ᠬᠢᠵᠢᠭ ᠤᠨ ᠪᠠᠶᠢᠳᠠᠯ ᠢ ᠠᠷᠭᠠᠴᠠᠭᠠᠵᠤ ᠳᠤᠮᠳᠠ ᠵᠢᠵᠢᠭ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠬᠦ ᠠᠷᠪᠠᠨ ᠲᠠᠪᠤᠨ ᠵᠤᠶᠢᠯ ᠤᠨ ᠠᠷᠭ᠎ᠠ ᠬᠡᠮᠵᠢᠶ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020-06-01
ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠄      ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠲᠠᠪᠤᠷᠢᠵᠢᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠡᠷᠡᠰ ᠨᠠᠶᠢᠲᠠᠪᠤᠷᠢᠵᠢᠭᠤᠯᠤᠨ᠂ ᠪᠥᠬᠦ ᠬᠤᠲᠠ ᠶᠢᠨ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠪᠠᠲᠤᠯᠠᠵᠤ᠂ ᠬᠢᠵᠢᠭ ᠤᠨ ᠪᠠᠶᠢᠳᠠᠯ ᠳᠤ ᠨᠡᠯᠢᠶᠡᠳ ᠶᠡᠭᠡ ᠨᠥᠯᠥᠭᠡᠯᠡᠭᠳᠡᠭᠰᠡᠨ ᠳᠤᠮᠳᠠ ᠵᠢᠵᠢᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠢ ᠰᠢᠢᠳᠪᠦᠷᠢᠯᠡᠬᠦ ᠶᠢᠨ ᠲᠥᠯᠥᠭᠡ᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠪᠠᠲᠤᠯᠠᠭᠠᠨ ᠤ ᠠᠵᠤ ᠠᠬᠤᠶᠢᠯᠠᠯ ᠪᠤᠯᠤᠨ ᠬᠢᠵᠢᠭ ᠤᠨ ᠪᠠᠶᠢᠳᠠᠯ ᠳᠤ ᠨᠦᠯᠦᠭᠡᠯᠡᠭᠳᠡᠭᠰᠡᠨ ᠦᠢᠯᠡᠳᠪᠦᠷᠢᠯᠡᠯ ᠡᠵᠡᠩᠨᠡᠯᠲᠡ ᠨᠢ ᠬᠦᠴᠢᠷᠳᠡᠯᠲᠡᠢ ᠳᠤᠮᠳᠠ ᠵᠢᠵᠢᠭ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠪᠠ ᠮᠠᠨ ᠤ ᠬᠤᠲᠠ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠠᠷᠭᠠᠴᠠᠭᠠᠵᠤ ᠳᠤᠮᠳᠠ ᠵᠢᠵᠢᠭ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠬᠦ ᠲᠤᠬᠠᠶ ᠠᠷᠪᠠᠨ ᠲᠠᠪᠤᠨ ᠵᠤᠶᠢᠯ ᠤᠨ ᠠᠷᠭ᠎ᠠ ᠬᠡᠮᠵᠢᠶ᠎ᠡ ᠶᠢ ᠲᠤᠭᠲᠠᠭᠠᠪᠠ᠃                            ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ                            2020 ᠣᠨ ᠤ 2 ᠳ᠋ᠤᠭᠠᠷ ᠰᠠᠷ᠎ᠠ ᠶᠢᠨ 8 ᠤ ᠡᠳᠦᠷ              ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠠᠷᠭᠠᠴᠠᠭᠠᠵᠤ              ᠳᠤᠮᠳᠠ ᠵᠢᠵᠢᠭ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠬᠦ ᠠᠷᠪᠠᠨ ᠲᠠᠪᠤᠨ ᠵᠤᠶᠢᠯ ᠤᠨ ᠠᠷᠭ᠎ᠠ ᠬᠡᠮᠵᠢᠶ᠎ᠡ      ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠤ᠂ ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠦ᠂ ᠳᠤᠮᠳᠠ ᠵᠢᠵᠢᠭ ᠠᠵᠤ ᠠᠬᠤᠶᠢᠯᠠᠯ ᠤᠨ ᠲᠤᠬᠳᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠳᠡᠮᠵᠢᠬᠦ ᠶᠢᠨ ᠲᠤᠰᠠᠳᠠ᠂ ᠳᠣᠤᠷᠠᠬᠢ ᠮᠡᠲᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃ ᠨᠢᠭᠡ᠂ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠨ᠎ᠠ        1᠂ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠦᠨ᠎ᠡ᠃ ᠬᠥᠬᠡᠬᠤᠲᠠ ᠳᠤ ᠰᠠᠭᠤᠭ᠎ᠠ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠢᠲᠡᠭᠡᠮᠵᠢᠲᠦ ᠵᠢᠭᠡᠯᠡᠯᠭᠡ ᠶᠢᠨ ᠡᠬᠢ ᠪᠠᠶᠠᠯᠢᠭ ᠢ ᠢᠳᠡᠪᠬᠢᠲᠡᠶ ᠴᠢᠷᠮᠠᠶᠢᠨ ᠣᠯᠵᠤ᠂ ᠳᠤᠮᠳᠠ ᠵᠢᠵᠢᠭ ᠠᠵᠤ ᠠᠬᠤᠶᠢᠯᠠᠯ  ᠳᠠᠬᠢ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠵᠦ᠂ 2020 ᠤᠨ ᠤ  ᠨᠡᠶᠢᠳᠡᠮ ᠬᠠᠷᠠᠭᠠᠯᠵᠠᠯ ᠤᠨ ᠳᠤᠮᠳᠠ ᠪᠠᠭ᠎ᠠ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠦᠯᠡᠳᠡᠪᠦᠷᠢ ᠲᠤᠭ᠎ᠠ ᠠᠴᠠ ᠳᠣᠤᠷ᠎ᠠ ᠪᠠᠶᠢᠯᠭᠠᠬᠤ ᠦᠭᠡᠢ ᠶᠢ ᠪᠠᠲᠤᠯᠠᠬᠤ ᠬᠡᠷᠡᠭᠲᠡᠶ᠃ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠭ᠎ᠠ ᠪᠦᠬᠦᠨ ᠢ ᠰᠦᠪᠡᠭᠴᠢᠯᠡᠵᠦ ᠳᠤᠮᠳᠠ ᠵᠢᠵᠢᠭ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠵᠣᠷᠢᠭᠵᠢᠭᠤᠯᠵᠤ᠂ 2020 ᠣᠨ ᠤ ᠳᠤᠮᠳᠠ ᠵᠢᠵᠢᠭ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ 2019 ᠣᠨ ᠤ ᠠᠳᠠᠯᠢ ᠬᠤᠭᠤᠴᠠᠭᠠᠨ ᠤ ᠬᠢᠷᠢ ᠬᠡᠮᠵᠢᠶ᠎ᠡ ᠠᠴᠠ ᠥᠨᠳᠥᠷ  ᠪᠠᠶᠢᠯᠭᠠᠬᠤ ᠥᠬᠡᠶ ᠪᠠᠶᠢᠬᠤ ᠶᠢ ᠪᠠᠲᠤᠯᠠᠨ᠎ᠠ᠃ ᠮᠠᠨ ᠤ ᠬᠤᠲᠠ ᠶᠢᠨ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠲᠠᠢ ᠭᠦᠨᠴᠡ ᠬᠠᠮᠳᠤᠷᠠᠯᠴᠠᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠡᠵᠡᠯᠡᠬᠦ ᠬᠠᠷᠢᠴᠠᠯ ᠢ ᠦᠷᠭᠡᠳᠭᠡᠵᠦ᠂ ᠠᠵᠤ ᠠᠬᠤᠶᠢᠯᠠᠯ ᠲᠠᠢ ᠬᠠᠮᠲᠤ ᠪᠠᠷ ᠬᠦᠴᠢᠷ ᠢ ᠲᠤᠭᠤᠯᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶      2  ᠂ ᠠᠵᠤ ᠠᠬᠤᠶᠢᠯᠠᠯ ᠤᠨ ᠡᠷᠭᠢᠯᠲᠡ ᠶᠢᠨ ᠪᠡᠯᠡ ᠮᠥᠩᠭᠦ ᠶᠢᠨ ᠬᠦᠴᠢᠷᠳᠡᠯ ᠢ ᠨᠠᠮᠳᠠᠭᠤᠯᠤᠨ᠎ᠠ᠃ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠢᠵᠢᠭ ᠤᠨ ᠪᠠᠶᠢᠳᠠᠯ ᠤᠨ ᠨᠦᠯᠦᠭᠡ ᠶᠢ ᠨᠡᠯᠢᠶᠡᠳ ᠶᠡᠭᠡ ᠬᠦᠷᠲᠡᠭᠰᠡᠨ᠂ ᠬᠦᠭᠵᠢᠯᠲᠡ ᠶᠢᠨ ᠢᠷᠡᠭᠡᠲᠦᠢ ᠲᠦᠷ ᠴᠠᠭ ᠤᠨ ᠬᠦᠴᠢᠷᠳᠡᠯ ᠳᠤ ᠤᠴᠠᠷᠠᠵᠤ ᠵᠢᠭᠡᠯᠡᠯᠭᠡ ᠪᠠᠨ ᠴᠠᠭ ᠲᠤᠬᠠᠶ ᠳᠠᠭᠠᠨ ᠪᠤᠴᠠᠭᠠᠵᠤ ᠳᠡᠶᠢᠯᠬᠦ ᠦᠭᠡᠶ ᠳᠤᠮᠳᠠ ᠵᠢᠵᠢᠭ ᠠᠵᠤ ᠠᠬᠤᠶᠢᠯᠠᠯ ᠠᠴᠠ ᠵᠢᠭᠡᠯᠡᠯᠭᠡ ᠪᠠᠨ ᠠᠪᠬᠤ᠂ ᠵᠢᠭᠡᠯᠡᠯᠭᠡ ᠪᠠᠨ ᠲᠠᠰᠤᠯᠬᠤ᠂ ᠵᠢᠭᠡᠯᠡᠯᠭᠡ ᠪᠡᠨ‌‍ᠲ᠋ᠠᠷᠤᠵᠤ ᠪᠣᠯᠬᠤ ᠦᠭᠡᠶ᠂ ᠵᠣᠬᠢᠰᠲᠠᠶ ᠬᠤᠶᠢᠰᠢᠯᠠᠭᠤᠯᠤᠨ ᠪᠤᠴᠠᠭᠠᠬᠤ ᠶᠢ ᠵᠥᠪᠰᠢᠶᠡᠷᠡᠬᠦ ᠶᠢᠨ ᠬᠠᠮᠲᠤ ᠰᠠᠨᠠᠴᠢᠯᠠᠭ᠎ᠠ ᠠᠴᠠ ᠪᠠᠨ ᠦᠷᠭᠦᠯᠵᠢᠯᠡᠨ ᠵᠢᠭᠡᠯᠡᠯᠭᠡ ᠲᠠᠯᠪᠢᠬᠤ ᠰᠠᠶᠢᠬᠠᠨ ᠦᠢᠯᠡᠴᠢᠯᠡᠭᠡ ᠶᠢ ᠬᠠᠩᠭᠠᠬᠤ ᠬᠡᠷᠡᠭᠲᠡᠶ᠃ ᠳᠤᠮᠳᠠ ᠵᠢᠵᠢᠭ ᠠᠵᠤ ᠠᠬᠤᠶᠢᠯᠠᠯ ᠤᠨ ᠳᠡᠭᠡᠷ᠎ᠡ ᠬᠠᠭᠠᠰ ᠵᠢᠯ ᠳᠤ ᠬᠤᠭᠤᠴᠠᠭ᠎ᠠ ᠨᠢ ᠲᠤᠯᠤᠭᠰᠠᠨ ᠵᠢᠭᠡᠯᠡᠯᠭᠡ ᠳᠤ ᠪᠠᠩᠬᠢ ᠠᠴᠠ ᠤᠤᠯ ᠤᠨ ᠵᠢᠭᠡᠯᠡᠯᠭᠡ ᠶᠢᠨ ᠭᠡᠷ᠎ᠡ ᠶᠢᠨ ᠬᠦᠤ ᠮᠥᠩᠭᠦ ᠶᠢᠨ ᠨᠣᠷᠮ᠎ᠠ ᠠᠴᠠ ᠥᠨᠳᠥᠷ ᠪᠠᠶᠢᠯᠭᠠᠬᠤ ᠦᠭᠡᠢ ᠪᠠᠷ᠂ ᠵᠢᠭᠡᠯᠡᠯᠭᠡ ᠪᠠᠨ ᠪᠤᠴᠠᠭᠠᠬᠤ ᠬᠤᠭᠤᠴᠠᠭ᠎ᠠ ᠶᠢ ᠭᠤᠷᠪᠠᠨ ᠰᠠᠷ᠎ᠠ ᠠᠴᠠ ᠳᠡᠭᠡᠭᠰᠢ ᠬᠤᠭᠤᠴᠠᠭ᠎ᠠ ᠪᠠᠷ ᠬᠤᠶᠢᠰᠢᠯᠠᠭᠤᠯᠵᠤ᠂ ᠠᠵᠤ ᠠᠬᠤᠶᠢᠯᠠᠯ ᠤᠨ ᠡᠷᠭᠢᠯᠲᠡ ᠶᠢᠨ ᠪᠡᠯᠡ ᠮᠥᠩᠭᠦ ᠶᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃ ︵ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶      3  ᠂ ᠵᠠᠰᠠᠭ ᠤᠨ ᠣᠷᠳᠣᠨ᠂ ᠪᠠᠩᠬᠢ᠂ ᠳᠠᠭᠠᠭᠠᠯᠲᠠ ᠶᠢᠨ ᠪᠠᠶᠢᠭᠤᠯᠤᠮᠵᠢ ᠶᠢᠨ ᠭᠦᠨᠵᠡᠭᠡᠶ ᠬᠠᠮᠲᠤᠷᠠᠯᠴᠠᠭ᠎ᠠ ᠶᠢ ᠴᠢᠩᠭᠠᠳᠭᠠᠨ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠠᠯᠠ ᠲᠣᠬᠢᠷᠠᠭᠤᠯᠭ᠎ᠠ ᠶᠢᠨ ᠲᠦᠭᠰᠢᠭᠦᠷᠢ ᠶᠢᠨ ᠨᠥᠬᠦᠪᠥᠷᠢ ᠪᠠᠯᠠ ᠮᠥᠩᠭᠦ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠨᠥᠬᠦᠪᠥᠷᠢ ᠪᠠᠯᠠ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠲᠣᠮᠣᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠳᠤᠮᠳᠠ ᠵᠢᠵᠢᠭ ᠠᠵᠤ ᠠᠬᠤᠶᠢᠯᠠᠯ ᠳᠤ ᠵᠢᠭᠡᠯᠡᠯᠭᠡ ᠲᠠᠯᠪᠢᠬᠤ ᠶᠢ ᠨᠡᠮᠡᠭᠳᠡᠭᠦᠯᠬᠦ ᠶᠢ ᠳᠡᠮᠵᠢᠨ᠎ᠡ᠃ ᠪᠠᠴᠢᠮ ᠪᠠᠶᠢᠳᠠᠯ ᠢ ᠠᠷᠭᠠᠴᠠᠭᠠᠨ ᠰᠢᠯᠵᠢᠭᠦᠯᠦᠨ ᠵᠢᠭᠡᠯᠡᠭᠦᠯᠬᠦ ᠪᠡᠯᠡ ᠮᠥᠩᠭᠦ  ᠲᠣᠬᠢᠷᠠᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠡᠷᠭᠢᠯᠲᠡ ᠶᠢᠨ ᠪᠡᠯᠡ ᠮᠥᠩᠭᠦ ᠶᠢᠨ ᠳᠠᠷᠤᠯᠲᠠ ᠶᠢ ᠬᠥᠩᠭᠡᠷᠡᠭᠦᠯᠬᠦ ᠶᠢ ᠳᠠᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶      4᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠤᠨ᠎ᠠ᠃ ᠬᠢᠵᠢᠭ ‍ᠤᠨ‌‍ᠪᠠᠶᠢᠳᠠᠯ ᠳᠤ ᠨᠦᠯᠦᠭᠡᠯᠡᠭᠳᠡᠵᠦ ᠲᠦᠷ ᠴᠠᠭ ᠤᠨ ᠬᠦᠴᠢᠷᠳᠡᠯ ᠳᠤ ᠤᠴᠠᠷᠠᠭᠰᠠᠨ ᠳᠤᠮᠳᠠ ᠵᠢᠵᠢᠭ ᠠᠵᠤ ᠠᠬᠤᠶᠢᠯᠠᠯ ᠳᠤ᠂ ᠣᠯᠣᠰ ᠤᠨ ᠥᠮᠴᠢᠯᠡᠯᠲᠦ ᠪᠡᠯᠡ ᠲᠣᠬᠢᠷᠠᠭᠤᠯᠭ᠎ᠠ ᠶᠢᠨ ᠴᠢᠨᠠᠷᠲᠠᠶ ᠳᠠᠭᠠᠭᠠᠯᠲᠠ ᠶᠢᠨ ᠺᠣᠮᠫᠠᠨᠢ ᠪᠣᠯᠤᠨ ᠪᠦᠬᠦ ᠬᠤᠲᠠ ᠶᠢᠨ ᠪᠠᠭ᠎ᠠ ᠬᠡᠮᠵᠢᠶᠡᠨ ᠤ ᠵᠢᠭᠡᠯᠡᠯᠭᠡ ᠶᠢᠨ ᠺᠣᠮᠫᠠᠨᠢ ᠳᠤᠮᠳᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢᠨ ᠳᠠᠭᠠᠭᠠᠯᠲᠠ ᠶᠢᠨ ᠰᠦᠢᠳᠭᠡᠯ ᠤᠨ ᠨᠣᠷᠮ᠎ᠠ ᠪᠣᠯᠤᠨ ᠵᠢᠭᠡᠯᠡᠯᠭᠡ ᠶᠢᠨ ᠬᠦᠤ ᠮᠦᠩᠭᠦ ᠶᠢᠨ ᠨᠣᠷᠮ᠎ᠠ ᠶᠢ ᠤᠤᠯ ᠤᠨ ᠬᠢᠷᠢ ᠬᠡᠮᠵᠢᠶᠡᠨ ᠳᠡᠭᠡᠷ᠎ᠡ 10% ᠪᠠᠷ ᠪᠠᠭᠤᠷᠠᠭᠤᠯᠤᠨ᠂ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠢ᠃ 2020 ᠣᠨ ᠤ ᠤᠯᠤᠰ ᠤᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠤᠷᠢᠳᠠᠪᠠᠷ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠨᠡᠯᠢᠶᠡᠳ ᠰᠠᠶᠢᠨ᠂ ᠳᠡᠮᠵᠢᠬᠦ ᠡᠷᠴᠢᠮ ᠢᠶᠠᠷ ᠨᠡᠯᠢᠶᠡᠳ ᠶᠡᠭᠡ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠳᠠᠰᠢ ᠬᠡᠯᠪᠠᠶᠢᠯᠭᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠬᠡᠷ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ  ᠵᠠᠩᠭᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠪᠠᠯᠠ ᠣᠷᠣᠭᠤᠯᠤᠯᠲᠠ ᠶᠢᠨ ᠪᠦᠯᠦᠭᠯᠡᠯ︶      ᠬᠤᠶᠠᠷ᠂ ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠶᠢ ᠨᠡᠮᠡᠭᠳᠡᠭᠦᠯᠦᠨ᠎ᠡ      5᠂ ᠭᠠᠶᠢᠯᠢ ᠶᠢᠨ ᠰᠦᠢᠳᠭᠡᠯ ᠢ ᠬᠤᠶᠢᠰᠢᠯᠠᠭᠤᠯᠤᠨ ᠲᠤᠰᠢᠶᠠᠨ᠎ᠠ᠃ ᠬᠢᠵᠢᠭ ᠤᠨ ᠪᠠᠶᠢᠳᠠᠯ ᠤᠨ  ᠨᠦᠯᠦᠭᠡ ᠠᠴᠠ ᠪᠣᠯᠵᠤ ᠡᠵᠡᠩᠨᠡᠯᠲᠡ ᠨᠢ ᠬᠦᠴᠢᠷᠳᠡᠯ ᠳᠤ ᠤᠴᠠᠷᠠᠭᠰᠠᠨ ᠳᠤᠮᠳᠠ ᠵᠢᠵᠢᠭ ᠠᠵᠤ ᠠᠬᠤᠶᠢᠯᠠᠯ ᠤᠨ ᠭᠠᠶᠢᠯᠢ ᠶᠢᠨ ᠰᠦᠢᠳᠭᠡᠯ ᠢᠶᠠᠨ ᠬᠤᠶᠢᠰᠢᠯᠠᠭᠤᠯᠤᠨ ᠲᠤᠰᠢᠶᠠᠬᠤ ᠶᠢ ᠬᠠᠤᠯᠢ ᠶᠣᠰᠣᠭᠠᠷ ᠭᠦᠢᠴᠡᠳᠭᠡᠵᠦ ᠪᠤᠯᠤᠨ᠎ᠠ᠂ ᠬᠠᠮᠤᠭ ᠤᠨ ᠤᠷᠲᠤ ᠳᠠᠭᠠᠨ 3 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶      6᠂ ᠳᠤᠮᠳᠠ ᠵᠢᠵᠢᠭ ᠠᠵᠤ ᠠᠬᠤᠶᠢᠯᠠᠯ ᠤᠨ ᠭᠡᠷ ᠤᠨ ᠲᠦᠷᠢᠶᠡᠰᠦᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠲᠥᠷᠥᠯ ᠤᠨ ᠡᠵᠡᠩᠨᠡᠯᠲᠡ ᠳᠤ ᠬᠡᠷᠡᠭᠯᠡᠬᠦ ᠭᠡᠷ ᠲᠦᠷᠢᠶᠡᠰᠦᠯᠡᠬᠦ ᠨᠢᠭᠡᠴᠡ ᠵᠢᠴᠢ ᠡᠳ᠋ ᠤᠨ ᠵᠠᠰᠠᠭ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠦᠷᠲᠡᠵᠦ ᠥᠩᠭᠡᠷᠡᠭᠰᠡᠨ ᠠᠳᠠᠯ ᠦᠢᠯᠡᠰ ᠪᠤᠰᠬᠠᠬᠤ ᠠᠴᠢᠶᠠᠯᠠᠪᠤᠷᠢ ᠲᠦᠷᠦᠭᠦᠯᠡᠨ ᠳᠤᠮᠳᠠ ᠵᠢᠵᠢᠭ ᠠᠵᠤ ᠠᠬᠤᠶᠢᠯᠠᠯ ᠤᠨ ᠭᠡᠷ ᠤᠨ ᠲᠦᠷᠢᠶᠡᠰᠦ ᠶᠢ ᠬᠠᠰᠤᠵᠤ ᠬᠡᠯᠲᠦᠷᠢᠭᠦᠯᠬᠦ ᠬᠡᠷᠡᠭᠲᠡᠶ᠃ ᠪᠤᠰᠤᠳ ᠡᠵᠡᠩᠨᠡᠯᠲᠡ ᠶᠢᠨ ᠭᠡᠷ ᠪᠠᠶᠢᠰᠢᠩ ᠢ ᠲᠦᠷᠢᠶᠡᠰᠦᠯᠡᠨ ᠬᠡᠷᠡᠭᠯᠡᠭᠰᠡᠨ ᠳᠤ᠂ ᠦᠮᠴᠢᠲᠡᠨ ᠤ ᠲᠦᠷᠢᠶᠡᠰᠦᠯᠡᠭᠰᠡᠨ ᠡᠷᠦᠬᠡ ᠶᠢᠨ ᠲᠦᠷᠢᠶᠡᠰᠦᠨ ᠮᠥᠩᠭᠦ ᠶᠢ ᠨᠢ ᠬᠠᠰᠤᠵᠤ ᠬᠡᠯᠲᠦᠷᠢᠭᠦᠯᠬᠦ ᠶᠢ ᠵᠤᠷᠢᠭᠵᠢᠭᠤᠯᠵᠤ᠂ ᠪᠤᠳᠠᠳᠤ ᠤᠴᠢᠷ ᠢ ᠬᠤᠶᠠᠷ ᠲᠠᠯ᠎ᠠ ᠪᠠᠷ ᠢᠶᠠᠨ ᠵᠦᠪᠳᠡᠯᠴᠡᠵᠦ ᠰᠢᠢᠳᠪᠦᠷᠢᠯᠡᠨ᠎ᠡ᠂ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠳᠤ ᠪᠡᠯᠡ ᠮᠥᠩᠭᠦ ᠵᠡᠷᠭᠡ ᠲᠠᠯ᠎ᠠ ᠪᠠᠷ ᠱᠠᠩᠨᠠᠨ ᠬᠥᠬᠢᠭᠦᠯᠦᠨ᠎ᠡ᠃ 2020 ᠣᠨ ᠤ ᠬᠤᠲᠠ ᠶᠢᠨ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠲᠦᠷᠢᠶᠡᠰᠦᠨ ᠮᠦᠩᠭᠦ ᠲᠤᠰᠢᠶᠡᠵᠤ ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠤᠨ ᠲᠦᠷᠢᠶᠡᠰᠦᠨ ᠮᠦᠩᠭᠦ ᠶᠢ ᠬᠠᠰᠤᠵᠤ ᠬᠡᠯᠲᠦᠷᠢᠭᠦᠯᠦᠭᠰᠡᠨ ᠡᠯ᠎ᠡ ᠲᠥᠷᠥᠯ ᠤᠨ ᠠᠳᠠᠯ ᠦᠢᠯᠡᠰ ᠪᠤᠰᠬᠠᠵᠤ ᠰᠢᠨ᠎ᠡ ᠶᠢ ᠡᠭᠦᠳᠬᠦ ᠠᠴᠢᠶᠠᠯᠠᠪᠤᠷᠢ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠤᠷᠢᠳᠠᠪᠠᠷ ᠤᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ︶      7᠂ ᠡᠳ᠋ ᠤᠨ ᠵᠠᠰᠠᠭ ᠤᠨ ᠴᠢᠨᠠᠷᠲᠠᠶ ᠲᠦᠷᠦᠯ ᠵᠤᠶᠢᠯ ᠤᠨ ᠪᠡᠯᠡ ᠮᠥᠩᠭᠦ ᠶᠢ ᠭᠤᠶᠤᠴᠢᠯᠠᠨ ᠮᠡᠳᠡᠭᠦᠯᠵᠦ ᠪᠡᠯᠡᠨ ᠮᠦᠩᠬᠦ ᠰᠤᠯᠢᠬᠤ ᠠᠬᠢᠴᠠ ᠶᠢ ᠲᠦᠷᠭᠡᠳᠬᠡᠨ᠎ᠡ᠃ ᠡᠯ᠎ᠡ ᠰᠠᠯᠠᠭ᠎ᠠ ᠮᠥᠴᠢᠷ ᠪᠦᠬᠦᠨ ᠲᠥᠷᠥᠯ ᠵᠤᠶᠢᠯ ᠤᠨ ᠪᠡᠯᠡ ᠮᠥᠩᠭᠦ ᠶᠢ ᠬᠢᠨᠠᠨ ᠬᠠᠷᠭᠤᠭᠤᠯᠬᠤ ᠰᠠᠭᠠᠳ ᠦᠭᠡᠶ ᠨᠡᠪᠲᠡᠷᠡᠬᠦ ᠵᠠᠮ ᠢ ᠪᠠᠶᠢᠭᠤᠯᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠵᠢᠯᠴᠠᠵᠤ ᠪᠡᠯᠡ ᠮᠦᠩᠭᠦ ᠶᠢ ᠬᠤᠷᠲᠤᠨ ᠰᠠᠯᠭᠠᠨ ᠦᠭᠬᠦ ᠶᠢ ᠰᠦᠪᠡᠭᠴᠢᠯᠡᠵᠦ᠂ ᠠᠵᠤ ᠠᠬᠤᠶᠢᠯᠠᠯ ᠢ ᠪᠤᠲᠠᠲᠠᠢ ᠬᠠᠪᠰᠤᠷᠤᠨ ᠬᠦᠴᠢᠷᠳᠡᠯ ᠢ ᠲᠤᠭᠤᠯᠬᠤ ᠬᠡᠷᠡᠭᠲᠡᠶ᠃ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠲᠦᠯᠦᠬᠦ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠦᠯᠦᠬᠦ ᠭᠠᠷᠳᠠᠮ ᠢ ᠰᠢᠭᠤᠳ ᠭᠦᠢᠴᠡᠳᠭᠡᠭᠰᠡᠨ ᠴᠦ ᠪᠣᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶      ᠭᠤᠷᠪᠠ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠷᠴᠢᠮ ᠢ ᠴᠢᠩᠭᠠᠷᠠᠭᠤᠯᠤᠨ᠎ᠠ      8᠂ ᠨᠡᠶᠢᠭᠡᠮ ᠤᠨ ᠳᠠᠭᠠᠳᠬᠠᠯ ᠤᠨ ᠮᠦᠩᠭᠦ ᠶᠢ ᠬᠤᠶᠢᠰᠢᠯᠠᠭᠤᠯᠤᠨ ᠲᠤᠰᠢᠶᠠᠨ᠎ᠠ᠃ ᠬᠢᠵᠢᠭ ᠤᠨ ᠪᠠᠶᠢᠳᠠᠯ ᠳᠤ ᠨᠦᠯᠦᠭᠡᠯᠡᠭᠳᠡᠵᠦ᠂ ᠦᠢᠯᠡᠳᠪᠦᠷᠢᠯᠡᠯ ᠡᠵᠡᠩᠨᠡᠯᠲᠡ ᠨᠢ ᠬᠦᠴᠢᠷᠳᠡᠯ ᠲᠠᠢ᠂ ᠨᠡᠶᠢᠭᠡᠮ ᠤᠨ ᠳᠠᠭᠠᠳᠬᠠᠯ ᠤᠨ ᠮᠦᠩᠭᠦ ᠶᠢ ᠲᠤᠭ᠎ᠠ ᠶᠤᠰᠤᠭᠠᠷ ᠭᠦᠢᠴᠡᠳ ᠲᠤᠰᠢᠶᠠᠬᠤ ᠴᠢᠳᠠᠯ ᠦᠭᠡᠶ ᠳᠤᠮᠳᠠ ᠵᠢᠵᠢᠭ ᠠᠵᠤ ᠠᠬᠤᠶᠢᠯᠠᠯ ᠨᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠪᠣᠯᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠮᠦᠩᠭᠦ ᠶᠢ ᠬᠤᠶᠢᠰᠢᠯᠠᠭᠤᠯᠤᠨ ᠲᠤᠰᠢᠶᠠᠵᠤ ᠪᠣᠯᠤᠨ᠎ᠠ᠃ ᠲᠦᠷ ᠴᠠᠭ ᠤᠨ ᠬᠦᠴᠢᠷᠳᠡᠯ ᠳᠤ ᠤᠴᠠᠷᠠᠭᠰᠠᠨ ᠨᠢ᠂ 6 ᠰᠠᠷ᠎ᠠ ᠶᠢᠨ ᠠᠵᠢᠯ ᠠᠯᠳᠠᠯᠲᠠ ᠶᠢᠨ ᠳᠠᠭᠠᠳᠬᠠᠯ ᠤᠨ  ᠮᠦᠩᠭᠦ ᠪᠠ ᠠᠵᠢᠯ ᠠᠴᠠ ᠪᠣᠯᠤᠭᠰᠠ ᠭᠡᠮᠲᠦᠯ ᠤᠨ ᠳᠠᠭᠠᠳᠬᠠᠯ ᠤᠨ ᠮᠦᠩᠭᠦ ᠶᠢ ᠬᠤᠶᠢᠰᠢᠯᠠᠭᠤᠯᠤᠨ ᠲᠤᠰᠢᠶᠠᠵᠤ ᠪᠤᠯᠤᠨ᠎ᠠ︔ ᠨᠡᠯᠢᠶᠡᠳ ᠶᠡᠭᠡ ᠨᠦᠯᠦᠭᠡᠯᠡᠭᠳᠡᠭᠰᠡᠨ ᠤ ᠲᠤᠰᠢᠶᠠᠪᠠᠰᠤ ᠵᠣᠬᠢᠬᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠦᠩᠭᠦ ᠶᠢ ᠲᠠᠲᠠᠪᠤᠷᠢᠯᠠᠬᠤ ᠬᠤᠭᠤᠴᠠᠭ᠎ᠠ ᠶᠢ 9  ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ  ᠤᠷᠳᠤᠳᠬᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ      9᠂ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠤᠭᠲᠠᠪᠤᠷᠢᠵᠢᠭᠤᠯᠬᠤ ᠰᠦᠢᠳᠭᠡᠯ ᠪᠤᠴᠠᠭᠠᠬᠤ ᠡᠷᠴᠢᠮ ᠢ ᠴᠢᠩᠭᠠᠷᠠᠭᠤᠯᠤᠨ᠎ᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠤᠷᠤᠨ ᠲᠤᠭ᠎ᠠ ᠶᠢ ᠬᠠᠰᠤᠭᠰᠠᠨ ᠦᠭᠡᠢ ᠪᠤᠶᠤ ᠣᠷᠣᠨ ᠲᠤᠭ᠎ᠠ ᠶᠢ ᠴᠦᠬᠡᠨ ᠬᠠᠰᠤᠭᠰᠠᠨ ᠳᠤᠮᠳᠠ ᠵᠢᠵᠢᠭ ᠠᠵᠤ ᠠᠬᠤᠶᠢᠯᠠᠯ ᠨᠢ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠰᠦᠢᠳᠭᠡᠯ ᠪᠤᠴᠠᠭᠠᠬᠤ ᠲᠥᠷᠥ ᠶᠢᠨ ᠪᠣᠳᠣᠯᠭ᠎ᠠ ᠶᠢ ᠬᠦᠷᠲᠡᠬᠦ ᠨᠥᠬᠦᠴᠡᠯ ᠳᠤ ᠨᠡᠶᠢᠴᠡᠪᠡᠯ᠂ ᠳᠡᠭᠡᠷ᠎ᠡ ᠵᠢᠯ ᠤᠨ ᠪᠣᠳᠠᠲᠠᠶ ᠲᠤᠰᠢᠶᠠᠭᠰᠠᠨ ᠠᠵᠢᠯ ᠠᠯᠳᠠᠯᠲᠠ ᠶᠢᠨ ᠳᠠᠭᠠᠳᠬᠠᠯ ᠤᠨ ᠮᠦᠩᠭᠦ ᠶᠢᠨ 50% ᠶᠢ ᠪᠤᠴᠠᠭᠠᠵᠤ ᠪᠣᠯᠤᠨ᠎ᠠ᠃ ᠬᠤᠲᠠ ᠶᠢᠨ ᠬᠦᠴᠢᠷᠳᠡᠯᠲᠡᠶ ᠠᠵᠤ ᠠᠬᠤᠶᠢᠯᠠᠯ ᠢ ᠨᠣᠲᠠᠯᠠᠨ ᠲᠣᠭᠲᠠᠭᠠᠬᠤ ᠠᠵᠢᠯᠯᠠᠬᠤ ᠳᠤᠭᠤᠶᠢᠯᠠᠩ ᠤᠨ ᠬᠢᠨᠠᠨ ᠬᠠᠷᠭᠤᠭᠤᠯᠵᠤ ᠨᠤᠲᠠᠯᠠᠨ ᠲᠣᠭᠲᠠᠭᠠᠭᠰᠠᠨ ᠬᠦᠴᠢᠷᠳᠡᠯᠲᠡᠶ ᠠᠵᠤ ᠠᠬᠤᠶᠢᠯᠠᠯ ᠳᠤ᠂ ᠪᠤᠴᠠᠭᠠᠬᠤ ᠪᠠᠷᠢᠮᠵᠢᠶ᠎ᠠ ᠶᠢ ᠮᠠᠨ ᠤ ᠬᠤᠲᠠ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶        10᠂ ᠠᠳᠠᠯ ᠦᠢᠯᠡᠰ ᠪᠤᠰᠬᠠᠬᠤ ᠠᠴᠢᠶᠠᠯᠠᠪᠤᠷᠢ ᠶᠢ ᠱᠠᠩᠨᠠᠨ ᠨᠥᠬᠦᠪᠥᠷᠢᠯᠡᠬᠦ ᠡᠷᠴᠢᠮ ᠢ ᠴᠢᠩᠭᠠᠷᠠᠭᠤᠯᠤᠨ᠎ᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠰᠦᠯᠵᠢᠶᠡᠨ ᠳᠡᠭᠡᠷ᠎ᠡ ᠠᠳᠠᠯ ᠦᠢᠯᠡᠰ  ᠪᠤᠰᠬᠠᠬᠤ ᠦᠢᠯᠡᠴᠢᠯᠡᠭᠡ ᠶᠢ ᠥᠷᠨᠢᠭᠦᠯᠵᠦ ᠪᠠᠶᠢᠭ᠎ᠠ ᠬᠤᠲᠠ ᠶᠢᠨ ᠳᠡᠰ ᠤᠨ ᠠᠳᠠᠯ ᠦᠢᠯᠡᠰ ᠪᠤᠰᠬᠠᠬᠤ ᠠᠴᠢᠶᠠᠯᠠᠪᠤᠷᠢ ᠳᠤ ︽ᠱᠠᠩᠨᠠᠯ ᠪᠠᠷ ᠨᠦᠬᠦᠪᠦᠷᠢ ᠶᠢ ᠣᠷᠣᠯᠠᠭᠤᠯᠬᠤ︾ ᠪᠡᠯᠡ ᠮᠥᠩᠭᠦ ᠶᠢᠨ ᠲᠡᠳᠬᠦᠮᠵᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶      11᠂ ᠠᠵᠤ ᠠᠬᠤᠶᠢᠯᠠᠯ ᠤᠨ ᠬᠥᠳᠡᠯᠮᠦᠷᠢ ᠬᠦᠴᠦᠨ ᠤ ᠬᠠᠷᠢᠴᠠᠭ᠎ᠠ ᠶᠢ ᠲᠣᠭᠲᠠᠪᠤᠷᠢᠵᠢᠭᠤᠯᠤᠨ᠎ᠠ᠃ ᠬᠢᠵᠢᠭ ᠤᠨ ᠪᠠᠶᠢᠳᠠᠯ ᠤᠨ ᠨᠦᠯᠦᠭᠡ ᠠᠴᠠ ᠪᠤᠯᠵᠤ ᠦᠢᠯᠡᠳᠪᠦᠷᠢᠯᠡᠯ ᠡᠵᠡᠩᠨᠡᠯᠲᠡ ᠨᠢ ᠬᠦᠴᠢᠷᠳᠡᠯ ᠳᠤ ᠤᠴᠠᠷᠠᠭᠰᠠᠨ ᠠᠵᠤ ᠠᠬᠤᠶᠢᠯᠠᠯ᠂ ᠠᠵᠢᠯᠲᠠᠨ ᠠᠵᠢᠯᠴᠢᠨ ᠲᠠᠢ ᠪᠠᠨ ᠨᠡᠶᠢᠲᠡ ᠪᠠᠷ ᠵᠦᠪᠳᠡᠯᠴᠡᠵᠦ᠂ ᠵᠦᠪᠳᠡᠯᠴᠡᠭᠡᠷ ᠤᠨ ᠴᠠᠯᠢᠩ ᠬᠥᠯᠥᠰᠥ᠂ ᠠᠵᠢᠯ ᠤᠨ ᠴᠠᠭ ᠢᠶᠠᠨ ᠲᠤᠬᠢᠷᠠᠭᠤᠯᠬᠤ᠂ ᠠᠵᠢᠯ ᠤᠨ ᠪᠠᠶᠢᠷᠢ ᠪᠠᠨ ᠡᠭᠡᠯᠵᠢᠯᠡᠵᠦ ᠡᠭᠡᠯᠵᠢᠯᠡᠨ ᠠᠮᠠᠷᠠᠬᠤ᠂ ᠠᠵᠢᠯ ᠤᠨ ᠪᠠᠶᠢᠷᠢ ᠳᠤ ᠪᠤᠯᠪᠠᠰᠤᠷᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠬᠥᠳᠡᠯᠮᠦᠷᠢ ᠬᠦᠴᠦᠨ ᠤ ᠬᠠᠷᠢᠴᠠᠭ᠎ᠠ ᠶᠢ ᠬᠡᠪ ᠤᠨ ᠪᠠᠶᠢᠯᠭᠠᠨ᠎ᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠠᠵᠤ ᠠᠬᠤᠶᠢᠯᠠᠯ ᠤᠨ ᠰᠢᠨ᠎ᠡ ᠪᠠᠷ ᠡᠯᠰᠡᠭᠰᠡᠨ ᠠᠵᠢᠯᠲᠠᠨ ᠠᠵᠢᠯᠴᠢᠨ ᠳᠤ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠰᠦᠢᠳᠭᠡᠯ ᠬᠤᠷᠢᠶᠠᠬᠤ ᠦᠭᠡᠶ ᠪᠠᠷ ᠵᠣᠬᠢᠶᠠᠨ ᠪᠠᠶᠢᠭᠤᠯᠤᠨ ᠶᠠᠪᠤᠭᠳᠠᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶      ᠳᠥᠷᠪᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠤᠪᠢ ᠨᠡᠮᠡᠷᠢ ᠦᠵᠡᠭᠦᠯᠦᠭᠰᠡᠨ ᠠᠵᠤ ᠠᠬᠤᠶᠢᠯᠠᠯ ᠢ ᠲᠡᠳᠭᠦᠨ ᠳᠡᠮᠵᠢᠨ᠎ᠡ      12᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠦᠢᠯᠡᠳᠪᠦᠷᠢᠯᠡᠬᠦ ᠠᠵᠤ ᠠᠬᠤᠶᠢᠯᠠᠯ ᠢ ᠲᠡᠳᠭᠦᠨ ᠳᠡᠮᠵᠢᠨ᠎ᠡ᠃ ᠰᠢᠨ᠎ᠡ ᠪᠠᠷ ᠨᠠᠶᠢᠲᠠᠪᠤᠷᠢᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠤᠳᠠᠰ ᠢ ᠦᠢᠯᠡᠳᠪᠦᠷᠢᠯᠡᠬᠦ ᠲᠥᠷᠥᠯ ᠵᠤᠶᠢᠯ ᠳᠤ᠂ ᠬᠢᠨᠠᠨ ᠵᠥᠪᠰᠢᠶᠡᠷᠡᠬᠦ ᠰᠠᠭᠠᠳ ᠦᠭᠡᠶ ᠨᠡᠪᠲᠡᠷᠡᠬᠦ ᠵᠠᠮ ᠢ ᠨᠡᠭᠡᠭᠡᠵᠦ ᠂ ᠠᠳᠠᠯᠢ ᠱᠠᠲᠤᠨ ᠤ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠢᠶᠠᠷ ᠬᠢᠨᠠᠨ ᠲᠤᠭᠲᠠᠭᠠᠯᠭᠠᠵᠤ᠂ ︽ᠠᠮᠠᠯᠠᠬᠤ ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠦᠨ᠂ ᠭᠠᠵᠠᠷ ᠬᠡᠷᠡᠭᠯᠡᠬᠦ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ ᠵᠡᠷᠭᠡ ᠭᠦᠢᠴᠡᠳᠭᠡᠬᠦ ᠲᠤᠭ᠎ᠠ ᠶᠢ ᠤᠷᠢᠳᠠᠪᠠᠷ ᠲᠣᠬᠢᠷᠠᠭᠤᠯᠬᠤ ᠬᠡᠷᠡᠭᠲᠡᠶ᠃ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠤᠳᠠᠰ ᠦᠢᠯᠡᠳᠪᠦᠷᠢᠯᠡᠬᠦ ᠠᠵᠤ ᠠᠬᠤᠶᠢᠯᠠᠯ ᠳᠤ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠳᠡᠮᠵᠢᠵᠦ᠂ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠦᠨ ᠦᠷ᠎ᠡ ᠠᠰᠢᠭ ᠢ ᠨᠢ ᠨᠡᠮᠡᠭᠳᠡᠭᠦᠯᠵᠦ ᠦᠢᠯᠡᠳᠪᠦᠷᠢᠯᠡᠬᠦ ᠴᠢᠳᠠᠪᠤᠷᠢ ᠶᠢ ᠨᠢ ᠨᠡᠮᠡᠭᠳᠡᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠴᠠᠭ ᠡᠭᠡᠯᠵᠢ ᠨᠡᠮᠡᠨ ᠠᠵᠢᠯᠯᠠᠵᠤ ᠠᠴᠢᠶ᠎ᠠ ᠭᠦᠢᠴᠡᠳ ᠦᠢᠯᠡᠳᠪᠦᠷᠢᠯᠡᠬᠦ ᠠᠵᠤ ᠠᠬᠤᠶᠢᠯᠠᠯ ᠢ ᠪᠡᠯᠡ ᠲᠣᠬᠢᠷᠠᠭᠤᠯᠬᠤ᠂ ᠭᠠᠶᠢᠯᠢ ᠰᠦᠢᠳᠭᠡᠯ ᠢ ᠬᠠᠰᠤᠵᠤ ᠬᠡᠯᠲᠦᠷᠢᠭᠦᠯᠬᠦ᠂ ᠲᠥᠷᠥᠯ ᠵᠤᠶᠢᠯ ᠤᠨ ᠪᠡᠯᠡ ᠮᠥᠩᠭᠦ ᠵᠡᠷᠭᠡ ᠪᠦᠬᠦ ᠲᠠᠯ᠎ᠠ ᠪᠠᠷ ᠲᠡᠳᠭᠦᠨ ᠳᠡᠮᠵᠢᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠴᠠᠬᠢᠯᠭᠠᠨ ᠬᠠᠩᠭᠠᠬᠤ ᠲᠣᠪᠴᠢᠶ᠎ᠠ︶      13᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠮᠡᠳᠡᠭᠡ ᠵᠠᠩᠭᠢ ᠶᠢᠨ ᠮᠡᠷᠭᠡᠵᠢᠯ ᠤᠨ  ᠦᠢᠯᠡᠴᠢᠯᠡᠭᠡ ᠬᠠᠩᠭᠠᠭᠰᠠᠨ ᠠᠵᠤ ᠠᠬᠤᠶᠢᠯᠠᠯ ᠢ ᠲᠡᠳᠭᠦᠨ ᠳᠡᠮᠵᠢᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢᠨ  ᠦᠢᠯᠡᠴᠢᠯᠡᠭᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠶᠢ ᠨᠡᠭᠡᠭᠡᠨ ᠡᠭᠦᠳᠦᠭᠰᠡᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠠᠬᠤᠶᠢᠯᠠᠯ ᠵᠢᠴᠢ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ ᠠᠵᠢᠯ ᠵᠤᠭᠰᠤᠭᠰᠠᠨ ᠥᠬᠡᠶ᠂ ᠬᠠᠩᠭᠠᠯᠭ᠎ᠠ ᠶᠢ ᠪᠠᠲᠤᠯᠠᠭᠰᠠᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠠᠵᠤ ᠠᠬᠤᠶᠢᠯᠠᠯ ᠢ ᠪᠠᠯᠠ ᠲᠣᠬᠢᠷᠠᠭᠤᠯᠬᠤ᠂ ᠭᠠᠶᠢᠯᠢ ᠰᠦᠢᠳᠭᠡᠯ ᠢ ᠬᠠᠰᠤᠵᠤ ᠬᠡᠯᠲᠦᠷᠢᠭᠦᠯᠬᠦ᠂ ᠲᠥᠷᠥᠯ ᠵᠤᠶᠢᠯ ᠤᠨ ᠪᠠᠯᠠ ᠮᠦᠩᠭᠦ ᠵᠡᠷᠭᠡ ᠲᠠᠯ᠎ᠠ ᠪᠠᠷ ᠲᠡᠳᠭᠦᠨ ᠳᠡᠮᠵᠢᠨ᠎ᠡ ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠣᠮᠣ ᠳ᠋ᠠᠶᠢᠲ᠋ᠠ ᠶᠢᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶      ᠲᠠᠪᠤ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠲᠡᠭᠦᠯᠳᠡᠷᠵᠢᠭᠦᠯᠦᠨ᠎ᠡ      14᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠠᠷᠭᠠᠴᠠᠭᠠᠵᠤ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠮᠡᠳᠡᠭᠡ  ᠵᠠᠩᠭᠢᠴᠢᠯᠠᠯᠲᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠬᠦᠯᠬᠦ ᠬᠡᠷᠡᠭᠲᠡᠢ︔ ᠰᠦᠯᠵᠢᠶᠡᠨ ᠳᠡᠭᠡᠷᠡᠬᠢ ᠦᠢᠯᠡᠴᠢᠯᠡᠭᠡ ᠬᠠᠩᠭᠠᠵᠤ ᠳᠡᠶᠢᠯᠬᠦ ᠦᠭᠡᠢ ᠳᠤ ᠨᠢ᠂ ᠤᠷᠢᠳᠴᠢᠯᠠᠨ ᠪᠣᠯᠵᠣᠬᠤ ᠦᠢᠯᠡᠴᠢᠯᠡᠭᠡ ᠶᠢ ᠬᠡᠷᠡᠭᠵᠢᠭᠦᠯᠦᠨ᠎ᠡ᠃ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠳᠤᠮᠳᠠ ᠵᠢᠵᠢᠭ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠪᠠᠶᠢᠴᠠᠭᠠᠨ ᠰᠤᠳᠤᠯᠤᠯᠲᠠ ᠪᠠᠨ ᠴᠢᠩᠭᠠᠳᠭᠠᠵᠤ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠶᠢ ᠪᠠᠷᠢᠮᠲᠠᠯᠠᠨ ᠣᠨᠣᠪᠴᠢᠲᠠᠶ ᠲᠡᠳᠭᠦᠵᠦ᠂ ᠴᠢᠬᠤᠯᠠ ᠶᠡᠭᠡ ᠲᠦᠷᠦᠯ ᠵᠤᠶᠢᠯ ᠢ ︽ᠨᠢᠭᠡ ᠤᠴᠢᠷ ᠢ ᠨᠢᠭᠡ ᠵᠥᠪᠯᠡᠬᠦ︾ ᠵᠠᠷᠴᠢᠮ ᠶᠣᠰᠣᠭᠠᠷ ᠲᠤᠰᠬᠠᠢ ᠲᠦᠷᠦᠯ ᠢᠶᠠᠷ ᠰᠤᠳᠤᠯᠤᠨ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ︶      15. ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠨᠢᠭᠡᠳᠦᠭᠡᠷ ᠹᠷᠣᠨᠲ ᠳᠡᠭᠡᠷ᠎ᠡ ᠠᠵᠢᠯᠯᠠᠬᠤ ᠠᠷᠭ᠎ᠠ︾᠂ ︽ᠪᠢᠲᠡᠭᠦᠤ ᠴᠠᠭᠠᠷᠢᠭᠲᠤ ᠠᠵᠢᠯ ᠤᠨ ᠠᠷᠭ᠎ᠠ︾ ᠶᠢ ᠶᠡᠬᠡᠪᠡᠷ ᠬᠡᠷᠡᠭᠵᠢᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠦᠯᠬᠢᠵᠦ ᠬᠤᠶᠢᠰᠢᠯᠠᠭᠤᠯᠵᠤ ᠲᠣᠭᠤᠷᠢᠭᠤᠯᠬᠤ᠂ ᠳᠤᠮᠳᠠ ᠠᠴᠠ ᠨᠢ ᠬᠤᠷᠢᠭᠯᠠᠬᠤ ᠦᠵᠡᠭᠳᠡᠯ ᠢ ᠡᠷᠡᠰ ᠬᠤᠷᠢᠭᠯᠠᠵᠤ᠂ ᠡᠯ᠎ᠡ ᠵᠤᠶᠢᠯ ᠤᠨ ᠰᠢᠯᠲᠠᠭ ᠢᠶᠠᠷ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠨᠥᠯᠥᠭᠡᠯᠡᠵᠦ ᠪᠣᠯᠬᠤ ᠥᠬᠡᠶ᠂ ᠠᠵᠢᠯ ᠢᠶᠠᠨ ᠬᠢᠬᠦ ᠦᠭᠡᠢ᠂ ᠠᠵᠢᠯ ᠢᠶᠠᠨ ᠤᠳᠠᠭᠠᠰᠢᠷᠠᠭᠤᠯᠬᠤ ᠶᠢ ᠣᠯᠵᠤ ᠮᠡᠳᠡᠪᠡᠯ ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠨ᠎ᠡ᠃ ᠬᠤᠲᠠ ᠶᠢᠨ ᠵᠠᠰᠠᠭ ᠤᠨ ᠣᠷᠳᠣᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠭᠠᠷᠭᠠᠪᠠ᠄ ︵12345︶ ᠦᠢᠯᠡᠴᠢᠯᠡᠭᠡᠨ ᠤ ᠬᠠᠯᠠᠮᠰᠢᠯ ᠤᠲᠠᠰᠤ᠂ ᠠᠵᠤ ᠠᠬᠤᠶᠢᠯᠠᠯ ᠤᠨ ᠵᠠᠭᠠᠯᠳᠤᠯᠭ᠎ᠠ ᠶᠢ ᠭᠥᠯᠢᠶᠡᠨ ᠠᠪᠤᠨ᠎ᠠ᠃       ᠳᠡᠭᠡᠷᠡᠬᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠤᠭᠤᠴᠠᠭ᠎ᠠ ᠶᠢ ᠲᠤᠳᠤᠷᠬᠠᠢ ᠲᠣᠭᠲᠠᠭᠠᠭᠰᠠᠨ ᠢ ᠲᠣᠭᠲᠠᠭᠠᠯ ᠶᠣᠰᠣᠭᠠᠷ ᠬᠡᠷᠡᠭᠵᠢᠭᠦᠯᠵᠦ᠂ ᠲᠣᠳᠣᠷᠬᠠᠶ ᠬᠤᠭᠤᠴᠠᠭ᠎ᠠ ᠥᠬᠡᠶ ᠶᠢ ᠨᠢ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ  ᠪᠠᠶᠢᠳᠠᠯ ᠠᠷᠢᠯᠲᠠᠯ᠎ᠠ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠭᠰᠡᠨ ᠬᠠᠮᠢᠶ᠎ᠠ ᠪᠦᠬᠦᠢ ᠳᠡᠮᠵᠢᠬᠦ ᠲᠥᠷᠦ ᠶᠢᠨ ᠪᠣᠳᠣᠯᠭ᠎ᠠ ᠶᠢ ᠮᠠᠨ ᠤ ᠬᠤᠲᠠ ᠵᠢᠷᠤᠮᠯᠠᠨ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号