ᠪᠥᠬᠦ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠡᠴᠡ‌ᠬᠠᠯᠳᠠᠪᠤᠷᠢᠯᠠᠭᠰᠠᠨ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡ ᠮᠥᠩᠭᠦ ᠪᠠ ᠬᠠᠨᠳᠢᠪᠯᠠᠭᠰᠠᠨ ᠵᠣᠭᠤᠰ ᠮᠥᠩᠭᠦ ᠡᠳ᠋ ᠪᠣᠳᠠᠰ ᠢ ᠬᠠᠮᠢᠶᠠᠷᠴᠤ ᠬᠢᠨᠠᠨ ᠪᠣᠳᠤᠵᠤ ᠬᠢᠨᠠᠯᠲᠠ ᠲᠠᠯᠪᠢᠬᠤ ᠳᠤ ᠬᠠᠮᠵᠢᠯᠴᠠᠬᠤ ᠶᠢ ᠰᠠᠶᠢᠲᠤᠷ ᠬᠢᠬᠦ ᠲᠤᠬᠠᠢ ᠬᠦᠬᠡᠬᠤᠲᠠ ᠶᠢᠨ ᠬᠢᠨᠠᠨ ᠪᠣᠳᠤᠬᠤ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2020-06-01
             ᠬᠥᠬᠡᠬᠤᠲᠠ ᠬᠢᠨᠠᠨ ᠲᠠᠷᠬᠠᠭᠠᠭᠰᠠᠨ ︹ 2020 ︺ 2 ᠳ᠋ᠤᠭᠠᠷ ᠲᠣᠭᠠᠲᠤ              2020ᠣᠨ ᠤ 2 ᠳ᠋ᠤᠭᠠᠷ ᠰᠠᠷ᠎ᠠ ᠶᠢᠨ 17 ᠤ ᠡᠳᠦᠷ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠢᠨᠠᠨ ᠪᠤᠳᠤᠬᠤ ᠵᠠᠬᠢᠷᠭ᠎ᠠ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠠᠴᠠ ᠡᠯ᠎ᠡ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠯᠠ ᠮᠥᠩᠭᠦ ᠪᠠ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠲᠤ ᠲᠤᠰᠬᠠᠶ ᠵᠦᠢᠯ ᠤᠨ ᠬᠢᠨᠠᠨ ᠪᠤᠳᠤᠯᠲᠠ ᠥᠷᠨᠢᠭᠦᠯᠬᠦ ᠪᠠᠷ ᠲᠣᠭᠲᠠᠪᠠ᠃ ᠮᠠᠨ ᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠤᠨ ᠵᠠᠰᠠᠭ ᠤᠨ ᠪᠡᠯᠡ ᠮᠥᠩᠭᠦ ᠪᠠ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠤᠨ ᠬᠠᠮᠢᠶᠠᠷᠤᠯᠲᠠ ᠶᠢ ᠰᠠᠶᠢᠲᠤᠷ ᠬᠢᠵᠤ᠂ ᠬᠢᠨᠠᠨ ᠪᠣᠳᠣᠬᠤ ᠪᠠᠶᠢᠭᠤᠯᠭ᠎ᠠ ᠲᠠᠢ ᠬᠠᠮᠵᠢᠯᠴᠠᠨ ᠬᠢᠨᠠᠨ ᠪᠣᠳᠣᠵᠤ ᠬᠢᠨᠠᠯᠲᠠ ᠲᠠᠯᠪᠢᠬᠤ ᠠᠵᠢᠯ ᠢ ᠦᠷᠨᠢᠭᠦᠯᠬᠦ ᠶᠢᠨ ᠲᠤᠰᠠᠲᠠ᠂ ᠬᠤᠲᠠ ᠶᠢᠨ ᠤᠳᠤᠷᠢᠳᠤᠯᠭ᠎ᠠ ᠶᠢᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠶᠣᠰᠤᠭᠠᠷ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠯᠠ ᠮᠥᠩᠭᠦ ᠪᠠ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠤᠨ ᠬᠠᠮᠢᠶᠠᠷᠤᠯᠲᠠ ᠳᠤ ᠬᠤᠲᠠ ᠶᠢᠨ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠷᠠᠳ ᠤᠨ ᠶᠠᠪᠤᠳᠠᠯ᠂ ᠡᠮᠴᠢᠯᠡᠭᠡᠨ ᠤ ᠪᠠᠲᠤᠯᠠᠭ᠎ᠠ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠵᠡᠷᠭᠡ ᠰᠠᠯᠠᠭ᠎ᠠ ᠮᠥᠴᠢᠷ︔ ᠤᠯᠠᠭᠠᠨ ᠵᠠᠭᠠᠯᠮᠠᠢᠲᠠᠨ ᠤ ᠨᠡᠶᠢᠭᠡᠮᠯᠢᠭ᠂ ᠨᠢᠭᠦᠯᠡᠰᠦᠩᠭᠦᠶ ᠶᠢᠨ ᠶᠡᠷᠦᠩᠬᠡᠶ ᠡᠪᠯᠡᠯ ᠵᠡᠷᠭᠡ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠠᠴᠠ ᠲᠣᠭᠲᠠᠭᠠᠭᠰᠠᠨ ᠬᠢᠵᠢᠭ ᠤᠨ ᠪᠠᠶᠢᠳᠠᠯ ᠲᠠᠢ ᠲᠡᠮᠡᠴᠡᠬᠦ ᠨᠡᠶᠢᠭᠡᠮ ᠤᠨ ᠬᠠᠨᠳᠢᠪᠯᠠᠭᠰᠠᠨ ᠡᠳ᠋ ᠪᠣᠳᠠᠰ ᠢ ᠬᠦᠯᠢᠶᠡᠨ ᠠᠪᠬᠤ ᠨᠢᠭᠡᠴᠡ ᠪᠤᠶᠤ ᠪᠠᠶᠢᠭᠤᠯᠤᠮᠵᠢ ᠵᠢᠴᠢ ᠬᠢᠵᠢᠭ ᠤᠨ ᠪᠠᠶᠢᠳᠠᠯ ᠲᠠᠢ ᠲᠡᠮᠡᠴᠡᠬᠦ ᠢᠯᠡ ᠪᠠᠷ ᠬᠠᠨᠳᠢᠪ ᠴᠤᠭᠯᠠᠭᠤᠯᠬᠤ ᠪᠤᠰᠤᠳ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠪᠠᠭᠲᠠᠨ᠎ᠠ᠃ ᠡᠯ᠎ᠡ ᠬᠠᠮᠢᠶ᠎ᠠ ᠪᠦᠬᠦᠢ ᠨᠢᠭᠡᠴᠡ ᠰᠠᠯᠠᠭ᠎ᠠ ᠮᠥᠴᠢᠷ ᠤᠳ ᠳᠣᠤᠷᠠᠬᠢ ᠮᠡᠲᠦ ᠬᠡᠳᠦᠨ ᠲᠠᠯ᠎ᠠ ᠪᠠᠷ ᠤᠯᠤᠰ ᠤᠨ ᠡᠳ᠋ ᠤᠨ ᠵᠠᠰᠠᠭ ᠡᠳ᠋ ᠤᠨ ᠶᠠᠪᠤᠳᠠᠯ ᠤᠨ ᠬᠠᠤᠯᠢ  ᠴᠠᠭᠠᠵᠠ ᠳᠦᠷᠢᠮ ᠲᠣᠭᠲᠠᠭᠠᠯ ᠶᠣᠰᠣᠭᠠᠷ᠂ ᠣᠷᠣᠯᠭ᠎ᠠ᠂ ᠵᠠᠷᠤᠯᠭ᠎ᠠ᠂ ᠬᠤᠪᠢᠶᠠᠷᠢᠯᠠᠯᠲᠠ᠂ ᠬᠡᠷᠡᠭᠯᠡᠯᠲᠡ ᠵᠡᠷᠭᠡ ᠵᠠᠩᠭᠢᠯᠠᠭ᠎ᠠ ᠶᠢᠨ ᠬᠠᠮᠢᠶᠠᠷᠤᠯᠲᠠ ᠶᠢ ᠰᠠᠶᠢᠲᠤᠷ ᠬᠢᠬᠦ ᠶᠢᠨ ᠬᠠᠮᠲᠤ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠬᠠᠮᠲᠤ ᠳᠤᠨᠢ ᠰᠠᠶᠢᠲᠤᠷ ᠬᠢᠬᠦ ᠬᠡᠷᠡᠭᠲᠡᠶ᠃      ᠨᠢᠭᠡ᠂ ᠡᠳ᠋ ᠤᠨ ᠵᠠᠰᠠᠭ ᠤᠨ ᠲᠤᠰᠬᠠᠶ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠠᠯ᠎ᠠ ᠪᠠᠷ      ᠨᠢᠭᠡ ᠳᠤ᠂ ᠡᠳ᠋ ᠤᠨ ᠵᠠᠰᠠᠭ ᠤᠨ ᠲᠤᠰᠬᠠᠶ ᠵᠦᠢᠯ ᠤᠨ ᠪᠡᠯᠡ ᠮᠥᠩᠭᠦ ᠶᠢ ᠬᠤᠪᠢᠶᠠᠷᠢᠯᠠᠨ ᠰᠠᠯᠭᠠᠵᠤ ᠥᠭᠭᠦᠭᠰᠡᠨ ᠪᠠᠶᠢᠳᠠᠯ᠃ ᠡᠳ᠋ ᠤᠨ ᠵᠠᠰᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠵᠦᠢᠯ ᠤᠨ ᠪᠡᠯᠡ ᠮᠥᠩᠭᠦ ᠶᠢᠨ ᠬᠡᠪᠴᠢᠶ᠎ᠡ᠂  ᠬᠤᠪᠢᠶᠠᠷᠢᠯᠠᠯᠲᠠ ᠪᠠ ᠰᠠᠯᠭᠠᠨ ᠥᠭᠬᠦ ᠠᠵᠢᠯ ᠢ ᠴᠠᠭ ᠲᠤᠬᠠᠶ ᠳᠤᠨᠢ᠂ ᠲᠣᠭᠲᠠᠭᠠᠯ ᠶᠣᠰᠣᠭᠠᠷ ᠬᠢᠵᠤ᠂ ᠬᠢᠵᠢᠭ ᠤᠨ ᠪᠠᠶᠢᠳᠠᠯ ᠨᠡᠯᠢᠶᠡᠳ ᠬᠦᠨᠳᠦ᠂ ᠡᠳ᠋ ᠤᠨ ᠬᠦᠴᠦᠨ ᠢᠶᠠᠷ ᠬᠦᠴᠢᠷᠳᠡᠯᠲᠡᠶ ᠭᠠᠵᠠᠷ ᠣᠷᠣᠨ ᠲᠡᠰᠢ ᠬᠡᠯᠪᠠᠶᠢᠯᠭᠡᠵᠦ᠂ ᠴᠠᠭ ᠲᠤᠬᠠᠶ ᠳᠤᠨᠢ ᠬᠤᠪᠢᠶᠠᠷᠢᠯᠠᠵᠤ ᠰᠠᠯᠭᠠᠨ ᠥᠭᠬᠦ ᠦᠭᠡᠶ᠂ ᠱᠠᠲᠤ ᠱᠠᠲᠤ ᠪᠠᠷ ᠰᠠᠭᠠᠲᠠᠬᠤ ᠵᠡᠷᠭᠡ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠨᠥᠯᠥᠭᠡᠯᠡᠬᠦ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠶ᠃      ᠬᠤᠶᠠᠷ ᠲᠤ᠂ ᠡᠳ᠋ ᠤᠨ ᠵᠠᠰᠠᠭ ᠤᠨ ᠲᠤᠰᠬᠠᠶ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠪᠠᠶᠢᠳᠠᠯ᠃ ᠡᠳ᠋ ᠤᠨ ᠵᠠᠰᠠᠭ ᠤᠨ ᠲᠤᠰᠬᠠᠶ ᠵᠦᠢᠯ ᠤᠨ ᠪᠡᠯᠡ ᠮᠥᠩᠭᠦ ᠶᠢᠨ ᠪᠣᠳᠠᠲᠤ ᠬᠡᠷᠡᠭᠴᠡᠭᠡ᠂ ᠬᠡᠷᠡᠭᠯᠡᠭᠰᠡᠨ ᠦᠷ᠎ᠡ ᠪᠥᠲᠦᠮᠵᠢ ᠵᠡᠷᠭᠡ ᠳᠤ᠂ ᠪᠡᠯᠡ ᠮᠥᠩᠭᠦ ᠶᠢ ᠲᠣᠭᠲᠠᠭᠠᠯ ᠠᠴᠠ ᠵᠥᠷᠢᠴᠡᠨ  ᠬᠡᠷᠡᠭᠯᠡᠬᠦ᠂ ᠨᠡᠭᠦᠯᠭᠡᠨ ᠬᠡᠷᠡᠭᠯᠡᠬᠦ ᠴᠢᠨᠠᠭᠰᠢᠯᠠᠪᠠᠯ ᠲᠤᠰᠬᠠᠶ ᠵᠦᠢᠯ ᠤᠨ ᠪᠡᠯᠡ ᠮᠥᠩᠭᠦ ᠶᠢ ᠤᠬᠠᠭᠠᠯᠠᠨ ᠠᠪᠬᠤ ᠮᠡᠬᠡᠯᠡᠨ ᠠᠪᠬᠤ ᠵᠢᠴᠢ ᠲᠤᠰᠬᠠᠶ ᠵᠦᠢᠯ ᠤᠨ ᠪᠡᠯᠡ ᠮᠥᠩᠭᠦ ᠪᠠᠷ ᠡᠳ᠋ ᠪᠠᠷᠠᠭ᠎ᠠ ᠪᠠ ᠦᠢᠯᠡᠴᠢᠯᠡᠭᠡ ᠬᠤᠳᠠᠯᠳᠤᠨ ᠠᠪᠬᠤ ᠳᠤᠮᠳᠠ ᠲᠥᠷᠥᠯ ᠰᠠᠳᠤᠨ ᠨᠠᠶᠢᠵᠠ ᠨᠥᠬᠦᠳ ᠢᠶᠠᠨ ᠬᠠᠷᠠᠭᠠᠯᠵᠠᠬᠤ᠂ ᠠᠷᠭ᠎ᠠ ᠵᠠᠯᠢ ᠬᠡᠷᠡᠭᠯᠡᠵᠦ ᠠᠮᠢ ᠬᠤᠪᠢᠨ ᠳᠠᠭᠠᠨ ᠲᠠᠲᠠᠬᠤ᠂ ᠪᠦᠷᠢᠯᠭᠡᠨ ᠰᠦᠢᠳᠬᠡᠬᠦ ᠵᠡᠷᠭᠡ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠵᠢᠭᠡᠯᠡᠯᠭᠡ ᠶᠢᠨ ᠳᠠᠮ ᠬᠦᠤ ᠮᠥᠩᠭᠦ ᠶᠢ ᠰᠠᠯᠭᠠᠨ ᠥᠭᠬᠦ ᠳᠤ᠂ ᠥᠭᠬᠦ ᠶᠣᠰᠣᠲᠠᠶ ᠶᠢ ᠥᠭᠬᠦ ᠦᠭᠡᠶ ᠪᠤᠶᠤ ᠳᠠᠮ ᠬᠦᠤ ᠮᠥᠩᠭᠦ ᠶᠢ ᠢᠯᠡᠭᠦᠤ ᠥᠭᠬᠦ ᠵᠡᠷᠭᠡ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠢ᠃      ᠬᠤᠶᠠᠷ᠂ ᠨᠡᠶᠢᠭᠡᠮ ᠤᠨ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠤᠳᠠᠰ ᠤᠨ ᠲᠠᠯ᠎ᠠ ᠪᠠᠷ      ᠨᠢᠭᠡ ᠳᠤ᠂ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠬᠦᠯᠢᠶᠡᠨ ᠠᠪᠤᠭᠰᠠᠨ ᠪᠠᠶᠢᠳᠠᠯ᠃ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠤᠨ ᠶᠡᠷᠦᠩᠬᠡᠶ ᠬᠡᠮᠵᠢᠶ᠎ᠡ ᠪᠠ ᠢᠷᠡᠯᠲᠡ ᠵᠡᠷᠭᠡ ᠪᠠᠶᠢᠳᠠᠯ ᠨᠢ ᠲᠣᠳᠣᠷᠬᠠᠶ᠂ ᠲᠡᠮᠳᠡᠭᠯᠡᠯ ᠨᠢ ᠲᠣᠳᠣᠷᠬᠠᠶ᠂ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠳᠠᠩᠰᠠᠨ ᠳᠤ ᠲᠡᠮᠳᠡᠭᠯᠡᠨ ᠣᠷᠣᠭᠤᠯᠤᠭᠰᠠᠨ ᠨᠢ ᠴᠠᠭ ᠲᠤᠬᠠᠶ ᠳᠠᠭᠠᠨ᠂ ᠪᠦᠷᠢᠨ ᠪᠦᠲᠦᠨ᠂ ᠣᠨᠣᠪᠴᠢᠲᠠᠶ᠂ ᠬᠤᠳᠠᠯ ᠬᠠᠭᠤᠷᠮᠠᠭ ᠪᠢᠰᠢ ᠪᠠᠶᠢᠵᠤ᠂ ᠨᠢᠭᠦᠯᠡᠰᠦᠩᠭᠦᠶ ᠶᠢᠨ ᠠᠵᠢᠯᠯᠠᠭ᠎ᠠ ᠬᠢᠬᠦ ᠨᠡᠷ᠎ᠡ ᠪᠠᠷ ᠬᠠᠤᠯᠢ ᠪᠤᠰᠤ ᠪᠠᠷ ᠬᠠᠨᠳᠢᠪ ᠴᠤᠭᠯᠠᠭᠤᠯᠬᠤ᠂ ᠲᠣᠭᠲᠠᠭᠠᠯ ᠠᠴᠠ ᠵᠥᠷᠢᠴᠡᠨ ᠬᠠᠮᠢᠶᠠᠷᠤᠯᠲᠠ ᠶᠢᠨ ᠰᠦᠢᠳᠬᠡᠯ ᠪᠤᠶᠤ ᠭᠠᠷ ᠭᠦᠢᠴᠡᠳᠬᠡᠯ ᠤᠨ ᠰᠦᠢᠳᠬᠡᠯ ᠭᠠᠷᠭᠠᠨ ᠠᠪᠬᠤ ᠵᠡᠷᠭᠡ ᠠᠰᠠᠭᠤᠳᠠᠯ ᠦᠭᠡᠢ ᠪᠠᠶᠢᠬᠤ ᠬᠡᠷᠡᠭᠲᠡᠢ᠃      ᠬᠤᠶᠠᠷ ᠲᠤ᠂ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠬᠤᠪᠢᠶᠠᠷᠢᠯᠠᠵᠤ ᠬᠡᠷᠡᠭᠯᠡᠭᠰᠡᠨ ᠪᠠᠶᠢᠳᠠᠯ᠃ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ᠂ ᠴᠠᠭ ᠲᠤᠬᠠᠶ ᠳᠤᠨᠢ ᠬᠤᠪᠢᠶᠠᠷᠢᠯᠠᠬᠤ ᠶᠢ ᠦᠨᠡᠨ ᠬᠦ ᠪᠠᠲᠤᠯᠠᠵᠤ᠂ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠨᠡᠭᠦᠯᠭᠡᠨ ᠬᠡᠷᠡᠭᠯᠡᠬᠦ᠂ ᠰᠤᠯᠠ ᠲᠠᠯᠪᠢᠬᠤ ᠵᠢᠴᠢ ᠬᠠᠨᠳᠢᠪᠯᠠᠨ ᠬᠦᠷᠭᠡᠭᠰᠡᠨ ᠪᠠᠯᠠ ᠮᠥᠩᠭᠦ ᠶᠢ ᠬᠡᠷᠡᠭᠯᠡᠨ ᠡᠳ᠋ ᠪᠠᠷᠠᠭ᠎ᠠ ᠬᠤᠳᠠᠯᠳᠤᠨ ᠠᠪᠬᠤ᠂ ᠨᠢᠭᠤᠴᠠ ᠪᠠᠷ ᠬᠡᠷᠡᠭᠯᠡᠬᠦ᠂ ᠮᠠᠭᠤ ᠪᠠᠷ ᠰᠠᠶᠢᠨ ᠢ ᠣᠷᠣᠯᠠᠭᠤᠯᠬᠤ ᠵᠡᠷᠭᠡ ᠠᠰᠠᠭᠤᠳᠠᠯ ᠭᠠᠷᠬᠤ ᠥᠬᠡᠶ ᠪᠠᠶᠢᠬᠤ ᠶᠢ ᠦᠨᠡᠨ ᠬᠦ  ᠪᠠᠲᠤᠯᠠᠬᠤ ᠬᠡᠷᠡᠭᠲᠡᠢ︔ ᠬᠠᠨᠳᠢᠪ ᠴᠤᠭᠯᠠᠭᠤᠯᠬᠤ ᠲᠥᠰᠦᠯ᠂ ᠬᠠᠨᠳᠢᠪᠯᠠᠨ ᠬᠦᠷᠭᠡᠭᠴᠢ ᠶᠢᠨ ᠬᠦᠰᠡᠯ ᠰᠠᠨᠠᠭ᠎ᠠ ᠪᠤᠶᠤ ᠬᠠᠨᠳᠢᠪᠯᠠᠨ ᠬᠦᠷᠭᠡᠬᠦ ᠬᠡᠯᠡᠯᠴᠡᠭᠡᠷ ᠠᠴᠠ ᠵᠥᠷᠢᠴᠡᠭᠰᠡᠨ᠂ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠬᠠᠭᠤᠷᠮᠠᠭᠯᠠᠨ ᠠᠪᠴᠤ ᠰᠠᠷᠢᠭᠠᠯᠠᠭᠰᠠᠨ ᠵᠡᠷᠭᠡ ᠠᠰᠠᠭᠤᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠭᠤᠷᠪᠠ ᠳᠤ᠂ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠤᠨ ᠬᠠᠮᠢᠶᠠᠷᠤᠯᠲᠠ ᠪᠠ ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ᠃ ᠬᠤᠯᠪᠣᠭᠳᠠᠯ ᠪᠥᠬᠦᠶ ᠨᠢᠭᠡᠴᠡ ᠨᠢ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠭᠥᠯᠢᠶᠡᠨ ᠠᠪᠬᠤ᠂ ᠬᠤᠪᠢᠶᠠᠷᠢᠯᠠᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠬᠡᠷᠡᠭᠵᠢᠭᠦᠯᠵᠦ᠂ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠤᠨ ᠬᠠᠮᠢᠶᠠᠷᠤᠯᠲᠠ ᠲᠥᠬᠦᠮ ᠪᠥᠭᠡᠳ ᠵᠢᠷᠤᠮᠵᠢᠯ ᠲᠠᠢ᠂ ᠠᠵᠢᠯᠯᠠᠭᠠᠨ ᠨᠢ ᠥᠨᠳᠦᠷ ᠪᠦᠲᠦᠮᠵᠢᠲᠡᠶ︔ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠬᠤᠪᠢᠶᠠᠷᠢᠯᠠᠨ ᠬᠡᠷᠡᠭᠯᠡᠬᠦ ᠳᠤᠮᠳᠠ ᠱᠠᠭᠠᠷᠳᠠᠯᠭ᠎ᠠ ᠶᠣᠰᠣᠭᠠᠷ ︽ᠭᠤᠷᠪᠠᠨ ᠴᠢᠬᠤᠯᠠ ᠨᠢᠭᠡ ᠶᠡᠭᠡ︾ ᠲᠣᠭᠲᠠᠭᠠᠯ ᠢ ᠬᠡᠷᠡᠭᠵᠢᠭᠦᠯᠵᠦ᠂ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠤᠳᠠᠰ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠱᠠᠭᠠᠷᠳᠠᠯᠭ᠎ᠠ ᠶᠣᠰᠣᠭᠠᠷ ᠴᠠᠭ ᠲᠤᠬᠠᠶ ᠳᠤᠨᠢ ᠣᠨᠣᠪᠴᠢᠲᠠᠶ ᠪᠠᠷ ᠨᠡᠶᠢᠭᠡᠮ ᠳᠤ ᠢᠯᠡ ᠪᠣᠯᠭᠠᠬᠤ ᠬᠡᠷᠡᠭᠲᠡᠶ᠃      ᠭᠤᠷᠪᠠ᠂ ᠠᠵᠤ ᠠᠬᠤᠶᠢᠯᠠᠯ ᠤᠨ ᠳᠡᠮ ᠬᠦᠤ ᠲᠠᠢ ᠵᠢᠭᠡᠯᠡᠯᠭᠡ ᠶᠢ ᠭᠤᠤᠯᠳᠠᠯᠭ᠎ᠠ ᠲᠠᠢ ᠪᠠᠲᠤᠯᠠᠬᠤ ᠲᠠᠯ᠎ᠠ ᠪᠠᠷ      ᠮᠠᠨ ᠤ ᠬᠤᠲᠠ ᠶᠢᠨ ᠬᠤᠯᠪᠣᠭᠳᠠᠭᠰᠠᠨ ᠭᠤᠤᠯᠳᠠᠯᠭ᠎ᠠ ᠲᠠᠢ ᠪᠠᠲᠤᠯᠠᠭ᠎ᠠ ᠶᠢᠨ ᠠᠵᠤ ᠠᠬᠤᠶᠢᠯᠠᠯ ᠤᠨ ᠲᠤᠰᠬᠠᠶ ᠵᠦᠢᠯ ᠤᠨ ᠵᠢᠭᠡᠯᠡᠯᠭᠡ ᠶᠢᠨ ᠪᠡᠯᠡ ᠮᠥᠩᠭᠦ ᠶᠢ ᠨᠡᠭᠦᠯᠭᠡᠨ ᠬᠡᠷᠡᠭᠯᠡᠬᠦ ᠪᠤᠶᠤ ᠰᠤᠯᠠ ᠲᠠᠯᠪᠢᠬᠤ ᠶᠢ ᠬᠤᠷᠢᠭᠯᠠᠬᠤ ᠵᠡᠷᠭᠡ ᠠᠰᠠᠭᠤᠳᠠᠯ᠃ ᠬᠤᠯᠪᠣᠭᠳᠠᠯ ᠪᠦᠬᠦᠢ ᠪᠠᠲᠤᠯᠠᠭ᠎ᠠ ᠶᠢᠨ ᠠᠵᠤ ᠠᠬᠤᠶᠢᠯᠠᠯ ᠢ ᠴᠠᠭ ᠲᠤᠬᠠᠶ ᠳᠤᠨᠢ ᠨᠡᠷᠡᠰ ᠲᠤ ᠣᠷᠣᠭᠤᠯᠵᠤ᠂ ᠠᠵᠤ ᠠᠬᠤᠶᠢᠯᠠᠯ ᠤᠨ ᠡᠳ᠋ ᠤᠨ ᠵᠠᠰᠠᠭ ᠤᠨ ᠳᠡᠮ ᠬᠦᠤ ᠮᠥᠩᠭᠦ ᠶᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠪᠤᠳᠠᠳᠠᠶᠢᠵᠢᠭᠤᠯᠵᠤ᠂ ᠠᠵᠤ ᠠᠬᠤᠶᠢᠯᠠᠯ ᠤᠨ ᠪᠣᠳᠠᠲᠠᠶ ᠵᠢᠭᠡᠯᠡᠯᠭᠡ ᠶᠢᠨ ᠬᠦᠤ ᠶᠢᠨ ᠨᠣᠷᠮ᠎ᠠ ᠨᠢ ᠲᠣᠭᠲᠠᠭᠠᠯ ᠳᠤ ᠨᠡᠶᠢᠴᠡᠬᠦ ᠶᠢ ᠭᠤᠤᠯᠳᠠᠯᠭ᠎ᠠ ᠲᠠᠢ ᠪᠠᠲᠤᠯᠠᠬᠤ ᠬᠡᠷᠡᠭᠲᠡᠢ᠃ ︵ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨᠠᠨ ᠪᠤᠳᠤᠯᠲᠠ ᠳᠤ ᠬᠤᠯᠪᠤᠭᠳᠠᠪᠠᠯ ᠬᠢᠨᠠᠨ ᠪᠤᠳᠤᠬᠤ ᠵᠠᠬᠢᠷᠭ᠎ᠠ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠠᠴᠠ ᠨᠢᠭᠡᠳᠦᠯᠲᠡᠶ ᠡᠷᠬᠡ ᠣᠯᠭᠤᠵᠤ ᠥᠷᠨᠢᠭᠦᠯᠦᠨ᠎ᠡ︶      ᠳᠦᠷᠪᠡ᠂ ᠡᠳ᠋ ᠤᠨ ᠵᠠᠰᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠵᠦᠢᠯ ᠤᠨ ᠪᠡᠯᠡ ᠮᠥᠩᠭᠦ ᠪᠣᠯᠤᠨ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠤᠳᠠᠰ ᠲᠤ ᠬᠢᠨᠠᠯᠲᠠ ᠲᠠᠯᠪᠢᠬᠤ ᠲᠠᠯ᠎ᠠ ᠪᠠᠷ      ᠡᠳ᠋ ᠤᠨ ᠵᠠᠰᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠵᠦᠢᠯ ᠤᠨ ᠪᠡᠯᠡ ᠮᠥᠩᠭᠦ ᠪᠠ ᠬᠠᠨᠳᠢᠪᠯᠠᠨ ᠬᠦᠡᠷᠭᠡᠭᠰᠡᠨ ᠵᠣᠭᠤᠰ ᠮᠥᠩᠭᠦ ᠡᠳ᠋ ᠪᠤᠳᠠᠰ ᠤᠨ ᠣᠷᠤᠯᠭ᠎ᠠ᠂ ᠵᠠᠷᠤᠯᠭ᠎ᠠ ᠪᠠ ᠬᠡᠷᠡᠭᠯᠡᠭᠰᠡᠨ ᠪᠠᠶᠢᠳᠠᠯ ᠵᠡᠷᠭᠡ ᠭᠤᠭᠴᠤᠭ᠎ᠠ ᠪᠦᠷᠢ ᠨᠢ  ᠡᠷᠬᠡᠪᠰᠢ ᠬᠠᠷᠠᠭᠠᠯᠵᠠᠭᠰᠠᠨ ᠭᠡᠷᠡᠴᠢ ᠪᠠᠷᠢᠮᠲᠠ ᠪᠠ ᠵᠥᠪᠰᠢᠶᠡᠷᠡᠯ ᠤᠨ ᠭᠠᠷᠳᠠᠮ ᠲᠠᠢ ᠪᠠᠶᠢᠵᠤ᠂ ᠬᠢᠨᠠᠨ ᠪᠣᠳᠤᠬᠤ ᠪᠠᠶᠢᠭᠤᠯᠭ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号