| | ᠣᠶᠢᠷ᠎ᠠ ᠳᠤ᠂ ᠡᠪ ᠬᠠᠮᠳᠤ ᠵᠠᠯᠠᠭᠤᠴᠤᠳ ᠤᠨ ᠡᠪᠯᠡᠯ ᠤᠨ ᠬᠤᠲᠠ ᠶᠢᠨ ᠬᠤᠷᠢᠶ᠎ᠠ᠂ ᠬᠥᠬᠡᠬᠤᠲᠠ ᠶᠢᠨ | ᠵᠠᠯᠠᠭᠤᠴᠤᠳ ᠤᠨ ᠬᠤᠯᠪᠣᠭ᠎ᠠ ᠨᠢ ᠴᠢᠩ ᠱᠦᠶ ᠾᠧ ᠰᠢᠶᠠᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ | ᠬᠤᠷᠢᠶ᠎ᠠ ᠵᠡᠷᠭᠡ ᠨᠢᠭᠡᠴᠡ ᠲᠠᠢ ᠬᠠᠮᠲᠤ ᠪᠠᠷ ︽ᠭᠡᠦᠭᠡᠳ ᠢ ᠲᠤᠰᠬᠤᠨ ᠠᠴᠠ ᠭᠠᠷᠭᠠᠬᠤ ᠬᠡᠤᠬᠡᠳ ᠤᠨ ᠰᠡᠳᠬᠢᠯ ᠢ | ᠳᠤᠯᠠᠭᠠᠴᠠᠭᠤᠯᠬᠤ︾ ᠠᠵᠢᠯᠯᠠᠭ᠎ᠠ ᠥᠷᠨᠢᠭᠦᠯᠵᠦ ᠣᠨᠣᠪᠴᠢᠲᠠᠶ ᠪᠠᠷ ᠶᠠᠳᠠᠭᠤ ᠶᠢ ᠲᠡᠳᠬᠦᠬᠦ ᠨᠡᠶᠢᠲᠡ ᠶᠢᠨ | ᠠᠰᠠᠷᠠᠮᠵᠢ ᠶᠢᠨ ᠠᠵᠢᠯᠯᠠᠭ᠎ᠠ ᠳᠤ ᠬᠦᠴᠦᠨ ᠨᠡᠮᠡᠷᠢᠯᠡᠪᠡ᠃ ᠴᠢᠩ ᠱᠦᠶ ᠾᠧ ᠰᠢᠶᠠᠨ ᠤ ᠢ ᠹᠦ᠋ ᠪᠠᠭ᠎ᠠ | ᠰᠤᠷᠭᠠᠭᠤᠯᠢ ᠶᠢᠨ 20 ᠬᠡᠤᠬᠡᠳ ᠠᠵᠢᠯᠲᠠᠳ ᠪᠣᠯᠤᠨ ᠪᠠᠭᠰᠢ ᠨᠠᠷ ᠤᠨ ᠳᠠᠭᠠᠭᠤᠯᠭ᠎ᠠ ᠪᠠᠷ ᠬᠥᠳᠡᠭᠡ ᠲᠣᠰᠬᠤᠨ ᠠᠴᠠ | ᠭᠠᠷᠴᠤ᠂ ᠬᠤᠲᠠ ᠶᠢᠨ ᠲᠣᠭᠤᠷᠢᠭ ᠲᠤ ᠬᠦᠷᠴᠦ᠂ ᠬᠤᠶᠠᠷ ᠡᠳᠦᠷ ᠤᠨ ᠬᠤᠭᠤᠴᠠᠭ᠎ᠠ ᠲᠠᠢ ︽ᠬᠤᠲᠠ ᠶᠢᠨ ᠠᠶᠠᠯᠠᠯ | ︾ ᠢ ᠡᠬᠢᠯᠡᠭᠦᠯᠪᠡ᠃ | ᠬᠡᠤᠬᠡᠳ ᠤᠳ ᠤᠷᠢᠳ ᠬᠤᠵᠢᠳ ᠥᠪᠥᠷ ᠮᠣᠩᠭᠤᠯ ᠤᠨ ᠮᠦᠽᠧᠶ᠂ ᠰᠢᠷᠡᠭᠡᠲᠦ ᠵᠤᠤ ᠪᠣᠯᠤᠨ ᠳᠠᠯᠠᠨ ᠬᠠᠷ᠎ᠠ | ᠠᠭᠤᠯᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠢ ᠲᠣᠭᠤᠷᠢᠨ ᠦᠵᠡᠵᠦ᠂ ᠪᠠᠰᠠ ᠱᠤᠤᠮᠠᠢ ᠪᠠᠷᠢᠬᠤ ᠶᠢ | ᠪᠡᠶᠡᠴᠢᠯᠡᠨ ᠣᠶᠢᠯᠠᠭᠠᠵᠤ᠂ ᠠᠷᠠᠳ ᠤᠨ ᠵᠠᠩ ᠥᠢᠯᠨ ᠶᠢᠨ ᠰᠤᠶᠤᠯ ᠤᠨ ᠰᠢᠮ᠎ᠡ ᠶᠢ ᠬᠦᠷᠲᠡᠵᠡᠢ᠃ ᠪᠠᠶᠠᠯᠢᠭ | ᠠᠭᠤᠯᠭ᠎ᠠ ᠪᠦᠬᠦᠢ ᠬᠥᠳᠡᠯᠭᠡᠭᠡᠨ ᠨᠢ ᠭᠡᠦᠭᠡᠳ ᠤᠳ ᠲᠤ ᠮᠠᠷᠲᠠᠭᠳᠠᠰᠢ ᠦᠭᠡᠢ ᠰᠠᠭᠤᠭᠳᠠᠯ ᠦᠯᠡᠳᠡᠭᠡᠵᠦ᠂ ᠡᠨᠡ | ᠤᠳᠠᠭᠠᠨ ᠤ ᠠᠶᠠᠯᠠᠯ ᠢᠶᠠᠷ ᠣᠯᠤᠯᠲᠠ ᠮᠠᠰᠢ ᠶᠡᠭᠡ᠂ ᠮᠠᠰᠢ ᠣᠯᠠᠨ ᠮᠡᠳᠡᠯᠭᠡ ᠰᠤᠷᠴᠤ᠂ ᠬᠠᠷᠠᠭ᠎ᠠ ᠪᠠᠨ ᠲᠡᠯᠡᠭᠰᠡᠨ | ᠭᠡᠵᠡᠭᠡᠵᠦ ᠪᠠᠶᠢᠯ᠎ᠠ᠃ ᠰᠤᠷᠪᠤᠯᠵᠢᠯᠠᠭᠴᠢ ᠯᠢᠥᠢ ᠬᠤᠢ ᠱᠧᠩ ᠰᠡᠭᠦᠳᠡᠷᠯᠡᠪᠡ |