠰ ᠰᠠᠴᠤᠬᠤ ᠂ ᠢᠯᠡ ᠭᠠᠯ ᠢᠶᠠᠷ ᠬᠡᠩᠰᠢᠭᠦᠦ ᠲᠦᠯᠡᠬᠦ ᠶᠢ ᠴᠠᠭᠠᠵᠠᠯᠠᠨ᠎ᠠ᠃      ᠬᠤᠶᠠᠷ᠂ ᠴᠢᠬᠤᠯᠠ ᠶᠡᠭᠡ ᠪᠠᠶᠠᠷ ᠳᠤᠷᠠᠰᠬᠠᠯ ᠤᠨ ᠶᠣᠰᠣᠯᠠᠯ ᠪᠠ ᠪᠠᠶᠠᠷ ᠤᠨ ᠡᠳᠦᠷ ᠤᠨ ᠠᠵᠢᠯᠯᠠᠭ᠎ᠠ  ᠲᠣᠬᠢᠶᠠᠯᠳᠤᠵᠤ᠂ ᠬᠤᠸᠠᠷ ᠫᠤᠤᠵᠢᠩ ᠤᠨ ᠦᠳᠡᠰᠢᠯᠡᠭᠡ ᠪᠤᠶᠤ ᠪᠤᠰᠤᠳ ᠲᠣᠮᠣ ᠬᠡᠯᠪᠡᠷᠢ ᠶᠢᠨ ᠬᠤᠸᠠᠷ ᠫᠤᠤᠵᠢᠩ ᠲᠠᠯᠪᠢᠬᠤ ᠠᠵᠢᠯᠯᠠᠭ᠎ᠠ ᠶᠢ ᠡᠷᠭᠢᠯᠡᠬᠦ ᠴᠢᠬᠤᠯᠠᠲᠠᠶ ᠪᠣᠯ᠂ ᠭᠤᠤᠯᠯᠠᠨ ᠡᠷᠭᠢᠯᠡᠭᠰᠡᠨ ᠨᠢᠭᠡᠴᠡ ᠠᠴᠠ ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠭᠤᠶᠤᠴᠢᠯᠠᠯ ᠭᠠᠷᠭᠠᠵᠤ᠂ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠬᠤᠸᠠᠷ ᠫᠤᠤᠵᠢᠩ ᠲᠠᠯᠪᠢᠵᠤ ᠪᠣᠯᠤᠨ᠎ᠠ᠃      ᠵᠥᠪᠰᠢᠶᠡᠷᠡᠯ ᠣᠯᠭᠤᠭᠰᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠫᠤᠤᠵᠢᠩ ᠲᠠᠯᠪᠢᠬᠤ ᠶᠢ ᠵᠥᠪᠰᠢᠶᠡᠷᠡᠬᠦ ᠴᠠᠭ᠂ ᠭᠠᠵᠠᠷ᠂ ᠲᠦᠷᠦᠯ ᠵᠦᠢᠯ᠂ ᠬᠡᠪ ᠪᠠᠷᠢᠮᠵᠢᠶ᠎ᠠ᠂ ᠲᠤᠭ᠎ᠠ ᠬᠡᠮᠵᠢᠶ᠎ᠡ ᠶᠢ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠬᠦ ᠬᠡᠷᠡᠭᠲᠡᠶ᠃      ᠭᠤᠷᠪᠠ᠂ ᠬᠤᠷᠢᠮ ᠤᠨ ᠶᠣᠰᠣᠯᠠᠯ᠂ ᠳᠠᠶᠢᠯᠠᠯᠭ᠎ᠠ᠂ ᠣᠷᠣᠰᠢᠭᠤᠯᠭ᠎ᠠ ᠶᠢᠨ ᠶᠣᠰᠣᠯᠠᠯ ᠤᠨ ᠦᠢᠯᠡᠴᠢᠯᠡᠭᠡ ᠬᠠᠩᠭᠠᠬᠤ  ᠡᠵᠡᠩᠨᠡᠭᠴᠢ ᠮᠡᠳᠡᠭᠳᠡᠬᠦ ᠬᠠᠷᠢᠭᠤᠴᠠᠯᠭ᠎ᠠ ᠪᠠᠨ ᠭᠦᠢᠴᠡᠳᠬᠡᠵᠦ᠂ ᠫᠤᠤᠵᠢᠩ ᠲᠠᠯᠪᠢᠬᠤ ᠶᠢ ᠴᠠᠭᠠᠵᠠᠯᠠᠬᠤ ᠬᠡᠷᠡᠭ ᠶᠠᠪᠤᠳᠠᠯ ᠢ ᠡᠷᠬᠢᠯᠡᠨ ᠬᠢᠬᠦ ᠲᠠᠯ᠎ᠠ ᠳᠤ ᠤᠷᠢᠳᠴᠢᠯᠠᠨ ᠪᠢᠴᠢᠭ ᠢᠶᠠᠷ ᠮᠡᠳᠡᠭᠳᠡᠬᠦ ᠬᠡᠷᠡᠭᠲᠡᠶ᠂ ᠬᠠᠤᠯᠢ ᠶᠢ ᠵᠥᠷᠢᠴᠡᠵᠦ ᠫᠤᠤᠵᠢᠩ ᠲᠠᠯᠪᠢᠬᠤ ᠦᠢᠯᠡᠴᠢᠯᠡᠭᠡ ᠬᠠᠩᠭᠠᠵᠤ ᠪᠣᠯᠬᠤ ᠦᠭᠡᠢ ᠪᠥᠭᠡᠳ ᠬᠠᠤᠯᠢ ᠶᠢ ᠵᠥᠷᠢᠴᠡᠵᠦ ᠫᠤᠤᠵᠢᠩ ᠲᠠᠯᠪᠢᠭᠰᠠᠨ ᠦᠢᠯᠡ ᠠᠵᠢᠯᠯᠠᠭ᠎ᠠ ᠶᠢ ᠢᠳᠬᠠᠨ ᠬᠤᠷᠢᠭᠯᠠᠬᠤ ᠬᠡᠷᠡᠭᠲᠡᠶ᠂ ᠢᠳᠬᠠᠨ ᠬᠤᠷᠢᠭᠯᠠᠭᠠᠳ ᠲᠤᠰᠠ ᠭᠠᠷᠬᠤ ᠦᠭᠡᠢ ᠪᠣᠯ ᠴᠠᠭ ᠲᠤᠬᠠᠶ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠶ᠃      ᠲᠦᠷᠪᠡ᠂ ᠲᠤᠰ ᠵᠠᠷᠯᠠᠯ ᠤᠨ ᠲᠣᠭᠲᠠᠭᠠᠯ ᠢ ᠵᠥᠷᠢᠴᠡᠭᠰᠡᠨ ᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠬᠡᠨ᠎ᠡ ︔ ᠲᠣᠰ ᠵᠠᠷᠯᠠᠯ ᠠᠴᠠ ᠵᠥᠷᠢᠴᠡᠨ ᠭᠠᠯ ᠤᠨ ᠠᠶᠤᠯ ᠤᠨ ᠠᠳᠡᠯ ᠭᠠᠷᠭᠠᠭᠰᠠᠨ ᠨᠢᠭᠡᠴᠡ ᠪᠣᠯᠤᠨ ᠬᠤᠪᠢ ᠬᠥᠮᠦᠨ ᠢ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ᠶᠢ ᠦᠨᠳᠦᠰᠦᠯᠡᠨ ᠰᠢᠢᠳᠬᠡᠨ ᠲᠣᠷᠭᠠᠨ᠎ᠠ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠥᠭᠴᠦ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠲᠠᠪᠤ᠂ ᠲᠤᠰ ︽ᠵᠠᠷᠯᠠᠯ︾ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠠᠳᠡ ᠣᠨᠴᠠᠭᠠᠶᠢᠯᠠᠨ ᠵᠠᠷᠯᠠᠪᠠ                        ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ                        2020 ᠣᠨ ᠤ 1 ᠰᠠᠷ᠎ᠠ ᠶᠢᠨ 21 ᠤ ᠡᠳᠦᠷ
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号