ᠸᠠᠩ ᠯᠢ ᠰᠢᠶᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2020-06-10
     ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶  6  ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ︽ᠳᠥᠷᠪᠡᠨ ᠦᠭᠡᠢ ᠬᠤᠶᠠᠷ  ᠰᠢᠭᠤᠳ ︾ ᠠᠷᠭ᠎ᠠ ᠮᠠᠶ᠋ᠢᠭ ᠢᠶᠠᠷ ᠰᠠᠶᠢᠬᠠᠨ ᠲᠤᠭᠤᠷᠢᠭ ᠤᠨ ᠢᠦᠶ ᠯᠢᠨ ᠪᠠᠯᠭᠠᠰᠤᠨ ᠳᠤ ᠭᠦᠨᠵᠡᠭᠡᠶᠢᠷᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ  ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠴᠣᠭᠤᠷᠬᠠᠢ ᠶᠢ ᠨᠠᠷᠢᠨ ᠬᠢᠨᠠᠮᠠᠭᠠᠢ ᠪᠠᠶᠢᠴᠠᠭᠠᠨ ᠨᠥᠬᠦᠪᠥᠷᠢᠯᠡᠵᠦ᠂ ᠨᠢᠭᠡ ᠠᠴᠠ ᠵᠦᠢᠴᠢᠯᠡᠨ ᠤᠯᠠᠨ ᠢ ᠮᠡᠳᠡᠵᠦ᠂ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢ  ᠪᠠᠳᠤᠯᠠᠬᠤ ᠬᠡᠷᠡᠭᠳᠡᠢ ᠭᠡᠵᠦ ᠴᠢᠬᠤᠯᠠᠴᠢᠯᠠᠪᠠ᠃     ᠸᠠᠩ ᠯᠢ ᠰᠢᠶᠠ ᠡᠩ ᠲᠡᠷᠢᠭᠦᠨ ᠳᠤ ᠰᠠᠶᠢᠬᠠᠨ ᠲᠣᠭᠤᠷᠢᠭ ᠤᠨ ᠢᠦᠶ ᠯᠢᠨ ᠪᠠᠯᠭᠠᠰᠤᠨ ᠤ ᠰᠤᠮᠤᠴᠢᠨ ᠲᠣᠰᠬᠤᠨ ᠤ ᠠᠷᠠᠳ ᠤᠨ ᠵᠥᠪᠯᠡᠯ ᠳᠤ ᠬᠦᠷᠴᠦ᠂ ᠶᠠᠭ ᠠᠵᠢᠯᠯᠠᠵᠤ ᠪᠠᠶᠢᠭᠰᠠᠨ ᠲᠣᠰᠬᠤᠨ ᠤ ᠨᠠᠮ ᠤᠨ ᠡᠭᠦᠷ ᠤᠨ ᠱᠦᠵᠢ ᠹᠧᠩ ᠵᠢᠶᠦ᠋ᠨ ᠵᠧᠨ ᠪᠣᠯᠤᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠵᠠᠩ ᠶᠦᠩ ᠵᠧᠨ ᠠᠴᠠ ᠲᠤᠰ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠠᠩᠰᠠ ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠬᠤᠯᠪᠤᠭᠳᠠᠯ ᠪᠦᠬᠦᠢ ᠮᠠᠲ᠋ᠧᠷᠢᠶᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠮᠤᠭ ᠤᠨ ᠲᠤᠪᠤᠶᠢᠮ᠎ᠠ ᠠᠰᠠᠭᠤᠳᠠᠯ ᠢ ᠬᠡᠷᠬᠢᠨ ᠰᠢᠢᠳᠪᠦᠷᠢᠯᠡᠬᠦ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠬᠡᠷᠬᠢᠨ ᠲᠤᠬᠢᠷᠠᠭᠤᠯᠬᠤ ᠵᠡᠷᠭᠡ ᠶᠢ ᠯᠠᠪᠯᠠᠨ ᠠᠰᠠᠭᠤᠪᠠ᠃      ᠲᠣᠰᠬᠤᠨ ᠤ ᠳᠠᠩᠰᠠ ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠨᠡᠷ᠎ᠡ ᠶᠢᠨ ᠳᠠᠩᠰᠠ ᠶᠢ ᠠᠪᠴᠤ᠂ ᠸᠠᠩ ᠯᠢ ᠰᠢᠶᠠ ᠲᠠᠰᠢᠷᠠᠮ ᠢᠶᠠᠷ ᠵᠠᠩ ᠡᠯ ᠾᠧᠦ ᠱᠧᠩ᠂ ᠭᠧ ᠡᠯ ᠼᠦᠢ᠂ ᠱᠢ ᠴᠢᠦ ᠱᠧᠩ ᠤᠨ ᠬᠡᠷ ᠲᠤ ᠬᠦᠷᠴᠦ᠂ ᠵᠤᠭᠤᠭᠳᠠᠬᠤ ᠳᠤᠮᠳᠠ ᠪᠠᠨ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠪᠣᠯᠤᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠦᠷ᠎ᠡ ᠪᠦᠲᠦᠮᠵᠢ ᠶᠢ ᠨᠠᠷᠢᠨ ᠣᠶᠢᠯᠠᠭᠠᠪᠠ᠃ ᠬᠦᠷᠢᠶᠡᠨ ᠲᠤᠳᠤᠷ᠎ᠠ ᠡᠯ᠎ᠡ ᠵᠦᠢᠯ ᠤᠨ ᠢᠳᠡᠰᠢᠨ ᠨᠣᠭᠤᠭ᠎ᠠ ᠶᠢ ᠪᠦᠷᠢᠨ ᠲᠠᠷᠢᠵᠤ᠂ ᠵᠣᠴᠢᠨ ᠤ ᠦᠷᠦᠭᠡᠨ ᠤ ᠴᠣᠩᠬᠤ  ᠨᠢ ᠭᠡᠭᠡᠨ ᠲᠤᠩᠭᠠᠯᠠᠭ᠂ ᠬᠥᠯᠳᠡᠭᠡᠭᠦᠷ ᠲᠤ ᠮᠢᠬ᠎ᠠ ᠶᠢ ᠳᠦᠭᠦᠷᠲᠡᠯ᠎ᠡ ᠬᠠᠳᠠᠭᠠᠯᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠪᠠᠲᠤᠯᠠᠭ᠎ᠠ ᠲᠠᠢ  ᠪᠣᠯᠵᠤ ᠰᠠᠶᠢᠵᠢᠷᠠᠭᠰᠠᠨ ᠢ ᠬᠠᠷᠠᠭᠠᠳ ᠸᠠᠩ ᠯᠢ ᠰᠢᠶᠠ ᠲᠣᠰᠬᠤᠨ ᠪᠠᠯᠭᠠᠰᠤᠨ ᠤ ᠺᠠᠳ᠋ᠷ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠢ ︽ᠬᠤᠶᠠᠷ ᠲᠤ ᠵᠣᠪᠠᠭ᠋ᠤ ᠦᠭᠡᠶ ᠭᠤᠷᠪᠠ ᠶᠢ ᠪᠠᠲᠤᠯᠠᠬᠤ︾ ᠰᠠᠭᠤᠷᠢᠨ ᠳᠡᠭᠡᠷ᠎ᠡ᠂ ᠢᠳᠡᠬᠦ ᠤᠰᠤ ᠶᠢ ᠡᠷᠦᠬᠡ ᠳᠤ ᠣᠷᠣᠭᠤᠯᠬᠤ᠂ ᠨᠤᠷᠠᠬᠤ ᠠᠶᠤᠯᠲᠠᠶ ᠭᠡᠷ ᠪᠠᠶᠢᠰᠢᠩ ᠢ ᠬᠢᠨᠠᠨ ᠲᠣᠭᠲᠠᠭᠠᠬᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠠᠨ ᠲᠦᠮᠡᠨ ᠵᠡᠮᠳᠡᠭ ᠤᠯᠠᠨ ᠲᠦᠮᠡᠨ ᠳᠤ ᠦᠢᠯᠡᠴᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠶ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠬᠤᠲᠠ ᠶᠢᠨ ᠳᠡᠭᠦᠷᠭᠡ ᠶᠢᠨ ᠠᠵᠤ ᠠᠬᠤᠶ ᠶᠢ ᠰᠠᠶᠢᠲᠤᠷ ᠠᠳᠬᠤᠵᠤ᠂ ᠬᠦᠷᠢᠶ᠎ᠡ ᠬᠠᠰᠢᠶᠠᠨ ᠤ ᠠᠵᠤ ᠠᠬᠤᠶ ᠶᠢ ᠰᠠᠶᠢᠲᠤᠷ ᠬᠢᠵᠦ᠂ ᠣᠯᠠᠨ ᠠᠷᠭ᠎ᠠ ᠵᠠᠮ ᠢᠶᠠᠷ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠳᠡᠢ ᠭᠡᠵᠦ ᠱᠠᠭᠠᠷᠳᠠᠪᠠ᠃      ᠲᠣᠰᠬᠤᠨ ᠤ ᠠᠷᠠᠳ ᠭᠤᠤ ᠶᠢᠨ ᠫᠢᠩ ᠤᠨ ᠭᠡᠷ ᠲᠤ ᠭᠤᠤ ᠭᠤᠸᠠᠶ ᠲᠠᠢ ᠬᠤᠲᠠ ᠶᠢᠨ ᠲᠡᠭᠦᠷᠭᠡ ᠬᠥᠳᠡᠭᠡ ᠲᠣᠰᠬᠤᠨ ᠢ ᠬᠡᠷᠬᠢᠨ ᠴᠢᠨᠠᠷ ᠰᠠᠶᠢᠲᠠᠶ ᠬᠦᠭᠵᠢᠬᠦᠯᠬᠦ ᠲᠤᠬᠠᠶ ᠶᠠᠷᠢᠯᠴᠠᠬᠤ ᠳᠤ᠂ ᠭᠤᠤ ᠭᠤᠸᠠᠶ᠂ ᠲᠣᠰᠬᠤᠨ ᠳᠤ ᠨᠠᠰᠤᠲᠠᠶᠢᠴᠤᠳ ᠣᠯᠠᠨ ᠲᠠᠷᠢᠶ᠎ᠠ ᠲᠠᠷᠢᠬᠤ ᠬᠦᠮᠦᠨ ᠴᠥᠭᠡᠨ ᠪᠣᠯᠬᠤᠷ ᠲᠣᠰᠬᠤᠨ ᠤ ᠠᠷᠠᠳ ᠤᠨ ᠭᠠᠵᠠᠷ ᠰᠢᠷᠣᠶ ᠶᠢ ᠰᠢᠯᠵᠢᠭᠦᠯᠦᠨ ᠲᠥᠪᠯᠡᠷᠡᠭᠦᠯᠦᠨ ᠡᠷᠴᠢᠮᠵᠢᠭᠦᠯᠦᠨ ᠲᠠᠷᠢᠶᠠᠯᠠᠪᠠᠯ ᠵᠤᠬᠢᠨ᠎ᠠ ᠭᠡᠳᠡᠭ ᠰᠠᠨᠠᠭᠤᠯᠭ᠎ᠠ ᠭᠠᠷᠭᠠᠵᠠᠢ᠃ ᠸᠠᠩ ᠯᠢ ᠰᠢᠶᠠ ᠲᠣᠰᠬᠤᠨ ᠪᠠᠯᠭᠠᠰᠤᠨ ᠤ ᠺᠠᠳ᠋ᠷ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠲᠤ ᠪᠠᠶᠢᠴᠠᠭᠠᠨ ᠰᠤᠳᠤᠯᠤᠯᠲᠠ ᠶᠢ ᠤᠯᠠᠮ ᠰᠠᠶᠢᠨ ᠬᠢᠵᠦ᠂ ᠣᠯᠠᠨ ᠲᠦᠮᠡᠨ ᠤ ᠰᠠᠨᠠᠯ ᠢ ᠥᠷᠭᠡᠨ ᠢᠶᠠᠷ ᠬᠤᠷᠢᠶᠠᠵᠤ᠂ ᠣᠯᠠᠨ ᠲᠦᠮᠡᠨ ᠤ ᠠᠵᠢᠯ ᠢ ᠬᠢᠨᠠᠮᠠᠭᠠᠶ ᠰᠠᠶᠢᠳᠤᠷ ᠬᠢᠵᠦ᠂ ᠲᠡᠭᠦᠷᠭᠡ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠪᠣᠯᠤᠨ ᠨᠠᠰᠤᠳᠠᠶᠢᠴᠤᠳ ᠲᠤ ᠦᠢᠯᠡᠴᠢᠯᠡᠬᠦ ᠠᠵᠢᠯ ᠢ ᠬᠦᠨᠵᠡᠭᠡᠢ ᠲᠦᠯᠦᠪᠯᠡᠨ᠂ ᠭᠠᠵᠠᠷ ᠰᠢᠷᠣᠶ ᠶᠢᠨ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢᠨ ᠬᠤᠪᠢᠰᠤᠯᠲᠠ ᠶᠢ ᠶᠡᠬᠡᠪᠡᠷ ᠠᠬᠢᠭᠤᠯᠵᠤ᠂ ᠬᠥᠳᠡᠭᠡ ᠲᠣᠰᠬᠤᠨ ᠤ ᠦᠢᠯᠡᠳᠪᠦᠷᠢᠯᠡᠯ ᠤᠨ ᠣᠷᠴᠢᠨ ᠲᠣᠭᠤᠷᠢᠨ᠂ ᠠᠮᠢᠳᠤᠷᠠᠯ ᠤᠨ ᠣᠷᠴᠢᠨ ᠲᠣᠭᠤᠷᠢᠨ ᠪᠣᠯᠤᠨ ᠤᠷᠤᠰᠢᠨ ᠰᠠᠭᠤᠬᠤ ᠣᠷᠴᠢᠨ ᠲᠣᠭᠤᠷᠢᠨ ᠢ ᠲᠠᠰᠤᠷᠠᠯᠲᠠ ᠤᠢᠭᠡᠢ ᠰᠠᠶᠢᠵᠢᠷᠠᠭᠤᠯᠬᠤ ᠬᠡᠷᠡᠭᠳᠡᠢ ᠭᠡᠵᠦ ᠱᠠᠭᠠᠷᠳᠠᠪᠠ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠳᠦ ᠳᠠᠶᠢᠯᠠᠯᠳᠤᠭᠠᠨ ᠢ ᠬᠢᠵᠦ ᠰᠢᠢᠳᠪᠦᠷᠢᠳᠦ ᠢᠯᠠᠯᠲᠠ‌ᠣᠯᠬᠤ ᠨᠢ ᠨᠢᠭᠡᠨᠲᠡ ᠵᠠᠩᠭᠢᠯᠠᠭ᠎ᠠ ᠶᠢᠨ ᠱᠠᠲᠤᠨ ᠳᠤ ᠣᠷᠤᠭᠠᠳ ᠪᠤᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠢ ᠨᠠᠩ ᠨᠠᠷᠢᠯᠢᠭᠵᠢᠭᠤᠯᠤᠨ ᠪᠣᠳᠠᠲᠠᠶᠢᠵᠢᠭᠤᠯᠤᠨ ᠥᠷᠨᠢᠭᠦᠯᠵᠦ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠪᠠ ᠡᠯ᠎ᠡ ᠲᠠᠯ᠎ᠠ ᠶᠢᠨ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠡᠨᠬᠦ ᠪᠣᠳᠠᠲᠠᠶ ᠨᠠᠶᠢᠳᠠᠪᠤᠷᠢᠵᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠤᠯᠠᠮ ᠨᠢᠭᠡ ᠠᠯᠬᠤᠮ ᠲᠡᠭᠡᠭᠰᠢᠯᠡᠭᠦᠯᠬᠦ ᠬᠡᠷᠡᠭᠳᠡᠢ ᠭᠡᠪᠡ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠦ᠋ ᠸᠧᠨ ᠮᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号