《ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠤ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ ᠨᠠᠢᠮᠠᠨ ᠵᠤᠷᠪᠤᠰ》 ᠢ ᠳᠠᠷᠤᠮᠠᠯᠯᠠᠨ ᠲᠠᠷᠬᠠᠭᠠᠬᠤ ᠲᠤᠬᠠᠶ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2020-06-01
                      ᠬᠥᠬᠡᠬᠤᠲᠠ ᠬᠢᠨᠠᠨ ᠲᠠᠷᠬᠠᠭᠠᠭᠰᠠᠨ ︹ 2020 ︺ 27 ᠳ᠋ᠤᠭᠠᠷ ᠲᠣᠭᠠᠲᠤ ᠡᠯ᠎ᠡ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ᠂ ᠲᠣᠮᠢᠯᠠᠭᠰᠠᠨ ᠬᠤᠪᠢᠶᠠᠷᠢ ᠲᠣᠪᠴᠢᠶ᠎ᠠ᠂ ᠬᠠᠷᠢᠶ᠎ᠠ ᠠᠵᠢᠯ ᠦᠢᠯᠡᠰ ᠤᠨ ᠨᠢᠭᠡᠴᠢ ᠳᠤ᠄      ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠤ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ ᠲᠤᠬᠠᠶ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠠᠷᠢᠶ᠎ᠠ ᠣᠷᠣᠨ ᠤ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠤ ᠦᠢᠯᠡᠳᠪᠦᠷᠢᠯᠡᠯ ᠢᠶᠠᠨ ᠰᠡᠷᠭᠦᠭᠡᠬᠦ ᠶᠢ ᠵᠢᠯᠣᠭᠤᠳᠴᠤ᠂ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠦᠨᠡᠨᠬᠦ‌‍ᠰᠢᠢᠳᠪᠦᠷᠢᠯᠡᠬᠦ ᠶᠢᠨ ᠲᠤᠰᠠᠲᠠ᠂ ᠬᠦᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠮᠠᠨ ᠤ ᠬᠤᠲᠠ ᠶᠢᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠤ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠠᠮᠵᠢᠵᠤ᠂ 《ᠠᠵᠤ ᠠᠬᠤᠶᠢᠯᠠᠯ ᠢ ᠲᠣᠭᠲᠠᠭᠤᠨ ᠪᠠᠶᠢᠯᠭᠠᠬᠤ᠂ ᠠᠵᠤ ᠠᠬᠤᠶ ᠶᠢ ᠲᠣᠭᠲᠠᠭᠤᠨ ᠪᠠᠶᠢᠯᠭᠠᠬᠤ᠂  ᠬᠥᠭᠵᠢᠯᠲᠡ ᠶᠢ ᠲᠣᠭᠲᠠᠭᠤᠨ ᠪᠠᠶᠢᠯᠭᠠᠬᠤ》ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠬᠦ ᠳᠤ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠳᠤᠷᠠᠳᠪᠠ᠃      ᠨᠢᠭᠡ᠂ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠪᠠᠨ ᠥᠷᠭᠡᠳᠬᠡᠬᠦ᠂ ᠬᠠᠩᠭᠠᠯᠭ᠎ᠠ ᠶᠢ ᠪᠠᠲᠤᠯᠠᠬᠤ ᠶᠢ ᠪᠦᠬᠦ ᠬᠦᠴᠦᠨ ᠢᠶᠠᠷ ᠢᠶᠠᠨ ᠳᠡᠮᠵᠢᠨ᠎ᠡ᠃ ᠶᠠᠭᠤᠨ ᠤ ᠤᠷᠢᠳ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠡᠮ ᠤᠨ ᠵᠦᠢᠯ᠂ ᠬᠠᠮᠠᠭᠠᠯᠠᠯᠲᠠ ᠶᠢᠨ ᠬᠡᠷᠡᠭᠰᠡᠯ ᠦᠢᠯᠡᠳᠪᠦᠷᠢᠯᠡᠬᠦ ᠠᠵᠤ ᠠᠬᠤᠶᠢᠯᠠᠯ ᠳᠤ ᠦᠢᠯᠡᠴᠢᠯᠡᠵᠤ᠂ ᠠᠵᠤ ᠠᠬᠤᠶᠢᠯᠠᠯ ᠢ ᠬᠠᠪᠰᠤᠷᠤᠨ ᠦᠢᠯᠡᠳᠬᠦᠨ ᠢ ᠪᠠᠶᠢᠴᠠᠭᠠᠨ ᠬᠡᠮᠵᠢᠬᠦ ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠵᠤ᠂ ᠦᠢᠯᠡᠳᠬᠦᠨ ᠤ ᠶᠠᠰᠤ ᠴᠢᠨᠠᠷ ᠤᠨ ᠠᠶᠤᠯᠭᠦᠢ ᠶᠢ ᠴᠢᠷᠮᠠᠶᠢᠨ ᠪᠠᠲᠤᠯᠠᠬᠤ ᠬᠡᠷᠡᠭᠲᠡᠶ᠃ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ ᠳᠤ ᠬᠡᠷᠡᠭᠯᠡᠬᠦ ᠠᠯᠤᠰ ᠤᠯᠠᠭᠠᠨ ᠤ ᠭᠠᠳᠠᠨᠠᠬᠢ ᠭᠡᠷᠡᠯ ᠤᠨ ᠪᠡᠶ᠎ᠡ ᠶᠢᠨ ᠳᠤᠯᠠᠭᠠᠨ ᠢ ᠬᠡᠮᠵᠢᠬᠦ ᠬᠡᠮᠵᠢᠭᠦᠷᠯᠢᠭ ᠢ ᠪᠠᠴᠢᠮ ᠰᠢᠯᠭᠠᠨ ᠲᠠᠭᠠᠷᠠᠭᠤᠯᠬᠤ ᠴᠢᠬᠤᠯᠠ ᠲᠠᠢ ᠪᠣᠯ᠂《ᠬᠡᠵᠢᠶ᠎ᠡ ᠬᠦᠷᠭᠡᠪᠡᠯ ᠬᠡᠵᠢᠶ᠎ᠡ ᠪᠠᠶᠢᠴᠠᠭᠠᠬᠤ᠂ ᠬᠡᠵᠢᠶ᠎ᠡ ᠳᠠᠭᠤᠳᠠᠪᠠᠯ ᠬᠡᠵᠢᠶ᠎ᠡ ᠬᠦᠷᠬᠦ》ᠰᠢᠯᠭᠠᠨ ᠲᠠᠭᠠᠷᠠᠭᠤᠯᠬᠤ ᠦᠢᠯᠡᠴᠢᠯᠡᠭᠡ ᠶᠢ ᠬᠠᠪᠰᠤᠷᠤᠨ ᠬᠠᠩᠭᠠᠨ᠎ᠠ᠃ ᠢᠳᠡᠭᠡᠨ ᠤᠮᠳᠠᠭᠠᠨ ᠤ ᠨᠢᠭᠡᠴᠡ ᠶᠢᠨ ᠭᠠᠳᠠᠭᠰᠢ ᠬᠤᠭᠤᠯᠠ ᠬᠦᠷᠭᠡᠬᠦ ᠦᠢᠯᠡᠴᠢᠯᠡᠭᠡ ᠥᠷᠨᠢᠭᠦᠯᠬᠦ ᠶᠢ ᠳᠠᠮᠵᠢᠵᠤ᠂ ᠲᠥᠪ ᠲᠣᠭᠤᠭᠠᠨ ᠭᠡᠷ ᠪᠠ ᠲᠣᠮᠣ ᠬᠡᠯᠪᠡᠷᠢ ᠶᠢᠨ ᠢᠳᠡᠭᠡᠨ ᠤᠮᠳᠠᠭᠠᠨ ᠤ ᠨᠢᠭᠡᠴᠡ ᠶᠢᠨ ᠬᠠᠮᠲᠤ ᠶᠢᠨ ᠬᠤᠭᠤᠯᠠ ᠶᠢ ᠲᠤᠬᠢᠷᠠᠭᠤᠯᠤᠨ ᠬᠦᠷᠭᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠤᠭᠤᠯᠠ ᠤᠮᠳᠠᠭᠠᠨ ᠢᠳᠡᠭᠡᠨ ᠤ ᠵᠦᠢᠯᠡᠰ ᠤᠨ ᠡᠵᠡᠩᠨᠡᠭᠴᠢ ᠶᠢᠨ ᠰᠦᠯᠵᠢᠶᠡᠨ ᠳᠡᠭᠡᠷ᠎ᠡ ᠠᠴᠠ ᠢᠳᠡᠭᠡᠨ ᠤ ᠲᠦᠭᠦᠬᠡᠢ ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ ᠬᠤᠳᠠᠯᠳᠤᠨ ᠠᠪᠬᠤ ᠶᠢ ᠵᠥᠪᠰᠢᠶᠡᠷᠡᠨ᠎ᠡ᠂ ᠸᠢᠴᠠᠲ᠂ ᡁᠢ ᠹᠦ᠋ ᠪᠣᠣ ᠵᠡᠷᠭᠡ ᠰᠦᠯᠵᠢᠶᠡᠨ ᠳᠡᠭᠡᠷᠡᠬᠢ ᠠᠷᠠᠯᠵᠢᠶᠠᠯᠠᠭᠰᠠᠨ ᠲᠡᠮᠳᠡᠭᠯᠡᠯ ᠢ ᠪᠠᠷᠠᠭ᠎ᠠ ᠣᠷᠣᠭᠤᠯᠤᠭᠰᠠᠨ ᠭᠡᠷᠡᠴᠢ ᠪᠠᠷᠢᠮᠲᠠ ᠪᠠᠷ ᠦᠵᠡᠵᠦ ᠪᠣᠯᠤᠨ᠎ᠠ᠃      ᠬᠤᠶᠠᠷ᠂ ᠵᠠᠰᠠᠭ ᠤᠨ ᠣᠷᠳᠤᠨ ᠠᠵᠤ ᠠᠬᠤᠶᠢᠯᠠᠯ ᠤᠨ《ᠠᠭᠤᠯᠵᠠᠬᠤ ᠥᠬᠡᠶ᠂ ᠲᠦᠷᠭᠡᠨ ᠵᠥᠪᠰᠢᠶᠡᠷᠡᠨ ᠣᠷᠣᠭᠤᠯᠬᠤ》022042. ᠶᠢ ᠪᠥᠬᠦ ᠬᠦᠴᠦᠨ ᠢᠶᠠᠷ ᠢᠶᠠᠨ ᠳᠡᠮᠵᠢᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠦᠯᠵᠢᠶᠡᠨ ᠳᠡᠭᠡᠷ᠎ᠡ ᠳᠠᠩᠰᠠᠯᠠᠨ ᠲᠡᠮᠳᠡᠭᠯᠡᠬᠦ ᠲᠠᠪᠴᠠᠩ ᠤᠨ ᠶᠡᠷᠦᠩᠬᠡᠶᠢᠯᠡᠭᠰᠡᠨ ᠳᠠᠪᠠᠭᠤᠯᠢᠭ ᠢ ᠪᠠᠳᠠᠷᠠᠭᠤᠯᠵᠤ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠢᠪᠰᠢᠶᠡᠷᠡᠬᠦ ᠲᠣᠪᠴᠢᠶ᠎ᠠ ᠲᠠᠢ ᠵᠣᠬᠢᠴᠠᠭᠤᠯᠤᠨ᠂ ᠵᠥᠪᠰᠢᠶᠡᠷᠡᠨ ᠣᠷᠣᠭᠤᠯᠬᠤ ᠳᠠᠩᠰᠠ ᠲᠡᠮᠳᠡᠭᠯᠡᠯ᠂ ᠢᠳᠡᠭᠡᠨ᠂ ᠬᠡᠮᠵᠢᠯᠲᠡ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠵᠥᠪᠰᠢᠶᠡᠷᠡᠨ ᠳᠠᠩᠰᠠᠯᠠᠨ ᠲᠡᠮᠳᠡᠭᠯᠡᠬᠦ ᠶᠢ《ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠭᠦᠢᠴᠡᠳᠭᠡᠬᠦ᠂ ᠢᠯᠡᠭᠡᠨ ᠬᠦᠷᠭᠡᠬᠦ᠂ ᠤᠷᠢᠳᠴᠢᠯᠠᠨ ᠪᠣᠯᠵᠣᠵᠤ ᠭᠦᠢᠴᠡᠳᠭᠡᠬᠦ》ᠵᠡᠷᠭᠡ ᠪᠦᠲᠦᠮᠵᠢᠲᠡᠶ ᠠᠷᠭ᠎ᠠ ᠪᠠᠷᠢᠯ ᠢ ᠠᠪᠴᠤ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠢᠬᠤᠯᠠᠲᠠᠶ ᠦᠶ᠎ᠡ ᠳᠤ᠂《ᠮᠡᠳᠡᠭᠳᠡᠬᠦ ᠠᠮᠠᠯᠠᠯᠲᠠ》᠂ 《 ᠳᠤᠲᠠᠭᠤ ᠶᠢ ᠪᠠᠭᠲᠠᠭᠠᠵᠤ ᠭᠥᠯᠢᠶᠡᠨ ᠠᠪᠴᠤ ᠰᠢᠢᠳᠪᠦᠷᠢᠯᠡᠬᠦ》ᠵᠡᠷᠭᠡ ᠭᠥᠯᠢᠶᠡᠨ ᠠᠪᠴᠤ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠢ ᠠᠪᠴᠤ ᠣᠨᠴᠠᠭᠠᠢ ᠬᠡᠷᠡᠭ ᠶᠠᠪᠤᠳᠠᠯ ᠢ ᠣᠨᠴᠠᠭᠠᠢ ᠪᠠᠷ ᠰᠢᠢᠳᠪᠦᠷᠢᠯᠡᠨ᠎ᠡ᠃      ᠭᠤᠷᠪᠠ᠂ ᠠᠵᠤ ᠠᠬᠤᠶᠢᠯᠠᠯ ᠤᠨ ᠵᠥᠪᠰᠢᠶᠡᠷᠡᠯ ᠢᠶᠠᠨ ᠵᠣᠬᠢᠬᠤ ᠬᠤᠭᠤᠴᠠᠭ᠎ᠠ ᠬᠤᠶᠢᠰᠢᠯᠠᠭᠤᠯᠤᠨ ᠭᠦᠢᠴᠡᠳᠭᠡᠬᠦ ᠶᠢ ᠪᠦᠬᠦ ᠬᠦᠴᠦᠨ ᠢᠶᠠᠷ ᠢᠶᠠᠨ ᠳᠡᠮᠵᠢᠨ᠎ᠡ᠃ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠬᠤᠯᠪᠣᠭᠳᠠᠯ ᠪᠦᠬᠦᠢ  ᠳᠠᠩᠰᠠᠯᠠᠯᠲᠠ ᠪᠠᠨ ᠬᠤᠪᠢᠷᠠᠭᠤᠯᠬᠤ᠂  ᠵᠥᠪᠰᠢᠶᠡᠷᠡᠭᠦᠯᠦᠨ ᠳᠠᠩᠰᠠᠯᠠᠭᠤᠯᠬᠤ ᠵᠦᠢᠯ ᠢᠶᠠᠨ ᠴᠠᠭ ᠲᠤᠬᠠᠶ ᠳᠠᠭᠠᠨ ᠭᠦᠢᠴᠡᠳᠬᠡᠵᠤ ᠳᠡᠶᠢᠯᠬᠦ ᠦᠭᠡᠢ ᠪᠣᠯ ᠬᠢᠵᠢᠭ ᠤᠨ ᠪᠠᠶᠢᠳᠠᠯ ᠠᠷᠢᠯᠤᠭᠰᠠᠨ ᠤ ᠳᠠᠷᠠᠭ᠎ᠠ ᠨᠢᠭᠡ ᠰᠠᠷ᠎ᠠ ᠶᠢᠨ ᠳᠣᠲᠣᠷ᠎ᠠ ᠬᠤᠶᠢᠰᠢᠯᠠᠭᠤᠯᠤᠨ ᠭᠦᠢᠴᠡᠳᠬᠡᠵᠤ ᠪᠣᠯᠤᠨ᠎ᠠ᠃ ᠪᠣᠲᠠᠲᠠᠶᠢᠯᠠᠪᠠᠯ ᠡᠵᠡᠩᠨᠡᠯᠲᠡ ᠶᠢᠨ ᠦᠨᠡᠮᠯᠡᠯ ᠢ ᠳᠠᠩᠰᠠᠯᠠᠭᠤᠯᠬᠤ ᠵᠦᠢᠯ ᠢ ᠬᠤᠪᠢᠷᠠᠭᠤᠯᠬᠤ᠂ ᠢᠳᠡᠭᠡᠨ ᠢ ᠦᠢᠯᠡᠳᠪᠦᠷᠢᠯᠡᠬᠦ ᠪᠠ ᠡᠵᠡᠩᠨᠡᠬᠦ ᠵᠥᠪᠰᠢᠶᠡᠷᠡᠯ᠂ ᠡᠮ ᠤᠨ ᠵᠦᠢᠯ ᠢ ᠡᠵᠡᠩᠨᠡᠬᠦ ᠵᠥᠪᠰᠢᠶᠡᠷᠡᠯ᠂ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ ᠵᠥᠪᠰᠢᠶᠡᠷᠡᠯ᠂ ᠬᠡᠢ ᠶᠢᠨ ᠯᠣᠩᠬᠤᠨ ᠳᠤ ᠰᠠᠪᠠᠯᠠᠬᠤ ᠵᠥᠪᠰᠢᠶᠡᠷᠡᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯᠯᠠᠭᠴᠢ ᠶᠢᠨ ᠦᠨᠡᠮᠯᠡᠯ ᠤᠨ ᠬᠤᠭᠤᠴᠠᠭ᠎ᠠ ᠨᠢ ᠳᠠᠭᠤᠰᠴᠤ ᠦᠷᠬᠦᠯᠵᠢᠯᠡᠭᠦᠯᠬᠦ ᠵᠡᠷᠭᠡ ᠪᠠᠭᠲᠠᠨ᠎ᠠ᠃      ᠳᠥᠷᠪᠡ᠂ ᠠᠵᠤ ᠠᠬᠤᠶᠢᠯᠠᠯ ᠤᠨ ᠶᠠᠰᠤ ᠴᠢᠨᠠᠷ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠪᠦᠬᠦ ᠬᠦᠴᠦᠨ ᠢᠶᠠᠷ ᠢᠶᠠᠨ ᠳᠡᠮᠵᠢᠨ᠎ᠡ᠃ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠤ ᠦᠢᠯᠡᠳᠪᠦᠷᠢᠯᠡᠯ ᠢᠶᠠᠨ ᠰᠡᠷᠭᠦᠭᠡᠬᠦ ᠶᠢᠨ ᠲᠣᠭᠤᠷᠢᠨ ᠳᠤ  ᠪᠠᠷᠢᠮᠵᠢᠶᠠᠵᠢᠭᠤᠯᠤᠭᠰᠠᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ ᠶᠢ ᠵᠣᠷᠢᠭᠵᠢᠭᠤᠯᠤᠨ ᠬᠥᠲᠥᠯᠦᠨ ᠵᠢᠯᠣᠭᠤᠳᠴᠤ ᠬᠠᠮᠢᠶ᠎ᠠ ᠪᠥᠬᠦᠶ ᠪᠦᠯᠬᠦᠮ ᠤᠨ ᠪᠠᠷᠢᠮᠵᠢᠶ᠎ᠠ ᠶᠢ ᠲᠣᠭᠲᠠᠭᠠᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠱᠠᠭᠠᠷᠳᠠᠭᠳᠠᠬᠤ ᠪᠠᠷᠢᠮᠵᠢᠶ᠎ᠠ ᠶᠢᠨ ᠪᠦᠲᠦᠮᠵᠢᠲᠡᠶ ᠬᠠᠩᠭᠠᠯᠭ᠎ᠠ ᠶᠢ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠪᠠᠴᠢᠮ ᠬᠡᠷᠡᠭᠰᠡᠬᠦ ᠬᠡᠮᠵᠢᠯᠲᠡ ᠶᠢᠨ ᠪᠠᠭᠠᠵᠢ ᠬᠡᠷᠡᠭᠰᠡᠯ ᠢ ᠪᠠᠶᠢᠴᠠᠭᠠᠨ ᠲᠣᠭᠲᠠᠭᠠᠵᠤ ᠰᠢᠯᠭᠠᠨ ᠲᠠᠭᠠᠷᠠᠭᠤᠯᠬᠤ ᠱᠠᠭᠠᠷᠳᠠᠯᠭ᠎ᠠ ᠳᠤ ᠂ ᠮᠡᠷᠭᠡᠵᠢᠯ ᠤᠨ ᠪᠠᠲᠤᠯᠠᠭ᠎ᠠ ᠪᠠ ᠪᠠᠴᠢᠮ ᠪᠠᠶᠢᠳᠠᠯ ᠢ ᠠᠷᠭᠠᠴᠠᠬᠤ ᠵᠢᠵᠢᠭᠦᠷ ᠢ ᠴᠢᠩᠭᠠᠳᠬᠠᠨ᠎ᠠ᠃ ᠭᠡᠷᠡᠴᠢᠯᠡᠯ ᠤᠨ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠲᠤᠬᠠᠶ ᠶᠢᠨ ᠭᠠᠵᠠᠷ ᠲᠤᠨᠢ ᠬᠦᠯᠢᠶᠡᠨ ᠠᠪᠴᠤ ᠰᠢᠢᠳᠪᠦᠷᠢᠯᠡᠬᠦ᠂ ᠬᠤᠶᠢᠰᠢᠯᠠᠭᠤᠯᠤᠨ ᠬᠢᠨᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠰᠢᠮᠳᠠᠭᠤᠯᠤᠨ ᠬᠢᠵᠢᠭ ᠢ ᠰᠡᠷᠭᠡᠶᠢᠯᠡᠬᠦ ᠳᠤ ᠬᠡᠷᠡᠭᠯᠡᠬᠦ ᠡᠮ ᠤᠨ ᠵᠦᠢᠯ ᠵᠡᠷᠭᠡ ᠳᠤ ᠤᠷᠢᠳᠠᠪᠠᠷ ᠪᠠᠶᠢᠴᠠᠭᠠᠨ ᠬᠡᠮᠵᠢᠬᠦ ᠵᠠᠮ ᠢ ᠨᠡᠭᠡᠭᠡᠵᠦ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠬᠡᠷᠡᠭᠴᠡᠭᠡ ᠱᠠᠭᠠᠷᠳᠠᠯᠭ᠎ᠠ ᠶᠢ  ᠪᠠᠲᠤᠯᠠᠬᠤ ᠬᠡᠷᠡᠭᠲᠡᠶ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠵᠢᠯᠣᠭᠤᠳᠣᠯᠭ᠎ᠠ ᠶᠢ ᠴᠢᠩᠭᠠᠳᠬᠠᠵᠤ᠂ ᠲᠡᠭᠦᠨ ᠢ  ᠰᠢᠮᠳᠠᠭᠤᠯᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ ᠵᠡᠷᠭᠡ ᠭᠤᠤᠯᠳᠠᠯᠭ᠎ᠠ ᠲᠠᠢ ᠪᠠᠶᠢᠭᠤᠯᠤᠮᠵᠢ ᠶᠢᠨ ᠬᠡᠷᠡᠭᠯᠡᠬᠦ ᠣᠨᠴᠠ ᠲᠥᠷᠥᠯ ᠤᠨ ᠲᠣᠨᠤᠭ ᠲᠥᠬᠦᠭᠡᠷᠦᠮᠵᠢ ᠵᠢᠴᠢ ᠠᠮᠤᠷ ᠲᠦᠪᠰᠢᠨ ᠢ ᠬᠠᠮᠠᠭᠠᠯᠠᠬᠤ ᠲᠥᠬᠦᠭᠡᠷᠦᠮᠵᠢ ᠳᠤ ᠲᠦᠷᠭᠡᠨ ᠰᠢᠯᠭᠠᠨ ᠪᠠᠶᠢᠴᠠᠭᠠᠬᠤ ᠰᠠᠭᠠᠳ ᠥᠬᠡᠶ ᠵᠠᠮ ᠢ ᠨᠡᠭᠡᠭᠡᠵᠤ᠂ ᠴᠠᠭ ᠲᠤᠬᠠᠶ ᠳᠤᠨᠢ ᠮᠡᠳᠡᠭᠦᠯᠦᠨ ᠪᠠᠶᠢᠴᠠᠭᠠᠬᠤ᠂ ᠴᠠᠭ ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠬᠦ᠂ ᠤᠷᠢᠳᠠᠪᠠᠷ ᠰᠢᠯᠭᠠᠨ ᠪᠠᠶᠢᠴᠠᠭᠠᠬᠤ ᠶᠢ ᠬᠡᠷᠡᠭᠵᠢᠭᠦᠯᠦᠨ᠎ᠡ᠃      ᠲᠠᠪᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭᠠᠨ ᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠪᠦᠬᠦ ᠬᠦᠴᠦᠨ ᠢᠶᠠᠷ ᠢᠶᠠᠨ ᠳᠡᠮᠵᠢᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠥᠳᠡᠯᠬᠦ ᠬᠥᠷᠥᠩᠭᠡ ᠪᠠᠷ ᠪᠠᠷᠢᠴᠠᠭᠠᠯᠠᠬᠤ᠂ ᠮᠡᠳᠡᠯᠭᠡ ᠶᠢᠨ ᠪᠥᠲᠦᠭᠡᠭᠳᠡᠬᠦᠨ ᠤ ᠥᠮᠴᠢᠯᠡᠬᠦ ᠡᠷᠬᠡ ᠪᠠᠷ ᠳᠠᠨᠵᠢᠯᠠᠵᠤ ᠵᠢᠭᠡᠯᠡᠯᠭᠡ ᠵᠢᠭᠡᠯᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠬᠤᠯᠪᠤᠭᠳᠠᠯ ᠪᠥᠬᠦᠢ ᠠᠵᠤ ᠠᠬᠤᠶᠢᠯᠠᠯ ᠤᠨ ᠬᠦᠳᠡᠯᠬᠦ ᠬᠥᠷᠦᠩᠭᠡ ᠪᠠᠷ  ᠪᠠᠷᠢᠴᠠᠭᠠᠯᠠᠵᠤ᠂ ᠮᠡᠳᠡᠯᠭᠡ ᠶᠢᠨ ᠪᠥᠲᠦᠭᠡᠭᠳᠡᠬᠦᠨ ᠤ ᠥᠮᠴᠢᠯᠡᠬᠦ ᠡᠷᠬᠡ ᠪᠠᠷ ᠳᠠᠨᠵᠢᠯᠠᠬᠤ ᠵᠡᠷᠭᠡ ᠪᠠᠷ ᠳᠠᠮᠵᠢᠭᠤᠯᠤᠨ ᠪᠠᠯᠠ ᠲᠣᠬᠢᠷᠠᠭᠤᠯᠬᠤ ᠶᠢ ᠵᠢᠯᠣᠭᠤᠳᠤᠨ ᠬᠠᠪᠰᠤᠷᠴᠤ᠂ ᠠᠵᠤ ᠠᠬᠤᠶᠢᠯᠠᠯ ᠢ ᠬᠠᠮᠤᠭ ᠤᠨ ᠶᠡᠭᠡ ᠬᠡᠮᠵᠢᠶ᠎ᠡ ᠪᠠᠷ ᠬᠠᠪᠰᠤᠷᠤᠨ ᠪᠠᠯᠠ ᠮᠥᠩᠭᠦ ᠶᠢᠨ ᠬᠦᠴᠢᠷᠳᠡᠯ ᠢ ᠨᠢ ᠰᠢᠳᠪᠦᠷᠢᠯᠡᠵᠤ ᠥᠭᠭᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠭᠤᠴᠢ  ᠦᠢᠯᠡᠴᠢᠯᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠰᠦᠢᠳᠬᠡᠯ ᠬᠤᠷᠢᠶᠠᠬᠤ ᠦᠭᠡᠶ ᠪᠤᠶᠤ ᠳᠣᠣᠷ᠎ᠠ ᠥᠪᠡᠷ ᠤᠨ ᠥᠷᠲᠡᠭ ᠢᠶᠠᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠣᠷᠣᠯᠠᠨ ᠭᠦᠢᠴᠡᠳᠬᠡᠬᠦ᠂ ᠮᠡᠳᠡᠯᠭᠡ ᠶᠢᠨ ᠪᠥᠲᠦᠭᠡᠭᠳᠡᠬᠦᠨ ᠤ ᠥᠮᠴᠢᠯᠡᠬᠦ ᠡᠷᠬᠡ ᠶᠢ ᠨᠠᠶᠢᠳᠠᠨ ᠬᠠᠮᠢᠶᠠᠷᠤᠭᠤᠯᠬᠤ ᠵᠡᠷᠭᠡ ᠦᠢᠯᠡᠴᠢᠯᠡᠭᠡ ᠬᠠᠩᠭᠠᠬᠤ ᠶᠢᠨ ᠬᠠᠮᠲᠤ ᠲᠡᠭᠦᠨ ᠢ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠥᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠡᠩ ᠲᠡᠷᠢᠭᠦᠨ ᠳᠤ ᠳᠡᠮᠵᠢᠬᠦ ᠡᠲᠡᠭᠡᠳ ᠲᠤ ᠵᠢᠭᠰᠠᠭᠠᠨ ᠣᠷᠤᠭᠤᠯᠤᠨ᠎ᠠ᠃      ᠵᠢᠷᠭᠤᠭ᠎ᠠ᠂ ᠠᠵᠤ ᠠᠬᠤᠶᠢᠯᠠᠯ ᠤᠨ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠪᠦᠬᠦ ᠬᠦᠴᠦᠨ ᠢᠶᠠᠷ ᠢᠶᠠᠨ ᠳᠡᠮᠵᠢᠨ᠎ᠡ᠃ ᠡᠮ ᠡᠮᠨᠡᠯᠭᠡ ᠶᠢᠨ ᠬᠦᠷᠢᠶᠡᠨ ᠳᠠᠬᠢ ᠬᠤᠳᠠᠯᠳᠤᠭᠠᠨ ᠤ ᠬᠡᠭᠡᠯᠢ ᠬᠠᠭ᠋ᠤᠤᠯᠢ ᠲᠦᠯᠬᠢᠬᠦ᠂ ᠭᠠᠭᠴᠠᠭᠠᠷ ᠡᠵᠡᠮᠰᠢᠬᠦ ᠦᠢᠯᠡ ᠠᠵᠢᠯᠯᠠᠭ᠎ᠠ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠵᠠᠬ᠎ᠠ ᠳᠡᠯᠭᠡᠭᠦᠷ ᠢ ᠬᠤᠳᠬᠤᠯᠳᠤᠭᠤᠯᠬᠤ᠂ ᠬᠤᠳᠠᠯ ᠬᠠᠭᠤᠷᠮᠠᠭ ᠢᠶᠠᠷ ᠤᠬᠠᠭᠤᠯᠬᠤ ᠵᠡᠷᠭᠡ ᠲᠥᠪ ᠭᠤᠤᠯᠴᠢ ᠥᠷᠢᠰᠥᠯᠳᠦᠭᠡᠨ ᠤ ᠣᠷᠴᠢᠨ ᠲᠣᠭᠤᠷᠢᠨ ᠢ ᠡᠪᠳᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠡᠯ᠎ᠡ ᠵᠦᠢᠯ ᠤᠨ ᠵᠠᠰᠠᠭ ᠵᠠᠬᠢᠷᠭᠠᠨ ᠤ  ᠵᠥᠪᠰᠢᠶᠡᠷᠡᠯ᠂ ᠵᠠᠭᠤᠴᠢ ᠦᠢᠯᠡᠴᠢᠯᠡᠭᠡᠨ ᠤ ᠵᠢᠭᠠᠨ ᠲᠣᠭᠲᠠᠭᠠᠭᠰᠠᠨ ᠦᠢᠯᠡᠴᠢᠯᠡᠭᠡ᠂ ᠠᠯᠪᠠᠳᠠᠯᠭ᠎ᠠ ᠶᠢᠨ ᠦᠢᠯᠡᠴᠢᠯᠡᠭᠡ ᠵᠡᠷᠭᠡ ᠦᠢᠯᠡ ᠠᠵᠢᠯᠯᠠᠭ᠎ᠠ ᠶᠢ ᠥᠴᠦᠬᠡᠨ ᠴᠦ ᠠᠭᠤᠴᠢᠯᠠᠬᠤ ᠥᠬᠡᠶ ᠪᠠᠶᠢᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠤ ᠦᠢᠯᠡᠳᠪᠦᠷᠢᠯᠡᠯ ᠢᠶᠠᠨ ᠰᠡᠷᠭᠦᠭᠡᠬᠦ ᠥᠪᠡᠷ ᠤᠨ ᠥᠷᠲᠡᠭ ᠢ ᠪᠠᠭᠠᠰᠬᠠᠨ᠎ᠠ᠃ ᠬᠤᠯᠪᠣᠭᠳᠠᠯ ᠪᠦᠬᠦᠢ ᠠᠵᠤ ᠠᠬᠤᠶᠢᠯᠠᠯ ᠤᠨ ᠲᠤᠰᠬᠠᠭᠰᠠᠨ ᠲᠦᠭᠦᠬᠡᠶ ᠮᠠᠲ᠋ᠧᠷᠢᠶᠠᠯ ᠤᠨ ᠦᠨ᠎ᠡ ᠬᠠᠩᠰᠢ ᠬᠡᠪ ᠤᠨ ᠪᠤᠰᠤ ᠪᠠᠷ ᠥᠰᠦᠭᠰᠡᠨ ᠵᠡᠷᠭᠡ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠦᠷᠬᠦᠯᠵᠢᠯᠡᠨ ᠪᠠᠷᠢᠮᠲᠠᠯᠠᠵᠤ᠂ ᠪᠠᠶᠢᠴᠠᠭᠠᠨ  ᠰᠢᠢᠳᠪᠦᠷᠢᠯᠡᠭᠰᠡᠨ ᠮᠡᠳᠡᠭᠡ ᠵᠠᠩᠬᠢ ᠶᠢᠢᠯᠡ ᠨᠡᠶᠢᠲᠡᠯᠡᠬᠦ ᠵᠢᠴᠢ ᠵᠠᠭᠤᠴᠢᠯᠠᠭᠤᠷ ᠤᠨ ᠢᠯᠡᠴᠢᠯᠡᠬᠦ ᠡᠷᠴᠢᠮ ᠢ ᠴᠢᠩᠭᠠᠷᠠᠭᠤᠯᠤᠨ᠎ᠠ᠃      ᠳᠣᠯᠤᠭ᠎ᠠ᠂ ᠠᠵᠤ ᠠᠬᠤᠶᠢᠯᠠᠯ ᠤᠨ ᠬᠠᠤᠯᠢ ᠶᠣᠰᠣᠭᠠᠷ ᠠᠵᠤ ᠠᠬᠤᠶᠢᠯᠠᠯ ᠤᠨ ᠢᠲᠡᠭᠡᠮᠵᠢ ᠪᠠᠨ ᠰᠡᠷᠭᠦᠭᠡᠬᠦ ᠶᠢ ᠪᠦᠬᠦ ᠬᠦᠴᠦᠨ ᠢᠶᠠᠷ ᠢᠶᠠᠨ ᠳᠡᠮᠵᠢᠨ᠎ᠡ᠃ ᠪᠥᠬᠦ ᠬᠤᠲᠠ ᠶᠢᠨ ᠡᠯ᠎ᠡ ᠭᠠᠵᠠᠷ ᠣᠷᠣᠨ ᠤ ᠣᠨ ᠤ ᠮᠡᠳᠡᠭᠦᠯᠦᠯᠲᠡ ᠶᠢᠨ ᠦᠢᠯᠡᠴᠢᠯᠡᠭᠡᠨ ᠤ ᠲᠤᠰᠬᠠᠶ  ᠤᠲᠠᠰᠤ ᠶᠢ ᠨᠡᠶᠢᠲᠡᠯᠡᠵᠤ᠂ ᠬᠤᠯᠪᠤᠭᠠᠴᠢᠨ ᠳᠡᠩᠰᠡᠯᠡᠯᠲᠡ ᠶᠢᠨ ᠮᠡᠳᠡᠭᠡ ᠵᠠᠩᠭᠢ ᠶᠢ ᠬᠤᠪᠢᠷᠠᠭᠤᠯᠬᠤ ᠶᠢ ᠠᠭᠤᠯᠵᠠᠬᠤ ᠦᠭᠡᠢ ᠪᠠᠷ ᠭᠦᠢᠴᠡᠳᠬᠡᠬᠦ ᠲᠤᠬᠠᠶᠢᠯᠠᠭᠰᠠᠨ ᠠᠵᠢᠯ ᠢ ᠥᠷᠨᠢᠭᠦᠯᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠤ ᠠᠬᠤᠶᠢᠯᠠᠯ ᠳᠤ ᠣᠨ ᠤ ᠮᠡᠳᠡᠭᠦᠯᠦᠯᠲᠡ ᠶᠢᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠨ᠎ᠠ᠃ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠳᠠᠩᠰᠠᠯᠠᠭᠤᠯᠤᠭᠰᠠᠨ ᠣᠷᠣᠨ ᠰᠠᠭᠤᠴᠠ ᠪᠠᠷ ᠨᠢ ᠳᠠᠮᠵᠢᠭᠤᠯᠤᠨ ᠬᠠᠷᠢᠯᠴᠠᠬᠤ ᠶᠢᠨ ᠠᠷᠭ᠎ᠠ ᠦᠭᠡᠢ ᠪᠣᠯᠪᠠᠴᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠤᠲᠠᠰᠤ ᠪᠠᠷ ᠨᠢ ᠬᠠᠷᠢᠯᠴᠠᠵᠤ ᠪᠣᠯᠬᠤ ᠠᠵᠤ ᠠᠬᠤᠶᠢᠯᠠᠯ ᠢ ᠡᠵᠡᠩᠨᠡᠯᠲᠡ ᠨᠢ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠲᠦᠷ ᠣᠷᠣᠭᠤᠯᠬᠤ ᠦᠭᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠡᠳ᠋ ᠪᠠᠷᠠᠭ᠎ᠠ ᠡᠵᠡᠩᠨᠡᠵᠦ ᠪᠠᠶᠢᠭ᠎ᠠ ᠠᠵᠤ ᠠᠬᠤᠶᠢᠯᠠᠯ ᠨᠢ ᠨᠢᠭᠡᠨᠲᠡ ᠡᠵᠡᠩᠨᠡᠯᠲᠡ ᠨᠢ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠤᠭᠰᠠᠨ ᠪᠣᠯ᠂ ᠠᠵᠤ ᠠᠬᠤᠶᠢᠯᠠᠯ ᠢᠶᠠᠷ ᠭᠤᠶᠤᠴᠢᠯᠠᠭᠤᠯᠤᠭᠠᠳ᠂ ᠲᠤᠲᠠᠭᠤ ᠶᠢ ᠪᠠᠭᠲᠠᠭᠠᠨ ᠤᠷᠢᠳᠴᠢᠯᠠᠨ ᠬᠢᠨᠠᠬᠤ ᠠᠷᠭ᠎ᠠ ᠮᠠᠶ᠋ᠢᠭ ᠢ ᠠᠪᠴᠤ᠂ ᠬᠠᠤᠯᠢ ᠶᠣᠰᠣᠭᠠᠷ ᠲᠦᠷᠭᠡᠬᠡᠨ ᠰᠢᠯᠵᠢᠭᠦᠯᠦᠨ ᠭᠠᠷᠭᠠᠵᠤ ᠪᠣᠯᠤᠨ᠎ᠠ᠃      ᠨᠠᠢᠮᠠ᠂ ᠠᠵᠤ ᠠᠬᠤᠶᠢᠯᠠᠯ ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ ᠪᠦᠬᠦ ᠬᠦᠴᠦᠨ ᠢᠶᠠᠷ ᠢᠶᠠᠨ ᠳᠠᠮᠵᠢᠨ᠎ᠠ᠃ ᠪᠠᠭᠲᠠᠭᠠᠮᠵᠢᠲᠠᠶ ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠪᠡᠶᠡᠴᠢ ᠪᠠ  ᠵᠣᠷᠢᠭᠤᠳᠠ ᠡᠰᠡᠬᠦ ᠪᠠᠷ ᠢᠯᠭᠠᠵᠤ᠂ ᠬᠠᠤᠯᠢ ᠠᠴᠠ ᠵᠥᠷᠢᠴᠡᠭᠰᠡᠨ ᠰᠢᠨᠵᠢ ᠴᠢᠨᠠᠷ᠂ ᠬᠦᠨᠳᠦ ᠬᠥᠩᠭᠡᠨ ᠢᠶᠠᠷ ᠢᠯᠭᠠᠵᠤ  ᠂  ᠬᠠᠤᠯᠢ ᠶᠢ ᠪᠠᠭ᠎ᠠ ᠰᠠᠭ᠎ᠠ ᠵᠦᠷᠢᠴᠡᠭᠰᠡᠨ᠂ ᠬᠥᠩᠭᠡᠪᠲᠦᠷ ᠬᠠᠤᠯᠢ ᠠᠴᠠ ᠵᠥᠷᠢᠴᠡᠭᠰᠡᠨ᠂ ᠨᠡᠶᠢᠭᠡᠮ ᠳᠤ ᠬᠦᠨᠳᠦ ᠨᠣᠴᠢᠲᠠᠶ ᠨᠥᠯᠥᠭᠡ ᠦᠵᠡᠭᠦᠯᠦᠭᠰᠡᠨ ᠦᠭᠡᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠵᠢᠯᠣᠭᠤᠳᠣᠯᠭ᠎ᠠ ᠬᠢᠬᠦ᠂ ᠵᠠᠷᠯᠢᠭᠳᠠᠨ ᠵᠠᠯᠠᠷᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠠᠵᠤ ᠠᠬᠤᠶᠢᠯᠠᠯ ᠢ ᠰᠢᠮᠳᠠᠭᠤᠯᠤᠨ ᠴᠡᠭᠴᠡᠯᠡᠨ  ᠰᠠᠶᠢᠵᠢᠷᠠᠭᠤᠯᠬᠤ ᠪᠤᠶᠤ ᠰᠢᠢᠳᠬᠡᠨ ᠲᠣᠷᠭᠠᠬᠤ ᠦᠭᠡᠢ᠂ ᠬᠥᠩᠭᠡᠷᠡᠭᠦᠯᠦᠨ ᠰᠢᠢᠳᠬᠡᠨ ᠲᠣᠷᠭᠠᠬᠤ ᠵᠡᠷᠭᠡ ᠠᠷᠭ᠎ᠠ ᠮᠠᠶ᠋ᠢᠭ ᠢ ᠠᠪᠴᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠪᠠᠨ ᠵᠢᠷᠤᠮᠵᠢᠭᠤᠯᠬᠤ ᠰᠤᠷᠭᠠᠨ ᠬᠥᠮᠦᠵᠢᠯ ᠬᠢᠨ᠎ᠡ᠃      ᠳᠡᠭᠡᠷᠡᠬᠢ ᠨᠠᠢᠮᠠᠨ ᠵᠦᠢᠯ ᠤᠨ ᠠᠷᠭ᠎ᠠ ᠬᠡᠮᠵᠢᠶ᠎ᠡ ᠶᠢ ᠬᠢᠵᠢᠭ ᠤᠨ ᠪᠠᠶᠢᠳᠠᠯ ᠠᠷᠢᠯᠲᠠᠯ᠎ᠠ ᠬᠡᠷᠡᠭᠵᠢᠭᠦᠯᠦᠨ᠎ᠡ᠃ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠡᠶᠢᠲᠡᠯᠡᠭᠰᠡᠨ ᠬᠠᠮᠢᠶ᠎ᠠ ᠪᠥᠬᠦᠶ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠠᠮᠲᠤ ᠳᠤᠨᠢ ᠵᠢᠷᠤᠮᠯᠠᠨ ᠬᠡᠷᠡᠭᠵᠢᠭᠦᠯᠦᠨ᠎ᠡ᠃                       ᠬᠦᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                       2020 ᠣᠨ ᠤ 2 ᠰᠠᠷ᠎ᠠ ᠶᠢᠨ 25 ᠤ ᠡᠳᠦᠷ
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号