ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠶᠦᠨ ᠶᠠᠨ ᠹᠠᠩ︶ 6 ᠳ᠋ᠤᠭᠠᠷ | ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ | ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2020 | ᠣᠨ ᠤ 5 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ᠃ | ᠬᠤᠲᠠ ᠶᠢᠨ ᠤᠳᠤᠷᠢᠳᠤᠯᠭ᠎ᠠ ᠪᠢ ᠭᠦᠸᠧ ᠴᠧᠨ᠂ ᠵᠧᠤ ᠴᠢᠶᠠᠩ᠂ ᠹᠦ᠋ ᠪᠢᠨ᠂ ᠵᠠᠩ ᠭᠦᠸᠧ ᠫᠢᠩ᠂ | ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠦᠵᠡᠯ | ᠰᠠᠨᠠᠭ᠎ᠠ ᠲᠠᠨᠢᠯᠲᠠ ᠪᠣᠯᠤᠨ ᠠᠵᠢᠯ ᠤᠨ ᠨᠠᠶᠢᠳᠠᠪᠤᠷᠢᠵᠢᠭᠤᠯᠤᠯᠲᠠ ᠳᠤᠮᠳᠠ ᠣᠷᠣᠰᠢᠵᠤ ᠪᠠᠶᠢᠭ᠎ᠠ ᠲᠤᠳᠠᠭᠤᠳᠠᠯ᠂ | ᠪᠠᠭᠤᠷᠠᠶ ᠲᠠᠯ᠎ᠠ ᠪᠠᠨ ᠬᠦᠨᠵᠡᠭᠡᠢ ᠵᠠᠳᠠᠯᠬᠤ ᠶᠢᠨ ᠬᠠᠮᠳᠤ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢᠨ | ᠠᠵᠢᠯ ᠲᠠᠢ ᠪᠠᠨ ᠤᠶᠠᠯᠳᠤᠭᠤᠯᠤᠨ ᠭᠦᠨᠵᠡᠭᠡᠶ ᠰᠡᠳᠬᠢᠨ ᠪᠣᠳᠤᠯᠬᠢᠯᠠᠵᠤ᠂ ᠠᠵᠢᠯ ᠤᠨ ᠰᠡᠳᠬᠢᠴᠡ ᠪᠠ ᠪᠣᠳᠠᠲᠠᠶ | ᠠᠷᠭ᠎ᠠ ᠬᠡᠮᠵᠢᠶ᠎ᠡ ᠪᠠᠨ ᠲᠣᠳᠣᠷᠬᠠᠶ ᠪᠣᠯᠭᠠᠵᠤ᠂ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ | ᠵᠠᠩ ᠪᠠᠢ ᠴᠧᠩ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠤᠯᠠᠮᠵᠢᠯᠠᠯ ᠨᠢᠭᠡᠲᠡᠶ᠂ ᠬᠠᠷᠢᠯᠴᠠᠨ ᠨᠡᠪᠲᠡᠷᠡᠯᠴᠡᠵᠦ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ | ᠬᠥᠭᠵᠢᠯᠲᠡ ᠶᠢᠨ ᠠᠵᠢᠯᠯᠠᠭᠠᠨ ᠤ ᠬᠥᠲᠥᠯᠪᠦᠷᠢ ᠪᠠ ᠦᠨᠳᠦᠰᠦᠨ ᠵᠢᠷᠤᠮᠯᠠᠯ ᠢ ᠬᠠᠮᠲᠤ ᠪᠠᠷ ᠪᠦᠷᠢᠯᠳᠦᠭᠦᠯᠵᠡᠶ᠃ ᠵᠠᠪᠠᠯ | ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠡᠳᠬᠢᠯ ᠲᠠᠯᠪᠢᠨ | ᠰᠠᠶᠢᠲᠤᠷ ᠠᠳᠬᠤᠬᠤ ᠬᠡᠷᠡᠭᠲᠡᠢ᠃ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠢᠮᠠᠭᠳᠠ ᠠᠷᠠᠳ ᠲᠦᠮᠡᠨ ᠤ | ᠲᠥᠯᠥᠭᠡ ᠰᠠᠨᠠᠭᠠᠰᠢᠷᠠᠬᠤ ᠰᠡᠳᠬᠢᠯᠭᠡ ᠶᠢ ᠤᠨᠤᠪᠴᠢᠳᠠᠢ ᠡᠵᠡᠮᠳᠡᠵᠦ᠂ ᠤᠯᠠᠨ ᠲᠦᠮᠡᠨ ᠤ ᠠᠰᠢᠭ ᠲᠤᠰᠠ ᠶᠢ | ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ᠃ ᠤᠬᠠᠮᠰᠠᠷ ᠠᠴᠠ ᠪᠠᠨ ᠬᠠᠷᠢᠴᠠᠭᠤᠯᠵᠤ᠂ ᠠᠷᠠᠳ ᠲᠦᠮᠡᠨ ᠢ | ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠢᠮᠠᠭᠲᠠ ᠠᠷᠠᠳ ᠲᠦᠮᠡᠨ ᠳᠤ ᠪᠤᠶᠠᠨ ᠦᠢᠯᠡᠳᠴᠦ᠂ ᠠᠷᠠᠳ | ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠵᠠᠰᠠᠭ ᠤᠨ ᠠᠵᠢᠯ ᠤᠨ ᠠᠮᠵᠢᠯᠳᠠ ᠪᠣᠯᠭᠠᠨ᠂ ᠣᠯᠠᠨ | ᠲᠦᠮᠡᠨ ᠤ ᠭᠠᠴᠢᠭᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠲᠤᠪᠤᠶᠢᠮ᠎ᠠ ᠠᠰᠠᠭᠤᠳᠠᠯ ᠢ ᠪᠦᠬᠦ ᠰᠡᠳᠬᠢᠯ | ᠪᠦᠬᠦ ᠵᠣᠷᠢᠭ ᠢᠶᠠᠷ ᠢᠶᠠᠨ ᠰᠢᠢᠳᠪᠦᠷᠢᠯᠡᠵᠦ᠂ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠶᠢ ᠠᠳᠬᠤᠵᠤ᠂ ᠤᠯᠠᠨ | ᠲᠦᠮᠡᠨ ᠳᠤ ᠬᠤᠪᠢᠷᠠᠯᠲᠠ ᠶᠢ ᠦᠵᠡᠭᠦᠯᠵᠦ᠂ ᠪᠤᠳᠠᠳᠠᠢ ᠠᠰᠢᠭ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ ᠭᠡᠪᠡ᠃ | ᠵᠠᠩ ᠪᠠᠢ ᠴᠧᠩ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ | ᠬᠥᠪᠴᠢ ᠶᠢ ᠴᠢᠩᠭ᠎ᠠ ᠠᠳᠬᠤᠵᠤ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠨᠢᠭᠡ ᠮᠥᠴᠡ ᠴᠦ ᠰᠤᠯᠠᠷᠠᠭᠤᠯᠤᠯ ᠦᠭᠡᠢ ᠰᠠᠶᠢᠲᠤᠷ ᠬᠢᠬᠦ | ᠬᠡᠷᠡᠭᠲᠡᠢ︔ ᠲᠣᠭᠲᠠᠭᠤᠨ ᠢ ᠪᠠᠳᠤᠯᠠᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠵᠤ᠂ ︽ᠵᠢᠷᠭᠤᠭ᠎ᠠ ᠶᠢ | ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠦᠭᠵᠢᠭᠡᠬᠦ ᠬᠡᠷᠡᠭᠳᠡᠢ︔ | ᠪᠦᠬᠦ ᠬᠦᠴᠦᠨ ᠢᠶᠠᠷ ᠢᠶᠠᠨ ᠳᠤᠲᠠᠭᠤᠳᠠᠯ ᠢᠶᠠᠨ ᠨᠥᠬᠦᠪᠥᠷᠢᠯᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠲᠤᠬᠢᠷᠠᠭᠤᠯᠤᠨ ᠠᠵᠤ ᠦᠢᠯᠡᠰ ᠢ ᠠᠳᠬᠤᠵᠤ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠶᠠᠳᠠᠭᠤ ᠬᠦᠴᠢᠷᠳᠡᠯᠳᠡᠢ ᠭᠠᠵᠠᠷ ᠣᠷᠣᠨ ᠤ ᠦᠷᠬᠦᠯᠵᠢᠯᠡᠭᠦᠶᠢᠴᠡ | ᠬᠥᠭᠵᠢᠯᠲᠡ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠭᠡᠷᠡᠭᠳᠡᠢ︔ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠣᠷᠴᠢᠨ ᠲᠤᠭᠤᠷᠢᠨ ᠤ ᠬᠠᠮᠠᠭᠠᠯᠠᠯᠲᠠ ᠶᠢ | ᠰᠤᠯᠠᠷᠠᠭᠤᠯᠤᠯ ᠦᠭᠡᠢ ᠠᠬᠢᠭᠤᠯᠬᠤ ᠬᠡᠷᠡᠭᠲᠡᠢ ᠭᠡᠪᠡ᠃ | ᠵᠠᠩ ᠪᠠᠢ ᠴᠧᠩ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠬᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠤᠯᠬᠤ | ᠰᠡᠭᠦᠯ ᠬᠤᠷᠢᠶᠠᠬᠤ ᠵᠢᠯ ᠮᠥᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠡᠭᠦᠷᠭᠡ | ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠨ᠎ᠠ᠃ ᠪᠠᠭ ᠤᠨ ᠭᠡᠰᠢᠭᠦᠳ ᠵᠠᠪᠠᠯ ︽ᠬᠡᠯᠡᠪᠡᠯ ᠦᠭᠡᠨ ᠳᠡᠭᠡᠨ | ᠰᠠᠭᠤᠵᠤ᠂ ᠲᠣᠭᠲᠠᠭᠰᠠᠨ ᠪᠣᠯ ᠵᠠᠪᠠᠯ ᠬᠢᠬᠦ ︾ ︽ᠬᠢᠬᠦ ᠦᠭᠡᠶ ᠪᠣᠯ ᠬᠢᠬᠦ ᠦᠭᠡᠢ᠂ ᠬᠢᠪᠡᠯ ᠰᠠᠶᠢᠨ ᠬᠢᠬᠦ︾ ᠡᠷᠴᠢ | ᠵᠣᠷᠢᠭ ᠲᠠᠢ ᠪᠠᠶᠢᠵᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠤᠷᠢᠳᠴᠢᠯᠠᠨ ᠲᠥᠯᠥᠪᠯᠡᠵᠦ᠂ ᠪᠡᠶ᠎ᠡ ᠪᠠᠷ ᠢᠶᠠᠨ | ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠲᠠᠢ ᠨᠠᠷᠢᠨ ᠬᠢᠨᠠᠮᠠᠭᠠᠶ ᠬᠠᠷᠢᠴᠠᠭᠤᠯᠤᠨ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠳᠦ | ᠪᠤᠳᠤᠯᠭ᠎ᠠ ᠪᠠᠶᠢᠷᠢᠯᠠᠭᠤᠯᠤᠯᠲᠠ ᠲᠠᠢ ᠬᠠᠷᠢᠴᠠᠭᠤᠯᠤᠨ᠂ ᠪᠥᠬᠦ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠲᠠᠢ | ᠬᠠᠷᠢᠴᠠᠭᠤᠯᠤᠨ᠂ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠲᠠᠢ ᠬᠠᠷᠢᠴᠠᠭᠤᠯᠤᠨ᠂ ᠥᠷᠯᠥᠭᠡ ᠦᠳᠡᠰᠢ ᠶᠢ | ᠲᠡᠮᠡᠴᠡᠬᠦ᠂ ᠬᠦᠴᠦᠯᠡᠨ ᠴᠢᠷᠮᠠᠶᠢᠬᠤ ᠲᠡᠮᠡᠴᠡᠯ ᠤᠨ ᠳᠦᠷᠢ ᠪᠠᠶᠢᠳᠠᠯ ᠢᠶᠠᠷ ᠡᠯ᠎ᠡ ᠵᠦᠢᠯ ᠤᠨ ᠠᠵᠢᠯ ᠤᠨ ᠬᠠᠷᠠᠯᠲᠠ | ᠡᠭᠦᠷᠭᠡ ᠶᠢ ᠪᠡᠶᠡᠯᠡᠬᠦᠯᠬᠦ ᠬᠡᠷᠡᠭᠳᠡᠢ ᠭᠡᠵᠡᠢ᠃ | ᠬᠤᠲᠠ ᠶᠢᠨ ᠤᠳᠤᠷᠢᠳᠤᠯᠭ᠎ᠠ ᠸᠠᠩ ᠬᠤᠤ ᠯᠧᠢ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ | ᠪᠠᠭ ᠤᠨ ᠭᠡᠰᠢᠭᠦᠳ ᠬᠤᠷᠠᠯ ᠳᠤ ᠰᠤᠯᠠ ᠣᠷᠣᠯᠴᠠᠪᠠ᠃ |