ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠭᠠᠷᠳᠠᠨ ᠭᠦᠢᠴᠡᠳᠬᠡᠬᠦ ᠠᠵᠢᠯ ᠤᠨ ᠴᠤᠪᠤᠷᠠᠯ ᠳᠤ ᠲᠣᠬᠢᠷᠠᠭᠤᠯᠤᠯᠲᠠ ᠬᠢᠬᠦ ᠲᠤᠬᠠᠢ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠥᠪ ᠤᠨ ᠮᠡᠳᠡᠭᠳᠡᠯ
ᠨᠡᠶᠢᠲᠡᠯᠡᠭᠰᠡᠨ ᠴᠠᠭ᠄
2020-06-01
         ᠬᠥᠬᠡᠬᠤᠲᠠ ᠡᠮᠴᠢᠯᠡᠭᠡ ᠳᠠᠭᠠᠳᠬᠠᠯ ᠦᠰᠦᠭ ﹇2020﹈1 ᠳ᠋ᠦ᠋ᠭᠡᠷ ᠲᠣᠭᠠᠲᠤ          2020 ᠣᠨ ᠤ 2 ᠳ᠋ᠤᠭᠠᠷ ᠰᠠᠷ᠎ᠠ ᠶᠢᠨ 12 ᠤᠨ ᠡᠳᠦᠷ ᠡᠯ᠎ᠡ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠶᠴᠡᠳᠬᠡᠬᠦ ᠪᠠᠶᠢᠭᠤᠯᠤᠮᠵᠢ᠂ ᠡᠯ᠎ᠡ ᠳᠠᠭᠠᠳᠬᠠᠯ ᠳᠤ ᠣᠷᠣᠯᠴᠠᠭᠰᠠᠨ ᠨᠢᠭᠡᠴᠡ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ᠄      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠠᠮᠵᠢᠯᠴᠠᠵᠤ᠂ ᠬᠥᠮᠦᠰ ᠤᠨ ᠴᠤᠭᠯᠠᠷᠠᠬᠤ ᠶᠢ ᠪᠠᠭᠠᠰᠬᠠᠵᠤ᠂ ᠬᠠᠯᠳᠠᠪᠤᠷᠢᠯᠠᠬᠤ ᠲᠦᠭᠰᠢᠭᠦᠷᠢ ᠶᠢ ᠪᠠᠭᠤᠷᠠᠭᠤᠯᠬᠤ ᠶᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠭᠠᠷᠲᠠᠨ ᠭᠦᠶᠴᠡᠳᠬᠡᠬᠦ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ ᠎ᠠ ᠶᠢᠨ ᠮᠡᠳᠡᠭᠳᠡᠯ︾ ︵ᠥᠪᠥᠷ ᠡᠮᠴᠢᠯᠡᠭᠡ ᠳᠠᠭᠠᠳᠬᠠᠯ ᠲᠠᠷᠬᠠᠭᠠᠭᠰᠠᠨ ﹇2020﹈ 1 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠭᠠᠷᠲᠠᠨ ᠭᠦᠶᠴᠡᠳᠬᠡᠬᠦ ᠠᠵᠢᠯ ᠤᠨ ᠴᠤᠪᠤᠷᠠᠯ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠪᠠ᠄      ᠨᠢᠭᠡ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ      ︵ᠨᠢᠭᠡ︶ ᠳᠠᠩᠰᠠ ᠪᠠᠶᠢᠭᠤᠯᠬᠤ᠂ ᠳᠠᠩᠰᠠᠨ ᠳᠤ ᠣᠷᠣᠭᠰᠠᠨ ᠢ ᠨᠤᠲᠠᠯᠠᠬᠤ᠂ ᠳᠠᠩᠰᠠ ᠰᠢᠯᠵᠢᠭᠦᠯᠬᠦ     1. ᠭᠤᠷᠪᠠᠨ ᠲᠠᠯ᠎ᠠ ᠪᠠᠷ ᠢᠶᠠᠨ ᠬᠡᠯᠡᠯᠴᠡᠨ ᠲᠣᠭᠲᠠᠭᠰᠠᠨ ᠬᠡᠯᠪᠡᠷᠢ ᠪᠠᠷ ᠰᠦᠶᠳᠬᠡᠯ ᠲᠤᠰᠢᠶᠠᠭᠰᠠᠨ ᠪᠠᠶᠢᠪᠠᠯ᠂ ᠡᠯᠧᠺᠲᠷᠣᠨ ᠬᠡᠪᠯᠡᠯ ᠤᠨ ᠭᠤᠷᠪᠠᠨ ᠲᠠᠯ᠎ᠠ ᠪᠠᠷ ᠢᠶᠠᠨ ᠬᠡᠯᠡᠯᠴᠡᠨ ᠲᠣᠭᠲᠠᠭᠰᠠᠨ ᠰᠦᠶᠳᠬᠡᠯ ᠲᠤᠰᠢᠶᠠᠬᠤ ᠨᠠᠷᠢᠨ ᠵᠦᠶᠯᠡᠰ ᠢᠶᠠᠷ ᠪᠠᠷᠢᠮᠵᠢᠶ᠎ᠠ ᠪᠣᠯᠭᠠᠵᠤ᠂ ᠰᠢᠭᠤᠳ ᠰᠠᠭᠤᠷᠢ ᠮᠥᠩᠭᠦ ᠶᠢᠨ ᠲᠠᠩᠰᠠᠨ ᠳᠤ ᠣᠷᠣᠭᠰᠠᠨ ᠨᠤᠲᠠᠯᠠᠯᠲᠠ ᠬᠢᠵᠦ᠂ ᠬᠢᠵᠢᠭ ᠤᠨ ᠪᠠᠶᠢᠳᠠᠯ ᠳᠠᠭᠤᠰᠤᠭᠰᠠᠨ ᠤ ᠳᠠᠷᠠᠭ᠎ᠠ ᠴᠠᠭᠠᠰᠤᠨ ᠬᠡᠪᠯᠡᠯ ᠢ ᠨᠥᠬᠦᠵᠦ ᠪᠦᠷᠢᠯᠳᠦᠭᠦᠯᠦᠨ᠎ᠡ︔ ᠤᠯᠠᠮᠵᠢᠯᠠᠯᠲᠤ ᠪᠠᠷᠢᠮᠲᠠ ᠪᠠᠷ ᠰᠦᠶᠳᠬᠡᠯ ᠲᠤᠰᠢᠶᠠᠵᠣ᠂ ᠰᠠᠭᠤᠷᠢ ᠮᠥᠩᠭᠦ ᠶᠢ ᠲᠠᠩᠰᠠᠨ ᠳᠤ ᠣᠷᠣᠭᠤᠯᠬᠤ ᠶᠢ ᠭᠦᠢᠴᠡᠳᠬᠡᠬᠦ ᠪᠠᠴᠢᠮ ᠬᠡᠷᠡᠭᠴᠡᠭᠡ ᠲᠠᠢ ᠪᠠᠶᠢᠪᠠᠯ᠂ ᠸᠢᠴᠠᠲ ᠢᠶᠠᠷ ᠳᠠᠮᠵᠢᠭᠤᠯᠤᠨ ᠰᠦᠶᠳᠬᠡᠯ ᠲᠤᠰᠢᠶᠠᠭᠰᠠᠨ ᠫᠢᠶᠣᠣ ᠪᠠᠷᠢᠮᠲᠠ ᠶᠢ ᠳᠡᠭᠡᠭᠰᠢ ᠳᠠᠮᠵᠢᠭᠤᠯᠵᠤ᠂ ᠤᠷᠢᠳ ᠢᠶᠠᠷ ᠳᠠᠩᠰᠠᠨ ᠳᠤ ᠣᠷᠣᠭᠰᠠᠨ ᠨᠤᠲᠠᠯᠠᠯᠲᠠ ᠬᠢᠵᠦ᠂ ᠬᠢᠵᠢᠭ ᠤᠨ ᠪᠠᠶᠢᠳᠠᠯ ᠳᠠᠭᠤᠰᠤᠭᠰᠠᠨ ᠤ ᠳᠠᠷᠠᠭ᠎ᠠ ᠣᠭ ᠡᠬᠡ ᠶᠢ ᠨᠢ ᠨᠥᠬᠦᠵᠦ ᠭᠦᠢᠴᠡᠳᠬᠡᠨ᠎ᠡ︔ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠲᠠᠩᠰᠠ ᠬᠠᠷᠭᠤᠭᠤᠯᠬᠤ ᠲᠤᠬᠠᠶᠢᠯᠠᠭᠰᠠᠨ ᠠᠵᠢᠯ ᠭᠦᠶᠴᠡᠳᠬᠡᠬᠦ ᠴᠢᠬᠤᠯᠠ ᠲᠠᠢ ᠪᠠᠶᠢᠪᠠᠯ᠂ ᠲᠠᠩᠰᠠᠨ ᠡᠷᠦᠬᠡ ᠶᠢᠨ ᠰᠠᠯᠠᠭ᠎ᠠ ᠲᠠᠢ ᠨᠡᠪᠲᠡᠷᠡᠯᠴᠡᠭᠰᠡᠨ ᠤ ᠳᠠᠷᠠᠭ᠎ᠠ᠂ ᠨᠢᠭᠡᠴᠡ ᠶᠢᠨ ᠲᠤᠰᠬᠠᠶ ᠬᠠᠮᠢᠶᠠᠷᠤᠭᠴᠢ ᠪᠤᠶᠤ ᠰᠦᠶᠳᠬᠡᠯ ᠲᠤᠰᠢᠶᠠᠬᠤ ᠬᠤᠪᠢ ᠬᠥᠮᠦᠨ ᠤᠲᠠᠰᠤᠳᠠᠭᠰᠠᠨ ᠤ ᠳᠠᠷᠠᠭ᠎ᠠ ᠸᠢᠴᠠᠲ ᠤᠨ ᠺᠣᠳ᠋ ᠰᠢᠷᠪᠢᠬᠦ ᠪᠠᠷ ᠳᠠᠮᠵᠢᠭᠤᠯᠤᠨ ︽ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠰᠠᠯᠠᠭ᠎ᠠ ᠶᠢᠨ ᠲᠤᠬᠠᠶᠢᠯᠠᠭᠰᠠᠨ ᠠᠵᠢᠯ ᠢ ᠭᠠᠷᠲᠠᠨ ᠭᠦᠶᠴᠡᠳᠬᠡᠬᠦ ᠬᠤᠯᠪᠣᠭ᠎ᠠ︾ ᠳᠤ ᠣᠷᠣᠵᠤ᠂ ᠨᠢᠭᠡᠴᠡ ᠪᠤᠶᠤ ᠬᠤᠪᠢ ᠬᠥᠮᠦᠨ ᠤ ᠸᠢᠴᠠᠲ ᠤᠨ ᠡᠯᠧᠺᠲᠷᠣᠨ ᠬᠡᠷᠡᠯ ᠵᠢᠷᠤᠭ ᠢᠶᠠᠷ ᠲᠠᠩᠰᠠ ᠬᠠᠷᠭᠤᠭᠤᠯᠬᠤ ᠦᠨᠳᠦᠰᠦᠯᠡᠯ ᠪᠣᠯᠭᠠᠨ ᠭᠦᠢᠴᠡᠳᠬᠡᠵᠦ ᠪᠣᠯᠣᠨ᠎ᠠ᠃      2. ᠨᠢᠭᠡᠴᠡ ᠶᠢᠨ ᠲᠠᠩᠰᠠ ᠰᠢᠯᠵᠢᠭᠦᠯᠬᠦ ᠵᠢᠴᠢ ᠠᠵᠢᠯ ᠤᠨ ᠪᠠᠶᠢᠷᠢ ᠶᠢᠨ ᠬᠠᠷᠠᠭᠠᠯᠵᠠᠯ ᠢ ᠠᠵᠢᠯ ᠠᠴᠠ ᠪᠠᠨ ᠠᠮᠠᠷᠠᠭᠰᠠᠨ ᠬᠠᠷᠠᠭᠠᠯᠵᠠᠯ ᠳᠤ ᠰᠢᠯᠵᠢᠭᠦᠯᠬᠦ ᠶᠢ ᠤᠲᠠᠰᠤᠳᠠᠬᠤ ᠪᠤᠶᠤ ᠸᠢᠴᠠᠲ ᠢᠶᠠᠷ ᠺᠣᠳ᠋ ᠰᠢᠷᠪᠢᠵᠦ ︽ᠡᠮᠴᠢᠯᠡᠭᠡᠨ  ᠤ ᠳᠠᠭᠠᠳᠬᠠᠯ ᠤᠨ ᠲᠠᠩᠰᠠ ᠰᠢᠯᠵᠢᠭᠦᠯᠬᠦ ᠬᠤᠯᠪᠣᠭ᠎ᠠ︾ ᠳᠤ ᠣᠷᠣᠵᠤ ᠭᠦᠢᠴᠡᠳᠬᠡᠵᠦ ᠪᠣᠯᠣᠨ᠎ᠠ᠃      3. ᠰᠣᠶᠣᠯ ᠤᠨ ᠬᠤᠪᠢᠰᠬᠠᠯ ᠳᠤ ᠵᠡᠮᠳᠡᠭ ᠪᠣᠯᠣᠭᠰᠠᠨ ᠬᠥᠮᠥᠰ ᠪᠠ ᠠᠵᠢᠯ ᠠᠴᠠ ᠪᠠᠨ ᠠᠮᠠᠷᠠᠭᠰᠠᠳ ᠤᠨ ᠬᠤᠪᠢ ᠬᠥᠮᠦᠨ ᠤ ᠳᠠᠩᠰᠠᠨ ᠡᠷᠦᠬᠡ ᠪᠠᠶᠢᠭᠤᠯᠬᠤ ᠲᠤᠬᠠᠶᠢᠯᠠᠭᠰᠠᠨ ᠠᠵᠢᠯ ᠢ ᠤᠲᠠᠰᠤ ᠪᠠᠷ ᠭᠦᠶᠴᠡᠳᠬᠡᠵᠦ ᠪᠣᠯᠤᠨ᠎ᠠ       ︵ᠬᠤᠶᠠᠷ︶ ᠠᠵᠢᠯ ᠠᠴᠠ ᠪᠠᠨ ᠠᠮᠠᠷᠠᠭᠰᠠᠳ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ      1. ᠠᠵᠢᠯ ᠠᠴᠠ ᠪᠠᠨ ᠠᠮᠠᠷᠠᠭᠰᠠᠳ ᠤᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠤᠨ ᠦᠯᠡᠳᠡᠭᠰᠡᠨ ᠵᠢᠯ ᠤᠨ ᠰᠦᠢᠳᠬᠡᠯ ᠢ ᠨᠢᠭᠡ ᠯᠡ ᠤᠳᠠᠭ᠎ᠠ ᠳᠤ ᠲᠤᠰᠢᠶᠠᠬᠤ ᠶᠢ ᠬᠢᠨᠠᠨ ᠲᠣᠭᠲᠠᠭᠠᠬᠤ᠂ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠳ ᠤᠨ ᠳᠠᠮᠵᠢᠭᠤᠯᠬᠤ ᠬᠥᠮᠥᠷᠭᠡ ᠳᠤ ᠰᠢᠯᠵᠢᠭᠦᠯᠬᠦ ᠲᠤᠬᠠᠶᠢᠯᠠᠭᠰᠠᠨ ᠠᠵᠢᠯ ᠢ ᠤᠲᠠᠰᠤ ᠪᠠᠷ ᠭᠦᠶᠴᠡᠳᠬᠡᠵᠦ ᠪᠣᠯᠤᠨ᠎ᠠ᠃      2. ᠠᠵᠢᠯ ᠠᠴᠠ ᠪᠠᠨ ᠠᠮᠠᠷᠠᠭᠰᠠᠳ ᠤᠨ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠢ ᠬᠢᠨᠠᠨ ᠲᠣᠭᠲᠠᠭᠠᠬᠤ ᠳᠤ᠄ 2019 ᠣᠨ ᠳᠤ ᠬᠡᠪ ᠤᠨ ᠶᠣᠰᠣᠭᠠᠷ ᠰᠦᠶᠳᠬᠡᠯ ᠲᠤᠰᠢᠶᠠᠭᠰᠠᠨ ᠠᠵᠢᠯ ᠠᠴᠠ ᠪᠠᠨ ᠠᠮᠠᠷᠠᠭᠰᠠᠳ ᠰᠢᠭᠤᠳ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠬᠦᠷᠴᠦ ᠰᠦᠶᠳᠬᠡᠯ ᠲᠤᠰᠢᠶᠠᠵᠤ ᠪᠣᠯᠤᠨ᠎ᠠ︔ ᠳᠠᠭᠠᠳᠬᠠᠯ ᠲᠠᠰᠤᠯᠬᠤ᠂ ᠳᠠᠭᠠᠳᠬᠠᠯ ᠦᠷᠭᠦᠯᠵᠢᠯᠡᠭᠦᠯᠬᠦ ᠵᠢᠴᠢ ᠠᠩᠬ᠎ᠠ ᠤᠳᠠᠭ᠎ᠠ ᠠᠵᠢᠯ ᠠᠴᠠ ᠪᠠᠨ ᠠᠮᠠᠷᠠᠭᠰᠠᠳ ᠤᠨ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠳᠤ ᠤᠲᠠᠰᠤ ᠪᠠᠷ ᠭᠦᠶᠴᠡᠳᠬᠡᠵᠦ ᠪᠣᠯᠤᠨ᠎ᠠ᠃       ︵ᠭᠤᠷᠪᠠ︶ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ      1. ᠡᠮᠨᠡᠯᠭᠡ ᠶᠢᠨ ᠬᠤᠷᠢᠶ᠎ᠠ ᠳᠤ ᠡᠪᠡᠳᠴᠢᠨ ᠦᠵᠡᠭᠦᠯᠬᠦ ᠳᠤ ᠪᠠᠴᠢᠮ ᠬᠡᠷᠡᠭᠯᠡᠬᠦ ᠪᠠ ᠡᠮᠴᠢᠯᠡᠭᠡᠨ ᠤ ᠳᠠᠭᠠᠳᠬᠠᠯ ᠤᠨ ᠠᠵᠢᠯ ᠤᠨ ᠪᠠᠶᠢᠷᠢ ᠶᠢᠨ ᠬᠠᠷᠠᠭᠠᠯᠵᠠᠯ ᠢ ᠠᠵᠢᠯ ᠠᠴᠠ ᠪᠠᠨ ᠠᠮᠠᠷᠠᠭᠰᠠᠨ ᠬᠠᠷᠠᠭᠠᠯᠵᠠᠯ ᠳᠤ ᠰᠢᠯᠵᠢᠭᠦᠯᠬᠦ ᠳᠤ ᠬᠤᠯᠪᠣᠭᠳᠠᠭᠰᠠᠨ ᠬᠥᠮᠦᠰ ᠤᠲᠠᠰᠤ ᠪᠠᠷ ᠤᠷᠢᠳᠴᠢᠯᠠᠨ ᠪᠣᠯᠵᠣᠵᠤ᠂ ᠪᠦᠯᠦᠭ ᠤᠳᠠᠭ᠎ᠠ ᠬᠤᠪᠢᠶᠠᠵᠤ᠂ ᠴᠠᠭ ᠬᠤᠪᠢᠶᠠᠵᠤ᠂ ᠨᠢᠭᠡᠳ ᠨᠢᠭᠡ ᠪᠠᠷ ᠭᠦᠶᠴᠡᠳᠬᠡᠨ᠎ᠡ︔ ᠪᠤᠰᠤᠳ ᠬᠥᠮᠦᠰ ᠢ ᠲᠦᠷ ᠬᠤᠶᠢᠰᠢᠯᠠᠭᠤᠯᠤᠨ ᠭᠦᠢᠴᠡᠳᠬᠡᠨ᠎ᠡ᠃      2. ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠬᠥᠮᠦᠰ ᠤᠲᠠᠰᠤ ᠪᠠᠷ ᠳᠠᠮᠵᠢᠭᠤᠯᠤᠨ ᠭᠦᠢᠴᠡᠳᠬᠡᠵᠦ ᠪᠠᠶᠢᠭ᠎ᠠ ᠠᠬᠢᠴᠠ ᠵᠢᠴᠢ ᠡᠮᠴᠢᠯᠡᠭᠡᠨ ᠤ ᠬᠠᠷᠢᠴᠠᠭ᠎ᠠ ᠶᠢ ᠰᠢᠯᠵᠢᠭᠦᠯᠬᠦ ᠳᠠᠩᠰᠠ ᠡᠪᠬᠡᠮᠡᠯ ᠤᠨ ᠳ᠋ᠤᠭᠠᠷᠯᠠᠯ ᠢ ᠯᠠᠪᠯᠠᠵᠤ ᠪᠣᠯᠣᠨ᠎ᠠ᠃       ︵ᠳᠥᠷᠪᠡ︶ ᠵᠠᠷᠤᠳᠠᠯ ᠢ ᠳ᠋ᠦᠩᠨᠡᠨ ᠪᠣᠳᠣᠬᠤ ᠵᠢᠴᠢ ᠪᠡᠯᠡ ᠮᠥᠩᠭᠦ ᠶᠢ ᠰᠠᠯᠭᠠᠨ ᠥᠭᠬᠦ      1. ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠰᠠᠷ᠎ᠠ ᠪᠠᠷ ᠳ᠋ᠦᠩᠨᠡᠨ ᠪᠣᠳᠣᠬᠤ ᠳᠠᠭᠠᠨ ᠲᠦᠷ ᠴᠠᠭ ᠡᠮᠨᠡᠯᠭᠡ ᠶᠢᠨ ᠳ᠋ᠦᠩᠨᠡᠨ ᠪᠤᠳᠤᠬᠤ ᠰᠢᠰᠲ᠋ᠧᠮ ᠤᠨ ᠲᠤᠭ᠎ᠠ ᠪᠠᠷᠢᠮᠲᠠ ᠶᠣᠰᠣᠭᠠᠷ ᠰᠠᠯᠭᠠᠨ ᠥᠭᠴᠦ᠂ ᠰᠠᠭᠤᠷᠢ ᠮᠥᠩᠭᠦᠨ ᠤ ᠰᠠᠯᠠᠭ᠎ᠠ ᠲᠦᠷ ᠴᠠᠭ ᠬᠤᠯᠪᠣᠭᠳᠠᠯ ᠪᠥᠬᠦᠶ ᠰᠠᠯᠠᠭ᠎ᠠ ᠲᠠᠰᠤᠭ ᠤᠨ ᠬᠠᠩᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠠᠷᠤᠳᠠᠯ ᠢ ᠰᠠᠯᠭᠠᠨ ᠥᠭᠬᠦ ᠨᠠᠷᠢᠨ ᠲᠠᠩᠰᠠ ᠪᠠᠷ ᠪᠠᠯᠠ ᠮᠥᠩᠭᠦ ᠰᠠᠯᠭᠠᠨ ᠥᠭᠬᠦ ᠭᠡᠷᠡᠴᠢ ᠪᠠᠷᠢᠮᠲᠠ ᠪᠣᠯᠭᠠᠵᠤ᠂ ᠬᠢᠵᠢᠭ ᠤᠨ ᠪᠠᠶᠢᠳᠠᠯ ᠳᠠᠭᠤᠰᠤᠭᠰᠠᠨ ᠤ ᠳᠠᠷᠠᠭ᠎ᠠ ᠵᠠᠷᠤᠳᠠᠯ ᠢ ᠳ᠋ᠦᠩᠨᠡᠨ ᠪᠤᠳᠤᠬᠤ ᠶᠢ ᠬᠦᠯᠢᠶᠡᠨ ᠠᠪᠴᠤ ᠰᠢᠶᠳᠪᠦᠷᠢᠯᠡᠬᠦ ᠶᠢ ᠬᠠᠷᠢᠭᠤᠴᠠᠬᠤ ᠬᠤᠯᠪᠣᠭᠳᠠᠯ ᠪᠥᠬᠦᠶ ᠰᠠᠯᠠᠭ᠎ᠠ ᠲᠠᠰᠤᠭ ᠠᠴᠠ ᠴᠠᠭᠠᠰᠤᠨ ᠳᠠᠩᠰᠠ ᠬᠠᠷᠭᠤᠭᠤᠯᠤᠭᠰᠠᠨ ᠬᠠᠭᠤᠳᠠᠰᠤ ᠪᠠ ᠳ᠋ᠦᠩᠨᠡᠨ ᠪᠣᠳᠣᠭᠰᠠᠨ ᠪᠠᠷᠢᠮᠲᠠ ᠶᠢ ᠨᠥᠬᠦᠨ ᠪᠦᠷᠢᠳᠦᠭᠦᠯᠬᠦ ᠶᠢ ᠬᠠᠷᠢᠭᠤᠴᠠᠵᠤ᠂ ᠰᠠᠭᠤᠷᠢ ᠮᠥᠩᠭᠦᠨ ᠤ ᠰᠠᠯᠠᠭ᠎ᠠ ᠳᠤ ᠰᠢᠯᠵᠢᠭᠦᠯᠦᠨ ᠲᠤᠰᠢᠶᠠᠨ᠎ᠠ︔ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠳᠠᠩᠰᠠ ᠰᠢᠯᠵᠢᠭᠦᠯᠬᠦ ᠵᠣᠭᠤᠰᠣᠨ ᠪᠠᠷᠢᠮᠲᠠ ᠶᠢᠨ ᠲᠤᠬᠠᠶᠢᠯᠠᠭᠰᠠᠨ ᠠᠵᠢᠯ ᠢ ᠳᠠᠬᠢᠵᠤ ᠬᠢᠵᠦ ᠥᠭᠬᠦ ᠦᠭᠡᠶ᠂ ᠪᠦᠬᠦᠨ ᠢ ᠰᠦᠯᠵᠢᠶᠡᠨ ᠪᠠᠩᠬᠢ ᠪᠠᠷ ᠥᠭᠭᠦᠨ᠎ᠡ᠃ ᠡᠯ᠎ᠡ ᠬᠤᠰᠢᠭᠤ ᠰᠢᠶᠠᠨ ᠲᠣᠭᠤᠷᠢᠭ ᠤᠨ ᠪᠠᠯᠠ ᠮᠥᠩᠭᠦ ᠶᠢ ᠰᠠᠯᠭᠠᠨ ᠥᠭᠬᠦ ᠶᠢ ᠵᠠᠷᠴᠢᠮ ᠳᠡᠭᠡᠷ᠎ᠡ ᠪᠠᠨ ᠮᠥᠨ ᠤᠤᠯ ᠤᠨ ᠴᠤᠪᠤᠷᠠᠯ ᠢᠶᠠᠷ ᠭᠦᠶᠴᠡᠳᠬᠡᠨ᠎ᠡ᠂ ᠬᠡᠷᠪᠡ ᠤᠤᠯ ᠤᠨ ᠴᠤᠪᠤᠷᠠᠯ ᠢ ᠭᠦᠶᠴᠡᠳᠬᠡᠬᠦ ᠳᠤ ᠬᠦᠴᠢᠷᠲᠡᠶ ᠪᠣᠯ ᠸᠢᠴᠠᠲ ᠢᠶᠠᠷ ᠡᠯᠧᠺᠲᠷᠣᠨ ᠪᠠᠯᠠ ᠮᠥᠩᠭᠦ ᠭᠤᠶᠤᠴᠢᠯᠠᠬᠤ ᠮᠡᠳᠡᠭᠦᠯᠦᠯᠲᠡ ᠪᠠᠷ ᠳᠠᠮᠵᠢᠭᠤᠯᠵᠤ᠂ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠲᠥᠪ ᠠᠴᠠ ᠳᠠᠷᠤᠮᠠᠯᠯᠠᠵᠤ᠂ ᠬᠤᠯᠪᠣᠭᠳᠠᠯ ᠪᠥᠬᠦᠶ ᠰᠠᠯᠠᠭ᠎ᠠ ᠲᠠᠰᠤᠭ ᠵᠢᠴᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠭᠠᠷ ᠤᠨ ᠥᠰᠥᠭ ᠵᠢᠷᠤᠭᠰᠠᠨ ᠤ ᠳᠠᠷᠠᠭ᠎ᠠ᠂ ᠪᠠᠯᠠ ᠮᠥᠩᠭᠦ ᠰᠠᠯᠭᠠᠨ ᠥᠭᠬᠦ ᠭᠡᠷᠡᠴᠢ ᠪᠠᠷᠢᠮᠲᠠ ᠪᠣᠯᠭᠠᠵᠤ᠂ ᠰᠠᠭᠤᠷᠢ ᠮᠥᠩᠭᠦᠨ  ᠤ ᠰᠠᠯᠠᠭ᠎ᠠ ᠰᠦᠯᠵᠢᠶᠡᠨ ᠪᠠᠩᠬᠢ ᠪᠠᠷ ᠳᠠᠮᠵᠢᠭᠤᠯᠤᠨ ᠪᠠᠯᠠ ᠮᠥᠩᠭᠦ ᠰᠠᠯᠭᠠᠨ ᠥᠭᠴᠦ᠂ ᠬᠢᠵᠢᠭ ᠤᠨ ᠪᠠᠶᠢᠳᠠᠯ ᠳᠠᠭᠤᠰᠤᠭᠰᠠᠨ ᠤ ᠳᠠᠷᠠᠭ᠎ᠠ ᠤᠤᠯ ᠮᠠᠲ᠋ᠧᠷᠢᠶᠠᠯ ᠢ ᠨᠥᠬᠦᠵᠦ ᠪᠦᠷᠢᠯᠳᠦᠭᠦᠯᠦᠨ᠎ᠡ︔ ᠡᠮᠴᠢᠯᠡᠭᠡᠨ ᠤ ᠪᠠᠶᠢᠭᠤᠯᠤᠮᠵᠢ  ᠶᠢᠨ ᠣᠯᠭᠤᠮᠵᠢ ᠶᠢ ᠰᠠᠯᠭᠠᠨ ᠥᠭᠬᠦ ᠶᠠᠪᠤᠴᠠ ᠳᠤ᠂ ᠪᠠᠯᠠ ᠮᠥᠩᠭᠦ ᠶᠢᠨ ᠲᠠᠩᠰᠠᠨ ᠨᠣᠮᠧᠷ ᠢ ᠲᠠᠩ ᠭᠠᠭᠴᠠ ᠬᠤᠪᠢᠷᠠᠭᠤᠯᠬᠤ ᠪᠠ ᠰᠢᠨ᠎ᠡ ᠪᠠᠷ ᠬᠠᠩᠭᠠᠬᠤ ᠴᠢᠬᠤᠯᠠᠲᠠᠶ ᠪᠠᠶᠢᠪᠠᠯ᠂ ᠬᠠᠮᠢᠶ᠎ᠠ ᠪᠥᠬᠦᠶ ᠮᠡᠳᠡᠭᠡ ᠵᠠᠩᠭᠢ ᠶᠢᠨ ᠡᠯᠧᠺᠲᠷᠣᠨ ᠬᠡᠪᠯᠡᠯ ᠢ ᠰᠠᠭᠤᠷᠢ ᠮᠥᠩᠭᠦᠨ ᠤ ᠰᠠᠯᠠᠭᠠᠨ ᠤ ᠰᠢᠦᠳᠠᠨ ᠤ ᠬᠠᠶᠢᠷᠴᠠᠭ ᠲᠤ ᠶᠠᠪᠤᠭᠤᠯᠵᠤ ᠭᠦᠶᠴᠡᠳᠬᠡᠨ ᠂ ᠬᠢᠵᠢᠭ ᠤᠨ ᠪᠠᠶᠢᠳᠠᠯ ᠤᠨ ᠳᠠᠷᠠᠭ᠎ᠠ ᠴᠠᠭᠠᠰᠤᠨ ᠮᠠᠲ᠋ᠧᠷᠢᠶᠠᠯ ᠢ ᠨᠥᠬᠦᠵᠦ ᠪᠦᠷᠢᠯᠳᠦᠭᠦᠯᠦᠨ᠎ᠡ᠂ ᠪᠠᠶᠢᠭᠤᠯᠤᠮᠵᠢ ᠶᠢᠨ ᠬᠠᠤᠯᠢ ᠶᠢᠨ ᠡᠷᠬᠡᠲᠡᠨ᠂ ᠪᠠᠶᠢᠭᠤᠯᠤᠮᠵᠢ ᠶᠢᠨ ᠨᠡᠷᠡᠶᠢᠳᠦᠯ ᠵᠡᠷᠭᠡ ᠴᠢᠬᠤᠯᠠ ᠮᠡᠳᠡᠭᠡ ᠵᠠᠩᠭᠢ ᠳᠤ ᠬᠤᠪᠢᠷᠠᠯᠲᠠ ᠭᠠᠷᠪᠠᠯ ᠂ ᠭᠦᠶᠴᠡᠳᠬᠡᠬᠦ ᠶᠢ ᠲᠦᠷ ᠬᠤᠶᠢᠰᠢᠯᠠᠭᠤᠯᠤᠨ᠎ᠠ᠃      2. ᠬᠤᠪᠢ ᠬᠥᠮᠦᠨ ᠤ ᠡᠮᠴᠢᠯᠡᠭᠡᠨ ᠤ ᠵᠠᠷᠤᠳᠠᠯ ᠤᠨ ᠲᠠᠩᠰᠠ ᠲᠠᠶᠢᠯᠬᠤ ᠶᠢ ᠲᠦᠷ ᠬᠤᠶᠢᠰᠢᠯᠠᠭᠤᠯᠵᠤ᠂ ᠲᠠᠩᠰᠠ ᠲᠠᠶᠢᠯᠬᠤ ᠪᠠᠴᠢᠮ ᠬᠡᠷᠡᠭᠴᠡᠭᠡ ᠲᠠᠢ ᠬᠥᠮᠦᠰ ᠤᠲᠠᠰᠤ ᠪᠠᠷ ᠤᠷᠢᠳᠴᠢᠯᠠᠨ ᠪᠣᠯᠵᠣᠵᠤ ᠭᠦᠶᠴᠡᠳᠬᠡᠨ᠎ᠡ᠃       ︵ᠲᠠᠪᠤ︶ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ      1. ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠡᠮ ᠤᠨ ᠳᠡᠯᠭᠡᠭᠦᠷ ᠠᠴᠠ ᠡᠮ ᠬᠤᠳᠠᠯᠳᠤᠨ ᠠᠪᠬᠤ ᠶᠢ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠪᠠ ᠤᠳᠠᠭᠠᠨ ᠴᠢᠨᠠᠷᠲᠠᠶ ᠡᠪᠡᠳᠴᠢᠨ ᠤ ᠤᠷᠲᠤ ᠵᠣᠷ ᠤᠨ ᠬᠠᠮᠢᠶᠠᠷᠤᠯᠲᠠ ᠳᠤ ᠣᠷᠣᠭᠤᠯᠵᠤ᠂ ᠤᠳᠠᠭᠠᠨ ᠴᠢᠨᠠᠷᠲᠠᠶ ᠡᠪᠡᠳᠴᠢᠨ ᠤ ᠳᠠᠭᠠᠳᠬᠠᠯ ᠣᠷᠣᠯᠴᠠᠭᠰᠠᠨ ᠡᠪᠡᠳᠴᠢᠲᠡᠨ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠬᠤᠳᠠᠯᠳᠤᠨ ᠠᠪᠬᠤ ᠳᠤ᠂ ᠲᠣᠭᠲᠠᠭᠠᠯ ᠳᠤ ᠨᠡᠶᠢᠴᠡᠬᠦ ᠡᠮ ᠤᠨ ᠵᠦᠶᠯ ᠤᠨ ᠵᠠᠷᠤᠳᠠᠯ ᠢ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠨ ᠥᠭᠬᠦ ᠬᠡᠪᠴᠢᠶᠡᠨ ᠳᠤ ᠣᠷᠣᠭᠤᠯᠤᠨ᠎ᠠ︔ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠵᠡᠷᠭᠡ ᠤᠳᠠᠭᠠᠨ ᠴᠢᠨᠠᠷᠲᠠᠶ ᠡᠪᠡᠳᠴᠢᠨ ᠤ ᠡᠮ ᠤᠨ ᠵᠣᠷ ᠤᠨ ᠬᠡᠮᠵᠢᠶ᠎ᠡ ᠶᠢ ᠵᠣᠬᠢᠬᠤ ᠬᠡᠮᠵᠢᠶ᠎ᠡ  ᠪᠠᠷ ᠤᠷᠲᠤᠳᠬᠠᠵᠤ ᠪᠣᠯᠣᠨ᠎ᠠ᠂ ᠨᠠᠰᠤ ᠠᠬᠢᠵᠤ ᠪᠡᠶ᠎ᠡ ᠮᠠᠭᠤᠳᠠᠵᠤ ᠬᠥᠳᠡᠯᠵᠦ ᠪᠠᠷᠢᠬᠤ ᠳᠤ ᠳᠥᠭᠦᠮ ᠦᠭᠡᠢ ᠡᠮ ᠤᠨ ᠵᠣᠷ ᠤᠨ ᠬᠡᠮᠵᠢᠶ᠎ᠡ ᠶᠢ 3 ᠰᠠᠷ᠎ᠠ ᠤᠷᠲᠤᠳᠬᠠᠵᠤ ᠪᠣᠯᠤᠨ᠎ᠠ᠃      2. ᠬᠥᠬᠡ ᠲᠥᠷᠥᠯ ᠤᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠡᠭᠦᠳᠡᠨ ᠡᠮᠨᠡᠯᠭᠡ ᠳᠤ ᠡᠮᠨᠡᠨ ᠵᠠᠰᠠᠬᠤ ᠬᠠᠷᠠᠭᠠᠯᠵᠠᠯ ᠢ ᠤᠲᠠᠰᠤ᠂ ᠸᠢᠴᠠᠲ ᠢᠶᠠᠷ ᠭᠦᠶᠴᠡᠳᠬᠡᠨ᠎ᠡ᠃ ᠬᠤᠤᠷᠲᠤ ᠬᠠᠪᠤᠳᠠᠷ ᠤᠨ ᠡᠭᠦᠳᠡᠨ ᠡᠮᠨᠡᠯᠭᠡ  ᠶᠢᠨ ᠰᠠᠴᠤᠷᠠᠭ ᠵᠠᠰᠠᠯ᠂ ᠰᠢᠭᠡᠰᠦᠨ ᠬᠤᠤᠷᠳᠠᠯᠭ᠎ᠠ ᠶᠢᠨ ᠡᠭᠦᠳᠡᠨ ᠡᠮᠨᠡᠯᠭᠡ ᠶᠢᠨ ᠴᠢᠰᠤ ᠶᠢ ᠨᠡᠪᠲᠡᠷᠡᠭᠦᠯᠦᠨ ᠢᠯᠭᠠᠷᠠᠭᠤᠯᠬᠤ ᠵᠡᠷᠭᠡ ᠬᠥᠬᠡ ᠲᠥᠷᠥᠯ ᠤᠨ ᠤᠳᠠᠭᠠᠨ ᠴᠢᠨᠠᠷᠲᠠᠶ ᠡᠪᠡᠳᠴᠢᠨ ᠤ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠳᠤ᠂ ᠤᠳᠠᠭᠠᠨ ᠴᠢᠨᠠᠷᠲᠠᠶ ᠡᠪᠡᠳᠴᠢᠨ ᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠠᠴᠠ ᠭᠤᠶᠤᠴᠢᠯᠠᠯ ᠤᠨ ᠬᠦᠰᠦᠨᠦᠭᠲᠦ ᠶᠢ ᠲᠠᠭᠯᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠭᠤᠶᠤᠴᠢᠯᠠᠯ ᠤᠨ ᠬᠦᠰᠦᠨᠦᠭᠲᠦ᠂ ᠡᠮᠨᠡᠯᠭᠡ ᠳᠤ ᠰᠠᠭᠠᠭᠰᠠᠨ ᠡᠪᠡᠳᠴᠢᠨ ᠤ ᠨᠠᠮᠲᠠᠷ ᠡᠪᠡᠳᠴᠢᠨ ᠤ ᠵᠦᠶ ︵ᠭᠧᠨ︶ ᠶᠢ ᠪᠠᠶᠢᠴᠠᠭᠠᠨ ᠬᠡᠮᠵᠢᠭᠰᠡᠨ ᠮᠡᠳᠡᠭᠦᠯᠦᠯᠲᠡ᠂ ᠣᠨᠣᠰᠢᠯᠠᠯᠲᠠ ᠶᠢᠨ ᠪᠢᠴᠢᠭ ᠵᠡᠷᠭᠡ ᠮᠠᠲ᠋ᠧᠷᠢᠶᠠᠯ ᠲᠠᠢ ᠬᠠᠮᠲᠤ ᠳᠤᠨᠢ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠲᠥᠪ ᠤᠨ ᠡᠮᠴᠢᠯᠡᠭᠡᠨ ᠤ ᠬᠠᠮᠢᠶᠠᠷᠤᠯᠲᠠ ᠶᠢᠨ ᠰᠠᠯᠠᠭ᠎ᠠ ᠶᠢᠨ ᠰᠢᠦᠳᠠᠨ ᠤ ᠬᠠᠶᠢᠷᠴᠠᠭ ᠲᠤ ᠶᠠᠪᠤᠭᠤᠯᠬᠤ ᠶᠢᠨ ᠬᠠᠮᠲᠤ ᠸᠢᠴᠠᠲ ᠤᠨ ᠠᠵᠢᠯ ᠤᠨ ᠪᠦᠯᠦᠭ ᠢᠶᠠᠷ ᠳᠠᠮᠵᠢᠭᠤᠯᠤᠨ ᠭᠠᠷᠳᠠᠨ ᠭᠦᠢᠴᠡᠳᠬᠡᠬᠦ ᠬᠥᠮᠦᠰ ᠲᠤ ᠮᠡᠳᠡᠭᠳᠡᠨ ᠭᠦᠢᠴᠡᠳᠬᠡᠯᠭᠡᠵᠦ᠂ ᠭᠦᠶᠴᠡᠳᠬᠡᠭᠰᠡᠨ ᠦᠷ᠎ᠡ ᠳ᠋ᠦᠩ ᠢ ᠸᠢᠴᠠᠲ ᠤᠨ ᠴᠤᠭᠯᠠᠷᠠᠯ ᠲᠤ ᠮᠡᠳᠡᠭᠳᠡᠯ ᠶᠠᠪᠤᠭᠤᠯᠤᠨ᠎ᠠ᠃ ᠤᠳᠠᠭᠠᠨ ᠴᠢᠨᠠᠷᠲᠠᠶ ᠡᠪᠡᠳᠴᠢᠨ ᠢᠶᠠᠷ ᠭᠤᠶᠤᠴᠢᠯᠠᠬᠤ ᠬᠤᠪᠣᠭᠤᠳᠠᠯ ᠪᠦᠬᠦᠢ ᠮᠠᠲ᠋ᠧᠷᠢᠶᠠᠯ ᠢ ᠲᠦᠷ ᠴᠠᠭ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠬᠠᠳᠠᠭᠠᠯᠠᠨ ᠬᠠᠮᠢᠶᠠᠷᠴᠤ᠂ ᠬᠢᠵᠢᠭ ᠤᠨ ᠪᠠᠶᠢᠳᠠᠯ ᠳᠠᠭᠤᠰᠤᠭᠰᠠᠨ ᠤ ᠳᠠᠷᠠᠭ᠎ᠠ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠲᠥᠪ ᠤᠨ ᠡᠮᠴᠢᠯᠡᠭᠡᠨ ᠤ ᠬᠠᠮᠢᠶᠠᠷᠤᠯᠲᠠ  ᠶᠢᠨ ᠰᠠᠯᠠᠭ᠎ᠠ ᠳᠤ ᠲᠤᠰᠢᠶᠠᠬᠤ ᠬᠡᠷᠡᠭᠲᠡᠶ᠃      ᠬᠤᠶᠠᠷ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ      1. ᠬᠥᠬᠡ ᠲᠥᠷᠥᠯ ᠤᠨ ᠤᠳᠠᠭᠠᠨ ᠴᠢᠨᠠᠷᠲᠠᠢ ᠡᠪᠡᠳᠴᠢᠨ ᠳᠤ ᠭᠦᠶᠴᠡᠳᠬᠡᠬᠦ      ᠬᠥᠬᠡ ᠲᠥᠷᠥᠯ ᠤᠨ ᠤᠳᠠᠭᠠᠨ ᠴᠢᠨᠠᠷᠲᠠᠢ ᠡᠪᠡᠳᠴᠢᠨ ᠢᠶᠠᠷ ᠭᠤᠶᠤᠴᠢᠯᠠᠭᠰᠠᠨ ᠨᠢ᠂ ᠤᠳᠠᠭᠠᠨ ᠴᠢᠨᠠᠷᠲᠠᠢ ᠡᠪᠡᠳᠴᠢᠨ ᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠤᠳᠠᠭᠠᠨ ᠴᠢᠨᠠᠷᠲᠠᠢ ᠡᠪᠡᠳᠴᠢᠨ ᠤ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠵᠤ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠠᠴᠠ ᠭᠤᠶᠤᠴᠢᠯᠠᠨ ᠮᠡᠳᠡᠭᠦᠯᠬᠦ ᠬᠦᠰᠦᠨᠦᠭᠲᠦ ᠪᠠ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠲᠥᠪ ᠤᠨ ᠬᠤᠲᠠ ᠬᠥᠳᠡᠭᠡ  ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠰᠠᠯᠠᠭᠠᠨ ᠤ ᠰᠢᠦᠳᠠᠨ ᠤ ᠬᠠᠶᠢᠷᠴᠠᠭ ᠲᠤ ᠶᠠᠪᠤᠭᠤᠯᠬᠤ ᠶᠢᠨ ᠬᠠᠮᠲᠤ᠂ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠳᠠᠭᠠᠨ ᠴᠢᠨᠠᠷᠲᠠᠢ ᠡᠪᠡᠳᠴᠢᠨ ᠢ ᠳᠠᠩᠰᠠᠯᠠᠬᠤ ᠴᠤᠭᠯᠠᠷᠠᠯ︾ ᠢᠶᠠᠷ ᠳᠠᠮᠵᠢᠭᠤᠯᠤᠨ ᠭᠠᠷᠳᠠᠨ ᠭᠦᠢᠴᠡᠳᠬᠡᠬᠦ ᠬᠥᠮᠦᠰ ᠲᠤ ᠮᠡᠳᠡᠭᠳᠡᠨ ᠬᠢᠨᠠᠨ ᠬᠠᠷᠭᠤᠭᠤᠯᠤᠭᠤᠯᠵᠤ᠂ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠪᠡᠯ᠂ ᠡᠮᠴᠢᠯᠡᠭᠡᠨ ᠤ ᠳᠠᠭᠠᠳᠬᠠᠯ ᠤᠨ ᠰᠢᠰᠲ᠋ᠧᠮ ᠳᠤ ᠨᠤᠲᠠᠯᠠᠨ ᠲᠣᠭᠲᠠᠭᠠᠵᠤ᠂ ᠭᠦᠶᠴᠡᠳᠬᠡᠭᠰᠡᠨ ᠦᠷ᠎ᠡ ᠳ᠋ᠦᠩ ᠢ ᠸᠢᠴᠠᠲ ᠤᠨ ᠴᠤᠭᠯᠠᠷᠠᠯ ᠳᠤ ᠮᠡᠳᠡᠭᠳᠡᠯ ᠶᠠᠪᠤᠭᠤᠯᠤᠨ᠎ᠠ᠃      2. ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠠᠷᠤᠳᠠᠯ ᠥᠭᠬᠦ      ᠡᠮᠨᠡᠯᠭᠡ ᠳᠤ ᠰᠠᠭᠤᠬᠤ ᠵᠠᠷᠤᠳᠠᠯ ᠢ ᠤᠯᠠᠷᠢᠯ ᠢᠶᠠᠷ ᠤᠷᠢᠳᠴᠢᠯᠠᠨ ᠰᠠᠯᠭᠠᠨ ᠥᠭᠴᠦ ᠪᠠᠶᠢᠭ᠎ᠠ ᠭᠤᠷᠪᠠᠳᠤᠭᠠᠷ ᠳᠡᠰ ᠪᠠ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠳᠤ ᠡᠨᠡ ᠵᠢᠯ ᠤᠨ 1 ᠳ᠋ᠦ᠋ᠭᠡᠷ ᠰᠠᠷ᠎ᠠ ᠳᠤ ᠨᠢᠭᠡᠨᠲᠡ ᠨᠢᠭᠡᠳᠦᠭᠡᠷ ᠤᠯᠠᠷᠢᠯ ᠤᠨ ᠵᠠᠷᠤᠳᠠᠯ ᠢ ᠤᠷᠢᠳᠴᠢᠯᠠᠨ ᠥᠭᠴᠦ ᠳᠠᠭᠤᠰᠪᠠ︔ ᠡᠮᠨᠡᠯᠭᠡ ᠳᠤ ᠰᠠᠭᠤᠬᠤ ᠶᠢ ᠨᠢᠭᠡᠳᠦᠯᠲᠡᠶ ᠲᠥᠯᠥᠪᠯᠡᠬᠦ ᠵᠠᠷᠤᠳᠠᠯ ᠢ ᠰᠠᠷ᠎ᠠ ᠪᠠᠷ ᠥᠭᠬᠦ ᠪᠤᠰᠤᠳ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠵᠢᠴᠢ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠪᠠ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠭᠠᠷᠤᠭᠰᠠᠨ ᠡᠮᠴᠢᠯᠡᠭᠡᠨ ᠤ ᠵᠠᠷᠤᠳᠠᠯ ᠢ ᠨᠢᠭᠡᠳᠦᠭᠡᠷ ᠵᠦᠢᠯ ᠤᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠳᠥᠷᠪᠡᠳᠦᠭᠡᠷ ᠵᠦᠶᠯ ᠤᠨ ᠵᠠᠷᠤᠳᠠᠯ ᠢ ᠳ᠋ᠦᠩᠨᠡᠨ ᠪᠣᠳᠣᠬᠤ ᠵᠢᠴᠢ ᠪᠡᠯᠡ ᠮᠥᠩᠭᠦ ᠰᠠᠯᠭᠠᠨ ᠥᠭᠬᠦ ᠠᠷᠭ᠎ᠠ ᠮᠠᠶ᠋ᠢᠭ ᠢᠶᠠᠷ ᠯᠠᠪᠯᠠᠯᠲᠠ ᠪᠣᠯᠭᠠᠨ ᠭᠦᠶᠴᠡᠳᠬᠡᠨ᠎ᠡ᠃      3. ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠪᠤᠰᠤᠳ ᠲᠤᠬᠠᠶᠢᠯᠠᠭᠰᠠᠨ ᠠᠵᠢᠯ ᠢ ᠠᠯᠪᠠᠨ ᠠᠵᠢᠯ ᠤᠨ ᠤᠲᠠᠰᠤ ᠪᠤᠶᠤ ᠪᠣᠯᠵᠣᠬᠤ ᠠᠷᠭ᠎ᠠ ᠮᠠᠶ᠋ᠢᠭ ᠢᠶᠠᠷ ᠰᠢᠶᠳᠪᠦᠷᠢᠯᠡᠨ᠎ᠡ᠃      ᠭᠤᠷᠪᠠ᠂ ᠣᠨᠳᠣᠣ ᠭᠠᠵᠠᠷ ᠲᠤ ᠡᠮᠨᠡᠭᠦᠯᠬᠦ      1. ᠡᠮᠨᠡᠯᠭᠡ ᠰᠢᠯᠵᠢᠬᠦ ᠵᠢᠴᠢ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠣᠷᠳᠣ ᠬᠤᠭᠤᠴᠠᠭ᠎ᠠ  ᠪᠠᠷ ᠣᠨᠳᠣᠤ ᠭᠠᠵᠠᠷ ᠲᠤ ᠣᠷᠣᠰᠢᠨ ᠰᠠᠭᠤᠬᠤ ᠳᠠᠩᠰᠠᠯᠠᠯ᠄ 0471 — 5181348 ᠶᠢ ᠤᠲᠠᠰᠤᠳᠠᠬᠤ ᠪᠤᠶᠤ ︽ᠥᠪᠥᠷ ᠮᠣᠩᠭᠤᠯ ᠤᠨ 12333︾ ᠭᠠᠷ ᠤᠲᠠᠰᠤᠨ ᠤ APP ᠪᠠᠷ ᠳᠠᠮᠵᠢᠭᠤᠯᠤᠨ ᠳᠠᠩᠰᠠᠯᠠᠭᠤᠯᠵᠤ ᠪᠣᠯᠤᠨ᠎ᠠ      2. ᠨᠢᠭᠡᠴᠡ ᠶᠢᠨ ᠭᠠᠳᠠᠨ᠎ᠠ ᠰᠠᠭᠤᠭ᠎ᠠ ᠠᠵᠢᠯᠲᠠᠨ ᠤ ᠳᠠᠩᠰᠠᠯᠠᠯ᠄ ᠳᠠᠭᠠᠳᠬᠠᠯ ᠳᠤ ᠣᠷᠣᠯᠴᠠᠭᠰᠠᠨ ᠨᠢᠭᠡᠴᠡ ᠠᠴᠠ ᠨᠢᠭᠡᠳᠦᠯᠲᠡᠢ ᠬᠦᠰᠦᠨᠦᠭᠲᠦ ᠲᠠᠭᠯᠠᠨ ᠰᠢᠦᠳᠠᠨ ᠤ ᠬᠠᠶᠢᠷᠴᠠᠭ ᠲᠤ ᠶᠠᠪᠤᠭᠤᠯᠵᠤ ᠭᠦᠶᠴᠡᠳᠬᠡᠨ᠎ᠡ᠃      3. ᠲᠦᠷᠭᠡᠨ ᠡᠪᠡᠳᠴᠢᠨ ᠤ ᠳᠠᠩᠰᠠᠯᠠᠯ᠄ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠲᠥᠪ ᠤᠨ ᠣᠨᠳᠣᠤ ᠭᠠᠵᠠᠷ ᠲᠤ ᠡᠮᠴᠢᠯᠡᠭᠦᠯᠬᠦ ᠰᠠᠯᠠᠭ᠎ᠠ ᠪᠤᠶᠤ ᠬᠤᠰᠢᠭᠤ ᠰᠢᠶᠠᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠶᠴᠡᠳᠬᠡᠬᠦ ᠪᠠᠶᠢᠭᠤᠯᠤᠮᠵᠢ ᠳᠤ ᠤᠲᠠᠰᠤᠳᠠᠵᠤ ᠳᠠᠩᠰᠠᠯᠠᠭᠤᠯᠵᠤ ᠪᠣᠯᠤᠨ᠎ᠠ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠬᠥᠮᠦᠰ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠲᠥᠪ ᠤᠨ ᠣᠨᠳᠣᠤ ᠭᠠᠵᠠᠷ ᠲᠤ ᠡᠮᠨᠡᠭᠦᠯᠬᠦ ᠰᠠᠯᠠᠭ᠎ᠠ ᠳᠤ ᠤᠲᠠᠰᠤᠳᠠᠵᠤ ᠳᠠᠩᠰᠠᠯᠠᠭᠤᠯᠵᠤ ᠪᠣᠯᠤᠨ᠎ᠠ᠃      ᠳᠥᠷᠪᠡ᠂ ᠠᠵᠢᠯ ᠠᠴᠠ ᠪᠠᠨ ᠳᠠᠷᠬᠠᠯᠠᠭᠳᠠᠭᠰᠠᠳ ᠤᠨ ᠬᠤᠪᠣᠭᠤᠳᠠᠯ ᠪᠥᠬᠦᠶ ᠲᠤᠬᠠᠶᠢᠯᠠᠭᠰᠠᠨ ᠠᠵᠢᠯ      ᠠᠵᠢᠯ ᠠᠴᠠ ᠪᠠᠨ ᠳᠠᠷᠬᠠᠯᠠᠭᠳᠠᠭᠰᠠᠳ ᠤᠨ ᠡᠮᠴᠢᠯᠡᠭᠡᠨ ᠤ ᠵᠠᠷᠤᠳᠠᠯ ᠤᠨ ᠳᠠᠩᠰᠠ ᠲᠠᠶᠢᠯᠬᠤ ᠶᠢ ᠠᠵᠢᠯ ᠠᠴᠠ  ᠪᠠᠨ ᠳᠠᠷᠬᠠᠯᠠᠭᠳᠠᠭᠰᠠᠨ ᠤᠨ ᠪᠠᠶᠢᠭ᠎ᠠ ᠨᠢᠭᠡᠴᠡ ᠠᠴᠠ ᠵᠠᠷᠤᠳᠠᠯ ᠤᠨ ᠪᠠᠷᠢᠮᠲᠠ ᠶᠢ ᠨᠢᠭᠡᠳᠦᠯᠲᠡᠶ ᠴᠤᠭᠯᠠᠭᠤᠯᠤᠭᠰᠠᠨ ᠤ ᠳᠠᠷᠠᠭ᠎ᠠ᠂ ᠤᠲᠠᠰᠤ ᠪᠠᠷ ᠤᠷᠢᠳᠴᠢᠯᠠᠨ ᠪᠣᠯᠵᠣᠵᠤ ᠭᠦᠶᠴᠡᠳᠬᠡᠨ᠎ᠡ᠃      ᠲᠠᠪᠤ᠂ ᠦᠷᠡᠵᠢᠯ ᠤᠨ ᠳᠠᠭᠠᠳᠬᠠᠯ      ᠭᠦᠢᠴᠡᠳᠬᠡᠬᠦ ᠶᠢ ᠲᠦᠷ ᠬᠤᠶᠢᠰᠢᠯᠠᠭᠤᠯᠪᠠ᠃      ᠵᠢᠷᠭᠤᠭ᠎ᠠ᠂ ᠪᠤᠰᠤᠳ ᠱᠠᠭᠠᠷᠳᠠᠯᠭ᠎ᠠ      ︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠬᠠᠮᠢᠶ᠎ᠠ ᠪᠥᠬᠦᠶ ᠫᠢᠶᠣᠣ ᠪᠠᠷᠢᠮᠲᠠ ᠶᠢ ᠬᠠᠳᠠᠭᠠᠯᠠᠬᠤ᠂ ᠲᠠᠩᠰᠠ ᠶᠢᠨ ᠶᠠᠪᠤᠳᠠᠯ ᠢ ᠰᠢᠶᠳᠪᠦᠷᠢᠯᠡᠬᠦ᠂ ᠡᠯ᠎ᠡ ᠲᠥᠷᠥᠯ ᠤᠨ ᠰᠠᠭᠤᠷᠢ ᠮᠥᠩᠭᠦ᠂ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠬᠢᠬᠦ ᠬᠡᠷᠡᠭᠲᠡᠢ︔ ᠰᠠᠭᠤᠷᠢ ᠮᠥᠩᠭᠦ ᠶᠢᠨ ᠵᠣᠭᠤᠰ ᠪᠠᠷᠢᠭᠴᠢ ᠵᠢᠴᠢ ᠨᠢᠭᠲᠠᠯᠠᠨ ᠪᠣᠳᠣᠭᠴᠢ ᠬᠢᠵᠢᠭ ᠤᠨ ᠪᠠᠶᠢᠳᠠᠯ ᠤᠨ ᠬᠤᠭᠤᠴᠠᠭᠠᠨ  ᠳᠤ ᠲᠦᠷ ᠴᠠᠭ ᠵᠣᠭᠤᠰ ᠰᠠᠯᠭᠠᠨ ᠥᠭᠬᠦ ᠭᠡᠷᠡᠴᠢ ᠪᠠᠷᠢᠮᠲᠠ ᠶᠢ ᠦᠨᠳᠦᠰᠦᠯᠡᠨ ᠨᠢᠭᠲᠠᠯᠠᠨ ᠪᠣᠳᠣᠭᠴᠢ ᠶᠢᠨ ᠭᠡᠷᠡᠴᠢ ᠪᠠᠷᠢᠮᠲᠠ ᠪᠣᠯᠭᠠᠨ ᠪᠢᠴᠢᠵᠦ ᠣᠷᠣᠭᠤᠯᠬᠤ ᠵᠢᠴᠢ ᠬᠠᠮᠢᠶ᠎ᠠ ᠪᠦᠬᠦᠢ ᠳᠠᠩᠰᠠ ᠶᠢᠨ ᠶᠠᠪᠤᠳᠠᠯ ᠢ ᠰᠢᠶᠳᠪᠦᠷᠢᠯᠡᠵᠦ᠂ ᠬᠢᠵᠢᠭ ᠤᠨ ᠪᠠᠶᠢᠳᠠᠯ ᠤᠨ ᠳᠠᠷᠠᠭ᠎ᠠ ᠰᠣᠯᠢᠵᠤ᠂ ᠳᠠᠬᠢᠨ ᠬᠢᠨᠠᠬᠤ ᠬᠡᠷᠡᠭᠲᠡᠶ᠃       ︵ᠬᠤᠶᠠᠷ︶ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠰᠠᠭᠤᠷᠢ ᠮᠥᠩᠭᠦ᠂ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢ ᠮᠡᠳᠡᠭᠦᠯᠦᠨ ᠬᠦᠷᠭᠡᠬᠦ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠴᠠᠭ ᠲᠤᠬᠠᠶ ᠳᠤᠨᠢ ᠳᠠᠩᠰᠠ ᠬᠢᠵᠦ ᠰᠢᠶᠳᠪᠦᠷᠢᠯᠡᠨ᠂ ᠲᠣᠭᠲᠠᠭᠰᠠᠨ ᠴᠠᠭ ᠲᠠᠭᠠᠨ ᠪᠠᠩᠬᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠳᠠᠩᠰᠠ ᠬᠠᠷᠭᠤᠭᠤᠯᠵᠤ᠂ ᠴᠠᠭ ᠬᠤᠭᠤᠴᠠᠭ᠎ᠠ ᠶᠣᠰᠣᠭᠠᠷ ᠮᠡᠳᠡᠭᠦᠯᠬᠦ ᠬᠦᠰᠦᠨᠦᠭᠲᠦ ᠪᠠᠨ ᠮᠡᠳᠡᠭᠦᠯᠦᠨ ᠬᠦᠷᠭᠡᠬᠦ ᠶᠢ ᠪᠠᠲᠤᠯᠠᠬᠤ ᠬᠡᠷᠡᠭᠲᠡᠢ᠃      ︵ᠭᠤᠷᠪᠠ︶ ᠪᠠᠯᠠ ᠮᠥᠩᠭᠦ ᠭᠤᠶᠤᠴᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠯᠠ ᠮᠥᠩᠭᠦ ᠭᠤᠶᠤᠴᠢᠯᠠᠬᠤ ᠵᠣᠭᠤᠰᠤᠨ ᠤ ᠲᠤᠭ᠎ᠠ ᠶᠢ ᠲᠣᠭᠲᠠᠭᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠵᠣᠬᠢᠴᠠᠭᠤᠯᠤᠨ᠂ ᠰᠠᠭᠤᠷᠢ ᠮᠥᠩᠭᠦ ᠶᠢᠨ ᠵᠣᠭᠤᠰ ᠭᠤᠶᠤᠴᠢᠯᠠᠬᠤ ᠮᠡᠳᠡᠭᠦᠯᠦᠯᠲᠡ ᠶᠢ ᠮᠡᠳᠡᠭᠦᠯᠦᠨ ᠬᠦᠷᠭᠡᠬᠦ ᠶᠢ ᠰᠠᠶᠢᠲᠤᠷ ᠬᠢᠵᠦ᠂ ᠰᠠᠭᠤᠷᠢ ᠮᠥᠩᠭᠦ ᠰᠠᠯᠭᠠᠨ ᠥᠭᠬᠦ ᠠᠬᠢᠴᠠ ᠶᠢ ᠴᠢᠩᠭ᠎ᠠ ᠠᠩᠬᠠᠷᠬᠤ ᠬᠡᠷᠡᠭᠲᠡᠶ᠃       ︵ᠳᠥᠷᠪᠡ︶ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠢᠳᠡᠪᠬᠢᠲᠡᠢ ᠵᠣᠬᠢᠴᠠᠭᠤᠯᠵᠤ᠂ ᠰᠠᠭᠤᠷᠢ ᠮᠥᠩᠭᠦ ᠶᠢ ᠴᠠᠭ ᠲᠤᠬᠠᠶ ᠳᠤᠨᠢ ᠰᠠᠯᠭᠠᠨ ᠥᠭᠴᠦ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ᠃       ︵ᠲᠠᠪᠤ︶ ᠬᠤᠲᠠ ᠶᠢᠨ ᠡᠮᠨᠡᠯᠭᠡ ᠶᠢᠨ ᠳᠠᠭᠠᠳᠬᠠᠯ ᠤᠨ ᠲᠥᠪ ᠤᠨ ᠡᠯ᠎ᠡ ᠰᠠᠯᠠᠭ᠎ᠠ ᠲᠠᠰᠤᠭ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠡᠯᠧᠺᠲᠷᠣᠨ ᠮᠡᠳᠡᠭᠡ ᠵᠠᠩᠭᠢ ᠪᠠᠷ ᠳᠠᠮᠵᠢᠭᠤᠯᠤᠨ ᠬᠦᠷᠭᠡᠭᠰᠡᠨ ᠮᠠᠲ᠋ᠧᠷᠢᠶᠠᠯ ᠵᠢᠷᠤᠭ ᠪᠣᠯᠭᠠᠨ ᠬᠠᠳᠠᠭᠠᠯᠠᠬᠤ ᠶᠢ ᠰᠠᠶᠢᠲᠤᠷ ᠬᠢᠵᠦ᠂ ᠰᠡᠭᠦᠯᠴᠢ ᠶᠢᠨ ᠬᠤᠭᠤᠴᠠᠭᠠᠨ ᠤ ᠮᠠᠲ᠋ᠧᠷᠢᠶᠠᠯ ᠪᠠᠷᠢᠮᠲᠠ ᠶᠢ ᠬᠠᠷᠭᠤᠭᠤᠯᠬᠤ ᠵᠡᠷᠭᠡ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠬᠡᠷᠡᠭᠴᠡᠭᠡ ᠳᠤ ᠪᠡᠯᠡᠳᠬᠡᠬᠦ ᠬᠡᠷᠡᠭᠲᠡᠶ᠃      ᠳᠠᠭᠠᠯᠳᠤᠭᠤᠯᠤᠯ᠄ ᠲᠤᠬᠠᠶᠢᠯᠠᠭᠰᠠᠨ ᠠᠵᠢᠯ ᠢ ᠠᠰᠠᠭᠤᠨ ᠯᠠᠪᠯᠠᠵᠤ ᠭᠦᠶᠴᠡᠳᠬᠡᠬᠦ ᠬᠠᠷᠢᠯᠴᠠᠬᠤ ᠠᠷᠭ᠎ᠠ      ᠳᠠᠭᠠᠯᠳᠤᠭᠤᠯᠤᠯ      ᠲᠤᠬᠠᠶᠢᠯᠠᠭᠰᠠᠨ ᠠᠵᠢᠯ ᠢ ᠠᠰᠠᠭᠤᠨ ᠯᠠᠪᠯᠠᠬᠤ ᠰᠢᠶᠳᠪᠦᠷᠢᠯᠡᠬᠦ ᠬᠠᠷᠢᠯᠴᠠᠬᠤ ᠠᠷᠭ᠎ᠠ      ᠲᠤᠬᠠᠶᠢᠯᠠᠭᠰᠠᠨ ᠠᠵᠢᠯ ᠤᠨ ᠨᠡᠷᠡᠶᠢᠳᠦᠯ ᠤᠲᠠᠰᠤ ᠸᠢᠴᠠᠲ ᠪᠤᠶᠤ ᠰᠢᠦᠳᠠᠨ ᠬᠠᠶᠢᠷᠴᠠᠭ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠡᠮ ᠡᠮᠨᠡᠯᠭᠡ ᠶᠢᠨ ᠵᠠᠷᠤᠳᠠᠯ ᠤᠨ ᠳᠠᠩᠰᠠ ᠲᠠᠶᠢᠯᠬᠤ ᠵᠢᠴᠢ‌ᠠᠰᠠᠭᠤᠨ ᠯᠠᠪᠯᠠᠬᠤ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠪᠠᠶᠢᠭᠤᠯᠤᠮᠵᠢ ᠶᠢᠨ ᠳ᠋ᠦᠩᠨᠡᠨ ᠪᠣᠳᠣᠯᠲᠠ 0471 - 5181351 ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠤᠳᠠᠭᠠᠨ ᠴᠢᠨᠠᠷᠲᠠᠶ ᠡᠪᠡᠳᠴᠢᠨ ᠳᠤ ᠭᠦᠶᠴᠡᠳᠬᠡᠬᠦ 0471 - 5181346 hsybzx@163. com    ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠳᠠᠩᠰᠠ ᠰᠢᠯᠵᠢᠭᠦᠯᠬᠦᠠᠵᠢᠯ ᠤᠨ ᠪᠠᠶᠢᠷᠢ ᠶᠢᠨ ᠬᠠᠷᠠᠭᠠᠯᠵᠠᠯ ᠢ ᠠᠵᠢᠯ ᠠᠴᠠ ᠪᠠᠨ ᠠᠮᠠᠷᠠᠭᠰᠠᠨ ᠬᠠᠷᠠᠭᠠᠯᠵᠠᠯ ᠳᠤ ᠰᠢᠯᠵᠢᠭᠦᠯᠬᠦ ᠲᠤᠬᠠᠶᠢᠯᠠᠭᠰᠠᠨ ᠠᠵᠢᠯ ᠢ ᠭᠦᠶᠴᠡᠳᠬᠡᠬᠦ ᠵᠢᠴᠢ ᠪᠠᠶᠢᠴᠠᠭᠠᠨ ᠯᠠᠪᠯᠠᠬᠤ 0471 - 5181335    ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ 0471 - 5181335            ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠢ ᠳᠠᠩᠰᠠᠨ ᠳᠤ ᠣᠷᠣᠭᠰᠠᠨ ᠢ ᠨᠤᠲᠠᠯᠠᠬᠤ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠰᠠᠭᠤᠷᠢ ᠮᠥᠩᠭᠦ ᠶᠢ ᠰᠠᠯᠭᠠᠨ ᠥᠭᠬᠦ ᠳᠠᠩᠰᠠᠨ ᠨᠣᠮᠧᠷ ᠤᠨ ᠵᠠᠩᠭᠢ ᠪᠠᠨ ᠬᠤᠪᠢᠷᠠᠭᠤᠯᠬᠤ 0471 - 5181341      yibao804@163. com            ᠣᠨᠳᠣᠤ ᠭᠠᠵᠠᠷ ᠲᠤ ᠡᠮᠨᠡᠭᠦᠯᠬᠦ 0471 - 5181348 hushiyibao@163. com      ᠠᠵᠢᠯ ᠠᠴᠠ ᠪᠠᠨ ᠳᠠᠷᠬᠠᠯᠠᠭᠳᠠᠭᠰᠠᠨ ᠡᠮᠨᠡᠯᠭᠡ ᠶᠢᠨ ᠵᠠᠷᠤᠳᠠᠯ ᠤᠨ ᠳᠠᠩᠰᠠ ᠲᠠᠶᠢᠯᠬᠤ 0471 - 5181348            ᠠᠵᠢᠯ ᠠᠴᠠ ᠪᠠᠨ ᠠᠮᠠᠷᠠᠭᠰᠠᠳ ᠤᠨ ᠡᠮᠨᠡᠯᠭᠡ ᠶᠢᠨ ᠵᠠᠷᠤᠳᠠᠯ ᠢ ᠨᠢᠭᠡᠯᠡ ᠤᠳᠠᠭ᠎ᠠ ᠳᠤ ᠲᠤᠰᠢᠶᠠᠬᠤ ᠶᠢ ᠬᠢᠨᠠᠨ ᠲᠣᠭᠲᠠᠭᠠᠬᠤᠠᠵᠢᠯ ᠠᠴᠠ ᠪᠠᠨ ᠠᠮᠠᠷᠠᠭᠰᠠᠳ ᠤᠨ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠢ ᠬᠢᠨᠠᠨ ᠲᠣᠭᠲᠠᠭᠠᠬᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠳ ᠤᠨ ᠳᠠᠮᠵᠢᠭᠤᠯᠬᠤ ᠬᠥᠮᠥᠷᠭᠡ ᠳᠤ ᠰᠢᠯᠵᠢᠭᠦᠯᠬᠦ ᠰᠣᠶᠣᠯ ᠤᠨ ᠬᠤᠪᠢᠰᠬᠠᠯ ᠳᠤ ᠵᠡᠮᠳᠡᠭ ᠪᠣᠯᠣᠭᠰᠠᠨ ᠬᠥᠮᠥᠰ ᠪᠠ ᠠᠵᠢᠯ ᠠᠴᠠ ᠪᠠᠨ ᠠᠮᠠᠷᠠᠭᠰᠠᠳ ᠤᠨ ᠬᠤᠪᠢ ᠬᠥᠮᠦᠨ ᠤ ᠳᠠᠩᠰᠠ ᠪᠠᠶᠢᠭᠤᠯᠬᠤ 0471 - 5181344ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯ᠎ᠡ ᠵᠦᠶᠯ ᠤᠨ ᠲᠤᠬᠠᠶᠢᠯᠠᠭᠰᠠᠨ ᠠᠵᠢᠯ 0471 - 5181343 hsjmyb@126. com ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠢ ᠪᠠᠶᠢᠴᠠᠭᠠᠨ ᠯᠠᠪᠯᠠᠬᠤ 0471 - 5181350
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号