ᠮᠠᠨ ᠤ ᠬᠤᠲᠠ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠢ ᠬᠡᠮᠵᠢᠶ᠎ᠡ ᠲᠠᠢ ᠬᠤᠳᠠᠯᠳᠤᠨ ᠠᠪᠬᠤ ᠭᠤᠷᠪᠠᠨ ᠲᠠᠯ᠎ᠠ ᠶᠢᠨ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2020-06-10
     ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠶᠠᠩ ᠵᠢᠩ ᠮᠧᠶ︶ ᠣᠶᠢᠷ᠎ᠠ ᠳᠤ᠂ ᠬᠤᠲᠠ ᠶᠢᠨ  ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠦᠬᠦ ᠬᠤᠲᠠ ᠶᠢᠨ ᠠᠯᠪᠠᠨ ᠠᠴᠠ ᠪᠠᠶᠢᠭᠤᠯᠤᠭᠰᠠᠨ  ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠢ ᠬᠡᠮᠵᠢᠶ᠎ᠡ ᠲᠠᠢ ᠬᠤᠳᠠᠯᠳᠤᠨ ᠠᠪᠬᠤ ᠭᠤᠷᠪᠠᠨ ᠲᠠᠯ᠎ᠠ ᠶᠢᠨ ᠬᠡᠯᠡᠯᠴᠡᠭᠡᠷ ᠲᠣᠭᠲᠠᠬᠤ ᠶᠣᠰᠣᠯᠠᠯ ᠶᠠᠪᠤᠭᠤᠯᠵᠤ᠂ ᠮᠠᠨ ᠤ ᠬᠤᠲᠠ ᠶᠢᠨ ᠡᠮ ᠤᠨ ᠵᠦᠢᠯ ᠢ ᠲᠥᠪᠯᠡᠷᠡᠭᠦᠯᠦᠨ ᠬᠡᠮᠵᠢᠶ᠎ᠡ  ᠲᠠᠢ ᠬᠤᠳᠠᠯᠳᠤᠨ ᠠᠪᠬᠤ ᠦᠷ᠎ᠡ ᠪᠦᠲᠦᠭᠡᠯ ᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠠᠬᠢᠭᠤᠯᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠬᠡᠯᠡᠯᠴᠡᠭᠡᠷ ᠲᠤ 7  ᠦᠢᠯᠡᠳᠪᠦᠷᠢᠯᠡᠯ ᠤᠨ ᠠᠵᠤ ᠠᠬᠤᠶᠢᠯᠠᠯ᠂ 4 ᠳᠣᠭᠢᠷᠠᠭᠤᠯᠤᠨ ᠬᠦᠷᠭᠡᠬᠦ ᠠᠵᠤ ᠠᠬᠤᠶᠢᠯᠠᠯ᠂ 39 ᠲᠣᠭᠲᠠᠭᠰᠠᠨ ᠴᠡᠭ ᠤᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠭᠠᠷ ᠤᠨ ᠥᠰᠥᠭ ᠵᠢᠷᠤᠵᠤ᠂7 ᠡᠮ ᠤᠨ ᠵᠦᠢᠯ ᠤᠨ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠬᠡᠯᠡᠯᠴᠡᠭᠡᠷ ᠲᠣᠭᠲᠠᠪᠠ᠃ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠤ ᠳᠠᠷᠠᠭ᠎ᠠ᠂ 2019 ᠣᠨ ᠤ ᠬᠤᠳᠠᠯᠳᠤᠨ ᠠᠪᠬᠤ ᠬᠡᠮᠵᠢᠶ᠎ᠡ ᠪᠠ ᠬᠤᠳᠠᠯᠳᠤᠨ ᠠᠪᠬᠤ ᠵᠣᠭᠤᠰ ᠤᠨ ᠲᠤᠭ᠎ᠠ ᠶᠣᠰᠣᠭᠠᠷ᠂ ᠵᠢᠱᠢᠯᠲᠡ ᠪᠠᠷ ᠡᠨᠡ ᠵᠢᠯ ᠤᠨ ᠦᠶᠡᠯᠡᠯ ᠤᠨ ᠬᠤᠭᠤᠴᠠᠭᠠᠨ ᠳᠤ ᠪᠠᠷᠤᠭ 3000 ᠲᠦᠮᠡᠨ ᠲᠥᠭᠦᠷᠢᠭ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠠᠷᠪᠢᠯᠠᠵᠤ᠂ ᠡᠪᠡᠳᠴᠢᠲᠡᠨ ᠤ ᠡᠪᠡᠳᠴᠢᠨ ᠦᠵᠡᠭᠦᠯᠬᠦ ᠡᠮ ᠬᠡᠷᠡᠭᠯᠡᠬᠦ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠦᠨ᠎ᠡ᠃      ᠬᠤᠲᠠ ᠶᠢᠨ  ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ  ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠵᠤ᠂ ᠤᠯᠤᠰ ᠠᠴᠠ ᠵᠣᠬᠢᠶᠠᠨ ᠪᠠᠶᠢᠭᠤᠯᠤᠭᠰᠠᠨ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠪᠠ ᠬᠡᠷᠡᠭᠯᠡᠬᠦ ᠲᠤᠷᠰᠢᠯᠲᠠ ᠶᠢᠨ ᠬᠡᠪᠴᠢᠶ᠎ᠡ ᠶᠢ ᠥᠷᠭᠡᠳᠬᠡᠬᠦ ᠠᠵᠢᠯ ᠢ ᠬᠢᠨᠠᠮᠠᠭᠠᠶ  ᠨᠠᠶᠢᠳᠠᠪᠤᠷᠢᠵᠢᠭᠤᠯᠵᠤ᠂ ᠡᠮ ᠤᠨ ᠵᠦᠢᠯ  ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ ᠪᠤᠢ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ  ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠡᠮ ᠤᠨ ᠲᠥᠷᠥᠯ ᠵᠦᠢᠯ ᠢ ᠲᠠᠰᠤᠷᠠᠯᠲᠠ ᠦᠭᠡᠢ ᠥᠷᠭᠡᠳᠬᠡᠵᠦ᠂ ᠣᠯᠠᠨ ᠲᠦᠮᠡᠨ ᠳᠤ  ᠡᠮᠴᠢᠯᠡᠭᠡᠨ ᠤ ᠳᠠᠭᠠᠳᠬᠠᠯ ᠤᠨ ᠥᠭᠡᠷᠡᠴᠢᠯᠡᠯᠲᠡ ᠶᠢᠨ ᠨᠠᠩ ᠰᠢᠭᠤᠳ᠂ ᠨᠠᠩ ᠪᠣᠳᠠᠲᠠᠶ ᠠᠰᠢᠭ ᠢ ᠬᠦᠷᠳᠡᠭᠡᠬᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号