ᠳᠣᠯᠣᠳᠤᠭᠠᠷ ᠤᠳᠠᠭᠠᠨ ᠤ ᠪᠦᠬᠦ ᠣᠯᠣᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020-06-01
              ᠬᠦᠬᠡᠬᠤᠲᠠ ᠵᠠᠰᠠᠭ ᠲᠠᠷᠬᠠᠭᠠᠭᠰᠠᠨ〔2020〕7 ᠳ᠋ᠤᠭᠠᠷ ᠲᠤᠭᠠᠲᠤ              2020ᠣᠨ ᠤ 2 ᠳ᠋ᠤᠭᠠᠷ ᠰᠠᠷ᠎ᠠ ᠶᠢᠨ 24 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ〔2019〕24 ᠳ᠋ᠦ᠋ᠭᠡᠷ ᠲᠣᠭᠠᠲᠣ︶ ᠪᠣᠯᠣᠨ ︽ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ〔2020〕2 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ  ᠮᠡᠳᠡᠭᠳᠡᠶ᠎ᠡ᠃      ᠨᠢᠭᠡ᠂ ᠲᠠᠨᠢᠯᠲᠠ ᠪᠠᠨ ᠳᠡᠭᠡᠭᠰᠢᠯᠡᠭᠦᠯᠬᠦ      ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠰᠢᠨ᠎ᠡ ᠴᠠᠭ ᠣᠶᠶ᠎ᠠ ᠳᠤ ᠤᠷᠤᠭᠰᠠᠨ ᠤ ᠳᠠᠷᠠᠭ᠎ᠠ ᠶᠢᠨ ᠨᠢᠭᠡᠨ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ᠂ ᠬᠤᠲᠠ ᠶᠢᠨ ᠪᠠᠶᠢᠳᠠᠯ ᠬᠤᠲᠠ ᠶᠢᠨ ᠬᠦᠴᠦᠨ ᠤ ᠪᠠᠶᠢᠴᠠᠭᠠᠯᠲᠠ ᠪᠣᠯᠤᠨ᠎ᠠ᠃ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠠᠷ ᠳᠠᠮᠵᠢᠭᠤᠯᠤᠨ᠂ ᠪᠥᠬᠦ ᠬᠤᠲᠠ ᠶᠢᠨ ᠬᠥᠮᠦᠨ ᠠᠮᠠ ᠶᠢᠨ ᠬᠤᠪᠢᠷᠠᠯᠲᠠ ᠶᠢᠨ ᠬᠠᠨᠳᠤᠰᠢ ᠶᠢᠨ ᠴᠢᠨᠠᠷᠲᠠᠶ ᠣᠨᠴᠠᠯᠢᠭ ᠢ ᠲᠣᠳᠣᠷᠬᠠᠶ ᠣᠶᠢᠯᠠᠭᠠᠵᠤ᠂ ᠪᠥᠬᠦ ᠬᠤᠲᠠ ᠶᠢᠨ ᠬᠥᠮᠦᠨ ᠠᠮᠠ ᠶᠢᠨ ᠲᠤᠭ᠎ᠠ᠂ ᠪᠦᠲᠦᠴᠡ᠂ ᠲᠠᠷᠬᠠᠯᠲᠠ᠂ ᠬᠤᠲᠠ ᠬᠥᠳᠡᠭᠡ ᠶᠢᠨ ᠣᠷᠣᠨ ᠰᠠᠭᠤᠴᠠ ᠵᠡᠷᠭᠡ ᠲᠠᠯ᠎ᠠ ᠶᠢᠨ ᠪᠠᠶᠢᠳᠠᠯ ᠢ ᠪᠠᠶᠢᠴᠠᠭᠠᠨ ᠲᠣᠳᠣᠷᠬᠠᠶᠢᠯᠠᠵᠤ᠂ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠣᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠂ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ᠂ ᠤᠯᠤᠰ ᠠᠷᠠᠳ ᠤᠨ ᠠᠵᠤ ᠠᠬᠤᠶ ᠪᠣᠯᠣᠨ ᠨᠡᠶᠢᠭᠡᠮ ᠤᠨ ᠬᠦᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠣᠨᠣᠪᠴᠢᠲᠠᠢ ᠪᠥᠭᠡᠳ ᠬᠦᠴᠦᠲᠡᠶ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃ ᠡᠭᠦᠨ ᠤ ᠬᠠᠮᠲᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠲᠤᠰᠢᠶᠠᠯ ᠬᠠᠷᠢᠭᠤᠴᠠᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠲᠣᠭᠤᠰᠢᠯᠠᠭᠤᠯᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠬᠤᠶᠠᠷ᠂ ᠨᠡᠶᠢᠳᠡᠮ ᠪᠠᠶᠢᠴᠠᠭᠠᠯᠲᠠ ᠶᠢᠨ ᠡᠲᠡᠭᠡᠳ᠂ ᠠᠭᠤᠯᠭ᠎ᠠ ᠪᠣᠯᠤᠨ ᠴᠠᠭ ᠬᠤᠭᠤᠴᠠᠭ᠎ᠠ      ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠪᠣᠯ ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠴᠠᠭ ᠤᠨ ᠵᠠᠭᠠᠭ ᠨᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠪᠠᠶᠢᠭ᠎ᠠ ᠪᠠᠶᠢᠭᠠᠯᠢ ᠬᠥᠮᠦᠨ ᠵᠢᠴᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠭᠠᠳᠠᠨ᠎ᠠ ᠪᠠᠶᠢᠪᠠᠴᠤ ᠨᠤᠲᠤᠭᠰᠢᠨ ᠰᠠᠭᠤᠷᠢᠰᠢᠭ᠎ᠠ ᠦᠭᠡᠶ ᠳᠤᠮᠳᠠᠳᠤ ᠤᠯᠤᠰ ᠤᠨ ᠢᠷᠭᠡᠨ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠲᠦᠷ ᠴᠠᠭ ᠰᠠᠭᠠᠲᠠᠬᠤ ᠬᠢᠯᠢ ᠶᠢᠨ ᠭᠠᠳᠠᠨᠠᠬᠢ ᠬᠥᠮᠦᠰ ᠪᠠᠭᠲᠠᠬᠤ ᠦᠭᠡᠶ᠃      ᠨᠡᠶᠢᠳᠡᠮ ᠪᠠᠶᠢᠴᠠᠭᠠᠯᠲᠠ ᠨᠢ ᠭᠤᠣᠯᠳᠠᠭᠤ ᠬᠥᠮᠦᠨ ᠠᠮᠠ ᠪᠣᠯᠤᠨ ᠰᠠᠭᠤᠭᠠᠯᠢ ᠡᠷᠦᠬᠡ ᠶᠢᠨ ᠦᠨᠳᠦᠰᠦᠨ ᠪᠠᠶᠢᠳᠠᠯ ᠢ ᠪᠠᠶᠢᠴᠠᠭᠠᠨ᠎ᠠ᠂ ᠠᠭᠤᠯᠭ᠎ᠠ ᠳᠤ᠄ ᠣᠪᠣᠭ ᠨᠡᠷ᠎ᠡ᠂ ᠢᠷᠭᠡᠨ ᠤ ᠪᠡᠶ᠎ᠡ ᠶᠢᠨ ᠦᠨᠡᠮᠯᠡᠯ ᠤᠨ ᠨᠣᠮᠧᠷ᠂ ᠬᠦᠢᠰᠦ ᠂ ᠨᠠᠰᠤ᠂ ᠦᠨᠳᠦᠰᠦᠲᠡᠨ᠂ ᠰᠤᠷᠭᠠᠨ ᠬᠥᠮᠦᠵᠢᠯ ᠬᠦᠷᠲᠡᠭᠰᠡᠨ ᠬᠡᠮᠵᠢᠶ᠎ᠡ᠂ ᠠᠵᠢᠯ ᠲᠥᠷᠥᠯ᠂ ᠡᠷᠬᠢᠯᠡᠭᠰᠡᠨ ᠠᠵᠢᠯ᠂ ᠨᠡᠭᠦᠲᠡᠯ ᠰᠢᠯᠵᠢᠯᠲᠡ᠂ ᠣᠷᠤᠭ ᠬᠤᠷᠢᠮ ᠦᠷᠡᠵᠢᠯ᠂ ᠦᠬᠦᠯᠲᠡ᠂ ᠣᠷᠣᠨ ᠰᠠᠭᠤᠴᠠ ᠶᠢᠨ ᠪᠠᠶᠢᠳᠠᠯ ᠵᠡᠷᠭᠡ ᠪᠠᠭᠲᠠᠨ᠎ᠠ᠃      ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠴᠠᠭ ᠤᠨ ᠵᠠᠭᠠᠭ ᠨᠢ 2020 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠤᠨ ᠲᠡᠭ ᠴᠠᠭ ᠪᠣᠯᠤᠨ᠎ᠠ᠃      ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ      ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠬᠤᠯᠪᠣᠭᠳᠠᠬᠤ ᠬᠡᠪᠴᠢᠶ᠎ᠡ ᠥᠷᠭᠡᠨ᠂ ᠣᠷᠣᠯᠴᠠᠬᠤ ᠰᠠᠯᠠᠭ᠎ᠠ ᠮᠥᠴᠢᠷ ᠣᠯᠠᠨ᠂ ᠮᠡᠷᠭᠡᠵᠢᠯ ᠤᠨ ᠱᠠᠭᠠᠷᠳᠠᠯᠭ᠎ᠠ ᠥᠨᠳᠥᠷ᠂ ᠠᠵᠢᠯ ᠤᠨ ᠬᠦᠴᠢᠷᠳᠡᠯ ᠶᠡᠭᠡ ᠪᠣᠯᠬᠤᠷ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠬᠥᠬᠡᠬᠤᠲᠠ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ︵ᠳᠠᠭᠠᠯᠳᠤᠭᠤᠯᠤᠯ ᠳᠤ ᠦᠵᠡᠭᠡᠷᠡᠢ︶ ᠢ ᠪᠠᠶᠢᠭᠤᠯᠵᠤ᠂ ᠪᠦᠬᠦ ᠬᠤᠲᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠨ᠎ᠠ᠃ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠲᠣᠬᠢᠷᠠᠭᠤᠯᠵᠣ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠣᠳᠠᠲᠠᠶ ᠬᠠᠷᠢᠭᠤᠴᠠᠨ᠎ᠠ᠃ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ 2020 ᠣᠨ ᠤ 3 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠬᠠᠷᠠᠭᠠᠯᠵᠠᠭᠰᠠᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠲᠡᠭᠦᠨ ᠤ ᠠᠯᠪᠠᠨ ᠭᠡᠷ ᠪᠠᠶᠢᠭᠤᠯᠵᠤ᠂ ᠲᠤᠰ ᠭᠠᠵᠠᠷ ᠣᠷᠣᠨ ᠤ ᠪᠠᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠢ᠃ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ 2020 ᠣᠨ ᠤ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠲᠡᠭᠦᠨ ᠤ ᠠᠯᠪᠠᠨ ᠭᠡᠷ ᠪᠠᠶᠢᠭᠤᠯᠵᠤ᠂ ᠲᠣᠰᠬᠤᠨ ︵ᠰᠠᠭᠤᠭᠠᠯᠢ ᠠᠷᠠᠳ︶ ᠤ ᠵᠥᠪᠯᠡᠯ 2020 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠵᠤ᠂ ᠲᠣᠰ ᠬᠠᠷᠢᠶ᠎ᠠ ᠭᠠᠵᠠᠷ ᠤᠨ ᠢᠶᠠᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠬᠦ ᠬᠡᠷᠡᠭᠲᠡᠢ᠃ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠰᠬᠤᠨ ︵ᠰᠠᠭᠤᠭᠠᠯᠢ ᠠᠷᠠᠳ︶ ᠤ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠬᠦᠴᠦᠨ ᠢ ᠥᠷᠭᠡᠨ ᠢᠶᠠᠷ ᠬᠥᠲᠥᠯᠥᠨ ᠵᠢᠯᠣᠭᠤᠳᠴᠤ᠂ ᠳᠠᠶᠢᠴᠢᠯᠠᠬᠤ ᠪᠠ ᠵᠣᠬᠢᠶᠠᠨ ᠪᠠᠶᠢᠭᠤᠯᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠶ ᠣᠷᠣᠯᠴᠠᠭᠤᠯᠬᠤ ᠶᠢᠨ ᠬᠠᠮᠲᠤ ᠬᠢᠨᠠᠮᠠᠭᠠᠶ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃      ︵ᠬᠤᠶᠠᠷ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠬᠤᠲᠠ ᠶᠢᠨ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠦᠴᠦ ᠪᠠᠨ ᠬᠠᠮᠲᠤᠳᠬᠠᠨ᠂ ᠨᠢᠭᠲᠠ ᠬᠠᠮᠵᠢᠯᠴᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠬᠦᠴᠦ ᠪᠠᠨ ᠨᠢᠭᠡᠳᠬᠡᠨ ᠰᠠᠶᠢᠲᠤᠷ ᠬᠢᠬᠦ ᠬᠡᠷᠡᠭᠲᠡᠶ᠃ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠨᠢ ᠨᠡᠶᠢᠳᠡᠮ ᠪᠠᠶᠢᠴᠠᠭᠠᠯᠲᠠ ᠶᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠨᠢ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠵᠢᠴᠢ ᠰᠣᠨᠢᠨ ᠮᠡᠳᠡᠭᠡᠨ ᠤ ᠵᠠᠭᠤᠴᠢᠯᠠᠭᠤᠷ ᠤᠨ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠨᠢ ᠨᠡᠶᠢᠳᠡᠮ ᠪᠠᠶᠢᠴᠠᠭᠠᠯᠲᠠ ᠶᠢᠨ ᠲᠣᠮᠣ ᠳ᠋ᠠᠶᠢᠲ᠋ᠠ ᠶᠢᠨ ᠬᠡᠷᠡᠭᠯᠡᠯᠲᠡ ᠪᠣᠯᠣᠨ ᠢᠨᠲ᠋ᠧᠷ ᠰᠦᠯᠵᠢᠶᠡᠨ ᠤ ᠤᠬᠠᠭᠤᠯᠭ᠎ᠠ ᠶᠢᠨ ᠠᠵᠢᠯ ᠢ ᠵᠣᠬᠢᠴᠠᠭᠤᠯᠬᠤ ᠶᠢ ᠬᠠᠷᠢᠭᠤᠴᠠᠨ᠎ᠠ︔ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠨᠡᠶᠢᠳᠡᠮ ᠪᠠᠶᠢᠴᠠᠭᠠᠯᠲᠠ ᠶᠢᠨ ᠲᠥᠰᠦᠯ ᠢ ᠤᠯᠤᠰ ᠠᠷᠠᠳ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠵᠢᠴᠢ ᠬᠤᠯᠪᠣᠭᠳᠠᠯ ᠪᠦᠬᠦᠢ ᠲᠤᠰᠬᠠᠶ ᠲᠥᠯᠥᠪᠵᠢᠭᠦᠯᠭᠡ ᠯᠦᠭᠡ ᠵᠣᠯᠭᠠᠭᠤᠯᠬᠤ ᠠᠵᠢᠯ ᠢ ᠬᠠᠷᠢᠭᠤᠴᠠᠨ ᠵᠣᠬᠢᠴᠠᠭᠤᠯᠵᠤ᠂ ᠨᠡᠶᠢᠳᠡᠮ ᠪᠠᠶᠢᠴᠠᠭᠠᠯᠲᠠ ᠶᠢᠨ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠪᠠᠲᠤᠯᠠᠬᠤ ᠲᠠᠯ᠎ᠠ ᠳᠤ ᠬᠤᠯᠪᠣᠭᠳᠠᠬᠤ ᠵᠦᠢᠯᠡᠰ ᠢ ᠬᠠᠷᠢᠭᠤᠴᠠᠨ᠎ᠠ︔ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠨᠢ ᠰᠤᠷᠭᠠᠭᠤᠯᠢ ᠳᠤ ᠪᠠᠶᠢᠭ᠎ᠠ ᠰᠣᠷᠣᠭᠴᠢᠳ ᠤᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠵᠢᠴᠢ ᠳᠠᠩᠰᠠᠯᠠᠯᠲᠠ ᠶᠢᠨ ᠠᠵᠢᠯ ᠢ ᠬᠠᠷᠢᠭᠤᠴᠠᠨ ᠵᠣᠬᠢᠴᠠᠭᠤᠯᠤᠨ᠎ᠠ︔ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠡᠷᠦᠬᠡ ᠠᠮᠠ ᠶᠢ ᠴᠡᠭᠴᠡᠯᠡᠬᠦ ᠠᠵᠢᠯ ᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠮᠡᠳᠡᠭᠡ ᠵᠠᠩᠭᠢ ᠬᠢᠭᠡᠳ ᠡᠷᠦᠬᠡ ᠠᠮᠠ ᠶᠢᠨ ᠵᠠᠰᠠᠭ ᠵᠠᠬᠢᠷᠠᠭᠠᠨ ᠤ ᠲᠡᠮᠳᠡᠭᠯᠡᠯ ᠢ ᠬᠠᠷᠢᠴᠠᠭᠤᠯᠬᠤ ᠠᠵᠢᠯ ᠢ ᠬᠠᠮᠵᠢᠯᠴᠠᠨ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠱᠠᠲᠤ ᠦᠶ᠎ᠡ ᠶᠢᠨ ᠬᠠᠮᠢᠶ᠎ᠠ ᠪᠦᠬᠦᠢ ᠠᠵᠢᠯ ᠳᠤ ᠬᠠᠮᠵᠢᠯᠴᠠᠨ᠎ᠠ︔ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠲᠠᠯ᠎ᠠ ᠪᠠᠷ ᠬᠢ ᠵᠣᠬᠢᠴᠠᠭᠤᠯᠤᠨ ᠬᠠᠮᠵᠢᠯᠴᠠᠬᠤ ᠠᠵᠢᠯ ᠢ ᠬᠠᠷᠢᠭᠤᠴᠠᠵᠤ᠂ ᠦᠬᠦᠭᠰᠡᠨ ᠬᠥᠮᠦᠨ ᠠᠮᠠ ᠶᠢᠨ ᠣᠷᠣᠰᠢᠭᠤᠯᠭ᠎ᠠ ᠶᠢᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠲᠡᠮᠳᠡᠭᠯᠡᠯ ᠢ ᠬᠠᠪᠰᠤᠷᠤᠨ ᠬᠠᠩᠭᠠᠨ᠎ᠠ︔ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠵᠣᠬᠢᠴᠠᠭᠤᠯᠤᠨ ᠪᠠᠲᠤᠯᠠᠬᠤ ᠠᠵᠢᠯ ᠢ ᠬᠠᠷᠢᠭᠤᠴᠠᠨ᠎ᠠ︔ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠨᠡᠶᠢᠳᠡᠮ ᠪᠠᠶᠢᠴᠠᠭᠠᠯᠲᠠ ᠶᠢᠨ ᠵᠢᠷᠤᠭ ᠲᠦᠰᠥᠪᠯᠡᠬᠦ ᠳᠤ ᠬᠡᠷᠡᠭᠰᠡᠬᠦ ᠭᠠᠵᠠᠷ ᠵᠦᠶ ᠶᠢᠨ ᠮᠡᠳᠡᠭᠡ ᠵᠠᠩᠭᠢ ᠶᠢᠨ ᠮᠠᠲ᠋ᠧᠷᠢᠶᠠᠯ ᠢ ᠵᠣᠬᠢᠴᠠᠭᠤᠯᠤᠨ ᠪᠠᠲᠤᠯᠠᠬᠤ ᠠᠵᠢᠯ ᠢ ᠬᠠᠷᠢᠭᠤᠴᠠᠨ᠎ᠠ︔ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠤᠲᠠ ᠶᠢᠨ ᠬᠠᠮᠢᠶᠠᠷᠤᠯᠲᠠ᠂ ᠠᠳᠠᠯ ᠠᠬᠤᠢ ᠵᠡᠷᠭᠡ ᠰᠠᠯᠠᠭ᠎ᠠ ᠮᠥᠴᠢᠷ ᠤᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠱᠠᠲᠤ ᠦᠶ᠎ᠡ ᠶᠢᠨ ᠬᠠᠮᠢᠶ᠎ᠠ ᠪᠦᠬᠦᠢ ᠠᠵᠢᠯ ᠳᠤ ᠬᠠᠮᠵᠢᠯᠴᠠᠬᠤ ᠶᠢ ᠬᠠᠷᠢᠭᠤᠴᠠᠨ᠎ᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠳᠤ ᠠᠰᠢᠭᠲᠠᠶ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠵᠢᠴᠢ ᠨᠡᠶᠢᠳᠡᠮ ᠪᠠᠶᠢᠴᠠᠭᠠᠯᠲᠠ ᠶᠢᠨ ᠳᠠᠩᠰᠠᠯᠠᠭᠰᠠᠨ ᠮᠡᠳᠡᠭᠡ ᠵᠠᠩᠭᠢ ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠲᠡᠮᠳᠡᠭᠯᠡᠯ ᠤᠨ ᠬᠠᠷᠢᠴᠠᠭᠤᠯᠬᠤ ᠠᠵᠢᠯ ᠢ ᠬᠠᠷᠢᠭᠤᠴᠠᠨ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠱᠠᠲᠤ ᠦᠶ᠎ᠡ ᠶᠢᠨ ᠬᠠᠮᠢᠶ᠎ᠠ ᠪᠦᠬᠦᠢ ᠠᠵᠢᠯ ᠳᠤ ᠬᠠᠮᠵᠢᠯᠴᠠᠨ᠎ᠠ᠃ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠨᠢᠭᠡᠴᠡ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠵᠣᠬᠢᠴᠠᠭᠤᠯᠬᠤ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠪᠠ ᠤᠬᠠᠭᠤᠯᠤᠨ ᠳᠠᠶᠢᠴᠢᠯᠠᠬᠤ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃      ︵ᠭᠤᠷᠪᠠ︶ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠵᠣᠬᠢᠶᠠᠨ ᠪᠠᠶᠢᠭᠤᠯᠤᠨ᠎ᠠ᠃ ᠬᠤᠰᠢᠭᠤ ᠰᠢᠶᠠᠨ ᠤ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠤᠯᠪᠣᠭᠳᠠᠯ ᠪᠦᠬᠦᠢ ᠨᠢᠭᠡᠴᠡ ᠠᠴᠠ ᠨᠥᠬᠦᠴᠡᠯ ᠳᠤ ᠨᠡᠶᠢᠴᠡᠭᠰᠡᠨ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠶᠢ ᠤᠷᠢᠨ ᠬᠡᠷᠡᠭᠯᠡᠬᠦ ᠪᠣᠶᠣ ᠵᠢᠭᠡᠯᠡᠨ ᠠᠵᠢᠯᠯᠠᠭᠤᠯᠵᠣ ᠪᠣᠯᠣᠨ᠎ᠠ᠃ ᠨᠡᠶᠢᠳᠡᠮ ᠪᠠᠶᠢᠴᠠᠭᠠᠯᠲᠠ ᠶᠢᠨ ᠲᠣᠭᠤᠷᠢᠭ ᠨᠢᠭᠡᠪᠦᠷᠢ ᠳᠤ ᠠᠳᠠᠭ ᠲᠠᠭᠠᠨ 1 ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠲᠣᠬᠢᠷᠠᠭᠤᠯᠵᠤ᠂ ᠨᠡᠶᠢᠳᠡᠮ ᠪᠠᠶᠢᠴᠠᠭᠠᠭᠴᠢ ᠶᠢᠨ ᠠᠵᠢᠯ ᠢ ᠲᠣᠬᠢᠷᠠᠭᠤᠯᠬᠤ᠂ ᠵᠢᠯᠣᠭᠤᠳᠬᠤ᠂ ᠰᠢᠮᠳᠠᠭᠤᠯᠬᠤ ᠪᠠ ᠪᠠᠶᠢᠴᠠᠭᠠᠬᠤ ᠶᠢ ᠬᠠᠷᠢᠭᠤᠴᠠᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠪᠠᠭ᠎ᠠ ᠲᠣᠭᠤᠷᠢᠭ ᠨᠢᠭᠡᠪᠦᠷᠢ ᠳᠤ ᠠᠳᠠᠭ ᠲᠠᠭᠠᠨ 1 ᠨᠡᠶᠢᠳᠡᠮ ᠪᠠᠶᠢᠴᠠᠭᠠᠭᠴᠢ ᠲᠣᠬᠢᠷᠠᠭᠤᠯᠵᠤ᠂ ᠡᠷᠦᠬᠡ ᠳᠤ ᠬᠦᠷᠴᠦ ᠳᠠᠩᠰᠠᠯᠠᠬᠤ ᠵᠡᠷᠭᠡ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ᠃ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠶᠢ ᠲᠥᠷᠥ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠵᠢᠭᠡᠯᠡᠨ ᠠᠵᠢᠯᠯᠠᠭᠤᠯᠵᠤ ᠪᠣᠯᠬᠤ ᠪᠥᠭᠡᠳ ᠲᠣᠰᠬᠤᠨ ︵ᠰᠠᠭᠤᠭᠠᠯᠢ ᠠᠷᠠᠳ︶ ᠤ ᠵᠥᠪᠯᠡᠯ ᠪᠤᠶᠤ ᠨᠡᠶᠢᠭᠡᠮ ᠠᠴᠠ ᠤᠷᠢᠨ ᠬᠡᠷᠡᠭᠯᠡᠭᠰᠡᠨ ᠴᠦ ᠪᠣᠯᠤᠨ᠎ᠠ᠃ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠶᠢ ᠵᠢᠭᠡᠯᠡᠨ ᠠᠵᠢᠯᠯᠠᠭᠤᠯᠬᠤ ᠪᠠ ᠤᠷᠢᠨ ᠬᠡᠷᠡᠭᠯᠡᠬᠦ ᠠᠵᠢᠯ ᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠃      ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠩᠨᠡᠭᠡ ᠶᠢ ᠲᠣᠭᠲᠠᠭᠤᠨ ᠪᠠᠶᠢᠯᠭᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠤᠷᠢᠨ ᠬᠡᠷᠡᠭᠯᠡᠬᠦ ᠠᠵᠢᠯᠲᠠᠨ ᠤ ᠬᠦᠳᠡᠯᠮᠦᠷᠢ ᠶᠢᠨ ᠬᠥᠯᠥᠰᠥ ᠣᠯᠭᠤᠮᠵᠢ ᠶᠢ ᠴᠠᠭ ᠲᠤᠬᠠᠶ ᠳᠤᠨᠢ ᠥᠭᠴᠦ᠂ ᠵᠢᠭᠡᠯᠡᠨ ᠠᠵᠢᠯᠯᠠᠭᠤᠯᠣᠭᠰᠠᠨ ᠠᠵᠢᠯᠲᠠᠨ ᠤ ᠤᠤᠯ ᠤᠨ ᠨᠢᠭᠡᠴᠡ ᠳᠠᠬᠢ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠨᠢ ᠬᠤᠪᠢᠷᠠᠭᠤᠯᠬᠤ ᠦᠭᠡᠶ ᠪᠠᠶᠢᠬᠤ ᠶᠢ ᠪᠠᠲᠤᠯᠠᠬᠤ ᠶᠢᠨ ᠬᠠᠮᠲᠤ ᠤᠤᠯ ᠤᠨ ᠪᠠᠶᠢᠭᠰᠠᠨ ᠠᠵᠢᠯ ᠤᠨ ᠪᠠᠶᠢᠷᠢ ᠶᠢ ᠨᠢ ᠦᠯᠡᠳᠡᠭᠡᠭᠰᠡᠨ ᠪᠠᠶᠢᠬᠤ ᠬᠡᠷᠡᠭᠲᠡᠶ᠃ ᠤᠷᠢᠵᠤ ᠬᠡᠷᠡᠭᠯᠡᠭᠰᠡᠨ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠶᠢᠨ ᠬᠥᠳᠡᠯᠮᠦᠷᠢ ᠶᠢᠨ ᠬᠥᠯᠥᠰᠥ ᠣᠯᠭᠤᠮᠵᠢ ᠶᠢ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠳᠣᠲᠣᠷ᠎ᠠ ᠠᠴᠠ ᠲᠣᠬᠢᠷᠠᠭᠤᠯᠵᠤ᠂ ᠤᠷᠢᠨ ᠬᠡᠷᠡᠭᠯᠡᠭᠰᠡᠨ ᠨᠢᠭᠡᠴᠡ ᠠᠴᠠ ᠣᠯᠭᠤᠨ᠎ᠠ᠃      ᠳᠥᠷᠪᠡᠨ᠂ ᠵᠠᠷᠤᠳᠠᠯ ᠤᠨ ᠪᠠᠲᠤᠯᠠᠭ᠎ᠠ      ᠲᠥᠷᠥ ᠲᠠᠷᠬᠠᠭᠠᠭᠰᠠᠨ〔2019〕24 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠲᠥᠪ ᠤᠨ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠲᠤᠪᠠᠷ ᠡᠭᠦᠷᠭᠡᠯᠡᠨ᠎ᠡ᠃ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠣᠨ ᠤ ᠲᠥᠰᠦᠪ ᠲᠡᠭᠡᠨ ᠣᠷᠣᠭᠤᠯᠵᠤ᠂ ᠭᠦᠢᠴᠡᠳ ᠲᠤᠭ᠎ᠠ ᠪᠠᠷ ᠰᠠᠯᠭᠠᠨ ᠥᠭᠴᠦ᠂ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠲᠠ᠂ ᠬᠤᠰᠢᠭᠤ᠂ ᠰᠢᠶᠠᠨ᠂ ᠲᠣᠭᠤᠷᠢᠭ ᠪᠣᠯᠤᠨ ᠨᠡᠭᠡᠭᠡᠯᠲᠡ ᠶᠢᠨ ᠲᠣᠭᠤᠷᠢᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ᠂ ᠨᠡᠶᠢᠳᠡᠮ ᠪᠠᠶᠢᠴᠠᠭᠠᠭᠴᠢ ᠶᠢᠨ ᠬᠦᠳᠡᠯᠮᠦᠷᠢ ᠶᠢᠨ ᠬᠥᠯᠥᠰᠥ ᠣᠯᠭᠤᠮᠵᠢ ᠵᠢᠴᠢ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ᠂ ᠨᠡᠶᠢᠳᠡᠮ ᠪᠠᠶᠢᠴᠠᠭᠠᠭᠴᠢ ᠶᠢᠨ ᠬᠤᠪᠢ ᠬᠥᠮᠦᠨ ᠤ ᠣᠶᠤᠨᠯᠢᠭ ᠭᠠᠷ ᠤᠲᠠᠰᠤ ᠪᠠᠷ ᠲᠤᠭ᠎ᠠ ᠪᠠᠷᠢᠮᠲᠠ ᠴᠤᠭᠯᠠᠭᠤᠯᠤᠭᠰᠠᠨ ᠭᠠᠷ ᠤᠲᠠᠰᠤᠨ ᠤ ᠬᠡᠷᠡᠭᠯᠡᠯᠲᠡ ᠶᠢᠨ ᠨᠥᠬᠦᠪᠥᠷᠢ ᠶᠢ ᠭᠤᠤᠯᠳᠠᠯᠭ᠎ᠠ ᠲᠠᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠭᠠᠵᠠᠷ ᠣᠷᠣᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠠᠰᠠᠭᠤᠳᠠᠯ ᠠᠴᠠ ᠪᠣᠯᠵᠤ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠪᠠ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠨᠦᠯᠦᠭᠡᠯᠡᠵᠦ ᠪᠣᠯᠬᠤ ᠦᠭᠡᠢ᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠶᠢ ᠪᠠᠷᠢᠮᠲᠠᠯᠠᠬᠤ ᠬᠡᠷᠡᠭᠲᠡᠶ᠃ ᠡᠯ᠎ᠡ ᠬᠤᠰᠢᠭᠤ᠂ ᠰᠢᠶᠠᠨ᠂ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠣᠮᠳᠠᠳᠣ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢᠨ ᠬᠡᠷᠡᠭᠵᠢᠭᠦᠯᠬᠦ ᠳᠦᠷᠢᠮ︾᠂ ︽ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠨᠡᠶᠢᠳᠡᠮ ᠪᠠᠶᠢᠴᠠᠭᠠᠯᠲᠠ ᠳᠤ ᠣᠯᠤᠭᠰᠠᠨ ᠲᠤᠭ᠎ᠠ ᠪᠠᠷᠢᠮᠲᠠ ᠶᠢ ᠨᠡᠶᠢᠳᠡᠮ ᠪᠠᠶᠢᠴᠠᠭᠠᠯᠲᠠ ᠶᠢᠨ ᠵᠣᠷᠢᠯᠭ᠎ᠠ ᠳᠤ ᠬᠡᠷᠡᠭᠯᠡᠬᠦ ᠶᠢ ᠴᠢᠩᠭ᠎ᠠ ᠬᠢᠵᠠᠭᠠᠷᠯᠠᠨ ᠲᠣᠭᠲᠠᠭᠠᠵᠤ᠂ ᠶᠠᠮᠠᠷᠪᠠ ᠰᠠᠯᠠᠭ᠎ᠠ ᠮᠥᠴᠢᠷ ᠪᠣᠯᠣᠨ ᠨᠢᠭᠡᠴᠡ ᠶᠢᠨ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠢᠨᠠᠨ ᠰᠢᠯᠭᠠᠬᠤ᠂ ᠱᠠᠩᠨᠠᠵᠤ ᠲᠣᠷᠭᠠᠬᠤ ᠶᠢᠨ ᠦᠨᠳᠦᠰᠦᠯᠡᠯ ᠪᠣᠯᠭᠠᠵᠤ ᠪᠣᠯᠬᠤ ᠦᠭᠡᠶ᠃ ᠨᠡᠶᠢᠳᠡᠮ ᠪᠠᠶᠢᠴᠠᠭᠠᠯᠲᠠ ᠶᠢᠨ ᠳᠤᠮᠳᠠ ᠣᠯᠤᠭᠰᠠᠨ ᠭᠠᠭᠴᠠ ᠨᠢᠭᠡ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠪᠡᠶ᠎ᠡ ᠭᠠᠷᠤᠯ ᠢ ᠢᠯᠭᠠᠨ ᠲᠠᠨᠢᠬᠤ ᠪᠤᠶᠤ ᠮᠠᠭᠠᠳᠯᠠᠵᠤ ᠳᠡᠶᠢᠯᠬᠦ ᠮᠠᠲ᠋ᠧᠷᠢᠶᠠᠯ ᠢ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠰᠢᠢᠳᠬᠡᠨ ᠲᠣᠷᠭᠠᠬᠤ ᠵᠡᠷᠭᠡ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠶ᠃      ︵ᠬᠤᠶᠠᠷ︶ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠣᠯᠠᠬᠤ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠮᠦᠷᠳᠡᠬᠦ ᠪᠠ ᠬᠠᠷᠢᠭᠤᠴᠠᠯᠭ᠎ᠠ ᠨᠡᠬᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠᠬᠢ ᠰᠠᠬᠢᠯᠭ᠎ᠠ ᠪᠠᠲᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠪᠠ ᠵᠠᠷᠯᠠᠨ ᠢᠯᠡᠴᠢᠯᠡᠬᠦ ᠡᠷᠴᠢᠮ ᠢᠶᠠᠨ ᠨᠡᠮᠡᠭᠳᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠷᠢᠭᠤᠳᠠ ᠬᠠᠷᠰᠢᠯᠠᠬᠤ ᠦᠵᠡᠭᠳᠡᠯ ᠭᠠᠷᠬᠤ ᠶᠢ ᠡᠷᠡᠰ ᠬᠤᠷᠢᠭᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠪᠠ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠃ ᠨᠡᠶᠢᠳᠡᠮ ᠪᠠᠶᠢᠴᠠᠭᠠᠯᠲᠠ ᠶᠢᠨ ᠳᠤᠮᠳᠠ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠬᠡᠯ ᠥᠭᠭᠦᠪᠡᠰᠦ ᠵᠣᠬᠢᠬᠤ ᠪᠤᠶᠤ ᠵᠣᠬᠢᠶᠠᠨ ᠪᠠᠶᠢᠭᠤᠯᠣᠯᠲᠠ ᠠᠴᠠ ᠰᠢᠢᠳᠪᠦᠷᠢᠯᠡᠪᠡᠰᠦ ᠵᠣᠬᠢᠬᠤ ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠠᠴᠠ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠭᠴᠢ ᠶᠢ ᠣᠯᠵᠤ ᠮᠡᠳᠡᠪᠡᠯ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠲᠣᠭᠲᠠᠭᠠᠯ ᠶᠣᠰᠣᠭᠠᠷ ᠰᠢᠢᠳᠬᠡᠯ ᠥᠭᠴᠦ ᠰᠢᠢᠳᠪᠦᠷᠢᠯᠡᠬᠦ ᠰᠠᠨᠠᠭᠤᠯᠭ᠎ᠠ ᠳᠤᠷᠠᠳᠬᠤ ᠶᠢᠨ ᠬᠠᠮᠲᠤ ᠲᠣᠮᠢᠯᠠᠵᠤ ᠪᠠᠭᠤᠯᠭᠠᠬᠤ ᠪᠠᠶᠢᠭᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠵᠣᠬᠢᠶᠠᠨ ᠪᠠᠶᠢᠭᠤᠯᠤᠯᠲᠠ ︵ᠠᠵᠢᠯᠲᠠᠨ ᠤ ᠬᠠᠮᠢᠶᠠᠷᠣᠯᠲᠠ︶ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠰᠢᠯᠵᠢᠭᠦᠯᠦᠨ ᠬᠦᠷᠭᠡᠬᠦ ᠬᠡᠷᠡᠭᠲᠡᠶ᠃      ︵ᠭᠤᠷᠪᠠ︶ ᠮᠡᠳᠡᠭᠡ ᠵᠠᠩᠭᠢᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠨᠢ ᠡᠯᠧᠺᠲᠷᠣᠨᠴᠢᠯᠠᠭᠰᠠᠨ ᠠᠷᠭ᠎ᠠ ᠮᠠᠶ᠋ᠢᠭ ᠢ ᠬᠡᠷᠡᠭᠯᠡᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠯ ᠢ ᠥᠷᠨᠢᠭᠦᠯᠵᠦ᠂ ᠡᠯᠧᠺᠲᠷᠣᠨ ᠮᠡᠳᠡᠭᠡ ᠵᠠᠩᠭᠢ ᠴᠤᠭᠯᠠᠭᠤᠯᠬᠤ ᠲᠥᠬᠦᠭᠡᠷᠦᠮᠵᠢ ︵PAD︶ ᠪᠤᠶᠤ ᠨᠡᠶᠢᠳᠡᠮ ᠪᠠᠶᠢᠴᠠᠭᠠᠭᠴᠢ ᠬᠤᠪᠢ ᠬᠥᠮᠦᠨ ᠤ ᠨᠡᠷ᠎ᠡ ᠪᠠᠷ ᠭᠡᠷᠡᠴᠢᠯᠡᠭᠰᠡᠨ ᠣᠶᠣᠨᠯᠢᠭ ᠭᠠᠷ ᠤᠲᠠᠰᠤ ᠶᠢᠨ ᠳᠠᠩᠰᠠᠯᠠᠯ ᠢᠶᠠᠷ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠪᠤᠶᠤ ᠨᠡᠶᠢᠳᠡᠮ ᠪᠠᠶᠢᠴᠠᠭᠠᠯᠲᠠ ᠶᠢᠨ ᠡᠲᠡᠭᠡᠳ ᠨᠢ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠥᠪᠡᠷᠲᠡᠭᠡᠨ ᠲᠠᠭᠯᠠᠨ ᠮᠡᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠲᠡᠮᠳᠡᠭᠯᠡᠯ ᠢ ᠥᠷᠭᠡᠨ ᠢᠶᠠᠷ ᠬᠡᠷᠡᠭᠯᠡᠵᠦ᠂ ᠲᠣᠮᠣ ᠳ᠋ᠠᠶᠢᠲ᠋ᠠ ᠶᠢᠨ  ᠨᠡᠶᠢᠳᠡᠮ ᠪᠠᠶᠢᠴᠠᠭᠠᠯᠲᠠ ᠳᠠᠬᠢ ᠬᠡᠷᠡᠭᠯᠡᠯᠲᠡ ᠶᠢ ᠲᠦᠯᠬᠢᠨ ᠠᠬᠢᠭᠤᠯᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠤᠨ ᠰᠢᠢᠳᠪᠦᠷᠢᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠢᠷᠭᠡᠳ ᠤᠨ ᠬᠤᠪᠢ ᠬᠥᠮᠦᠨ ᠤ ᠮᠡᠳᠡᠭᠡ ᠵᠠᠩᠭᠢ ᠶᠢᠨ ᠪᠦᠬᠦ ᠶᠠᠪᠤᠴᠠ ᠶᠢᠨ ᠬᠠᠮᠠᠭᠠᠯᠠᠯᠲᠠ ᠶᠢ ᠴᠢᠩᠭᠠᠳᠬᠠᠨ᠂ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠨ ᠡᠷᠬᠡᠪᠰᠢ ᠨᠢᠭᠤᠴᠠ ᠶᠢ ᠬᠠᠮᠠᠭᠠᠯᠠᠬᠤ ᠡᠭᠦᠷᠭᠡ ᠪᠠᠨ ᠴᠢᠩᠭ᠎ᠠ ᠭᠦᠢᠴᠡᠳᠬᠡᠵᠦ᠂ ᠶᠠᠮᠠᠷᠪᠠ ᠪᠠᠶᠢᠭᠤᠯᠤᠮᠵᠢ᠂ ᠨᠢᠭᠡᠴᠡ᠂ ᠬᠤᠪᠢ ᠬᠥᠮᠦᠨ ᠳᠤ ᠢᠷᠭᠡᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠬᠤ ᠪᠤᠶᠤ ᠬᠤᠳᠠᠯᠳᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃      ︵ᠳᠥᠷᠪᠡᠨ︶ ᠤᠬᠠᠭᠤᠯᠭ᠎ᠠ ᠶᠢᠨ ᠠᠵᠢᠯ ᠢ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠤᠬᠠᠭᠤᠯᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠲᠥᠰᠥᠪᠯᠡᠬᠦ ᠪᠠ ᠵᠣᠬᠢᠶᠠᠨ ᠪᠠᠶᠢᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠣᠯᠠᠨ ᠵᠦᠢᠯ ᠤᠨ ᠠᠷᠭ᠎ᠠ ᠪᠠᠷᠢᠯ ᠢ ᠠᠪᠴᠤ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ ᠥᠷᠭᠡᠨ ᠳᠡᠯᠭᠡᠷ ᠭᠦᠨᠵᠡᠭᠡᠶ ᠤᠬᠠᠭᠤᠯᠵᠤ᠂ ᠥᠷᠭᠡᠨ ᠣᠯᠠᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠬᠥᠲᠥᠯᠥᠨ ᠵᠢᠯᠣᠭᠤᠳᠴᠤ ᠨᠡᠶᠢᠳᠡᠮ ᠪᠠᠶᠢᠴᠠᠭᠠᠯᠲᠠ ᠳᠤ ᠬᠠᠤᠯᠢ ᠶᠣᠰᠣᠭᠠᠷ ᠬᠠᠮᠵᠢᠯᠴᠠᠭᠤᠯᠵᠤ᠂ ᠨᠡᠶᠢᠳᠡᠮ ᠪᠠᠶᠢᠴᠠᠭᠠᠯᠲᠠ ᠶᠢᠨ ᠲᠥᠷᠥᠯ ᠵᠦᠢᠯ ᠢ ᠦᠨᠡᠨ ᠪᠣᠳᠠᠲᠠᠶ ᠪᠠᠷ ᠮᠡᠳᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠣᠶ ᠪᠣᠯᠭᠠᠵᠣ ᠥᠭᠬᠦ ᠬᠡᠷᠡᠭᠲᠡᠶ᠃      ᠳᠠᠭᠠᠯᠳᠣᠭᠤᠯᠣᠯ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠣᠯᠣᠳᠤᠭᠠᠷ ᠤᠳᠠᠭᠠᠨ ᠤ ᠪᠦᠬᠦ ᠣᠯᠣᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠬᠡᠰᠢᠭᠦᠨ ᠤ ᠨᠡᠷᠡᠰ      ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠣᠯᠣᠳᠤᠭᠠᠷ ᠤᠳᠠᠭᠠᠨ ᠤ ᠪᠦᠬᠦ ᠣᠯᠣᠰ ᠤᠨ      ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠬᠡᠰᠢᠭᠦᠨ ᠤ ᠨᠡᠷᠡᠰ      ᠳᠤᠭᠤᠶᠢᠯᠠᠩ ᠤᠨ ᠳᠠᠷᠤᠭ᠎ᠠ᠄      ᠯᠢᠦ ᠸᠧᠨ ᠢᠦᠢ   ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄      ᠲᠢᠶᠠᠨ ᠢᠦᠢ   ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ      ᠰᠦᠨ ᠳ᠋ᠧ   ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ      ᠬᠤᠣ ᠰᠢᠦ ᠯᠢ   ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠬᠡᠯᠲᠡᠰ ᠤᠨ ᠳᠠᠷᠤᠭ᠎ᠠ      ᠰᠤ᠋ ᠸᠠᠨ ᠴᠧᠩ   ᠬᠤᠲᠠ ᠶᠢᠨ ᠳᠣᠲᠣᠭᠠᠳᠣ ᠶᠢ ᠬᠠᠮᠠᠭᠠᠯᠠᠬᠤ ᠲᠤᠪᠴᠢᠶᠠᠨ ᠤ ᠤᠯᠤᠰ ᠲᠦᠷᠥ ᠶᠢᠨ ᠬᠡᠯᠲᠡᠰ ᠤᠨ ᠡᠷᠬᠢᠯᠡᠭᠴᠢ      ᠸᠠᠩ ᠸᠠᠩ ᠱᠧᠩ   ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ      ᠭᠡᠰᠢᠭᠦᠨ᠄      ᠱᠧᠨ ᠰᠢ ᠵᠢᠶᠦ᠋ᠨ   ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠳᠡᠳ᠋ ᠡᠷᠬᠢᠯᠡᠭᠴᠢ      ᠭᠤᠤ ᠬᠠᠨ   ᠬᠤᠲᠠ ᠶᠢᠨ ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠪᠠᠶᠢᠴᠠᠭᠠᠨ ᠰᠣᠳᠣᠯᠣᠭᠴᠢ      ᠭᠦᠸᠧ ᠯᠢ   ᠬᠤᠲᠠ ᠶᠢᠨ ᠰᠤᠷᠭᠠᠨ ᠬᠦᠮᠦᠵᠢᠯ ᠤᠨ ᠲᠣᠪᠴᠢᠶ᠎ᠠ ᠶᠢᠨ ᠶᠡᠷᠦᠩᠬᠡᠢ ᠬᠢᠨᠠᠨ ᠪᠠᠶᠢᠴᠠᠭᠠᠭᠴᠢ      ᠵᠧᠨ ᠵᠢᠶᠠᠨ ᠵᠢᠶᠦ᠋ᠨ   ᠬᠤᠲᠠ ᠶᠢᠨ ᠠᠵᠣ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ      ᠡᠷᠳᠡᠨᠢ   ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠡᠳ᠋ ᠡᠷᠬᠢᠯᠡᠭᠴᠢ      ᡁᠢ ᠮᠢᠩ   ᠬᠤᠲᠠ ᠶᠢᠨ ᠠᠷᠠᠳ ᠤᠨ ᠶᠠᠪᠣᠳᠠᠯ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ      ᠵᠠᠩ ᠫᠧᠩ ᠹᠸᠢ   ᠬᠤᠲᠠ ᠶᠢᠨ ᠬᠠᠣᠯᠢ ᠴᠠᠭᠠᠵᠠ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ      ᠯᠢ ᠳ᠋ᠦᠩ   ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ      ᠯᠠᠨ ᠵᠢᠶᠦ᠋ᠨ   ᠬᠤᠲᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ      ᠰᠢᠶᠧ ᠾᠧ ᠫᠢᠩ   ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ      ᠴᠧᠩ ᠵᠦᠩ ᠵᠦᠩ   ᠬᠤᠲᠠ ᠶᠢᠨ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ      ᠶᠦᠨ ᠭᠦᠸᠧ ᠰᠢᠶᠠᠨ   ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ        ᠱᠢ ᠲᠣᠤ   ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠪᠠᠶᠢᠴᠠᠭᠠᠨ ᠰᠣᠳᠣᠯᠣᠭᠴᠢ      ᠯᠢ ᠭᠦᠩ ᠭᠧ   ᠬᠤᠲᠠ ᠶᠢᠨ ᠭᠠᠳᠠᠭᠠᠳᠣ ᠶᠠᠪᠣᠳᠠᠯ ᠤᠨ ᠠᠯᠪᠠᠨ ᠭᠡᠷ ᠤᠨ ᠳᠡᠳ᠋ ᠡᠷᠬᠢᠯᠡᠭᠴᠢ      ᠰᠦᠨ ᠲᠣᠤ   ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ      ᠯᠢ ᠹᠧᠩ ᠰᠢᠶᠠᠨ   ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ      ᠵᠠᠩ ᠵᠢᠶᠦ᠋ᠨ ᠶᠣᠣ   ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ      ᠯᠢ ᠴᠢᠶᠠᠩ    ᠬᠤᠲᠠ ᠶᠢᠨ ᠬᠤᠲᠠ ᠶᠢᠨ ᠬᠠᠮᠢᠶᠠᠷᠣᠯᠲᠠ ᠶᠢᠨ ᠬᠠᠣᠯᠢ ᠬᠡᠷᠡᠭᠵᠢᠭᠦᠯᠬᠦ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ      ᠷᠧᠨ ᠵᠢᠶᠠᠨ ᠫᠢᠩ   ᠬᠤᠲᠠ ᠶᠢᠨ ᠪᠠᠶᠢᠭᠤᠯᠭ᠎ᠠ ᠶᠢᠨ ᠶᠠᠪᠣᠳᠠᠯ ᠤᠨ ᠬᠠᠮᠢᠶᠠᠷᠣᠯᠲᠠ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ      ᠸᠠᠨ ᠠᠢ ᠪᠢᠨ   ᠬᠦᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠤᠯᠤᠰ ᠲᠦᠷᠥ ᠶᠢᠨ ᠠᠵᠢᠯ ᠤᠨ ᠭᠠᠵᠠᠷ ᠤᠨ ᠡᠷᠬᠢᠯᠡᠭᠴᠢ      ᠯᠢ ᠵᠢᠶᠠᠨ ᠴᠢᠶᠠᠩ   ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠶᠢᠨ ᠬᠦᠬᠡᠬᠤᠲᠠ ᠶᠢᠨ ᠰᠠᠯᠪᠣᠷᠢ ᠠᠩᠭᠢ ᠶᠢᠨ ᠤᠯᠤᠰ ᠲᠦᠷᠥ ᠶᠢᠨ ᠠᠵᠢᠯ ᠤᠨ ᠬᠡᠯᠲᠡᠰ ᠤᠨ ᠳᠡᠳ᠋ ᠡᠷᠬᠢᠯᠡᠭᠴᠢ      
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号