6 ᠳ᠋ᠤᠭᠠᠷ ᠰᠠᠷ᠎ᠠ ᠶᠢᠨ 8 ᠤ ᠡᠳᠦᠷ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠰᠢᠮᠳᠠᠭᠤᠯᠤᠨ | ᠵᠢᠯᠣᠭᠤᠳᠬᠤ ᠠᠯᠪᠠᠨ ᠭᠡᠷ ᠤᠨ ᠬᠠᠷᠢᠭᠤᠴᠠᠯᠭᠠᠲᠠᠨ ᠴᠧᠩ ᠵᠢᠩ ᠵᠡᠷᠭᠡ ᠬᠥᠮᠦᠰ ᠰᠢᠨ᠎ᠡ ᠬᠤᠳᠠ ᠲᠣᠭᠤᠷᠢᠭ ᠤᠨ | ᠰᠤᠷᠭᠠᠨ ᠬᠥᠮᠦᠵᠢᠯ ᠤᠨ ᠲᠤᠪᠴᠢᠶ᠎ᠠ ᠳᠤ ᠬᠦᠷᠴᠦ᠂ ᠰᠢᠨ᠎ᠡ ᠬᠤᠳᠠ ᠲᠤᠭᠤᠷᠢᠭ ᠤᠨ ᠰᠤᠷᠭᠠᠨ ᠬᠥᠮᠦᠵᠢᠯ ᠤᠨ | ᠲᠤᠪᠴᠢᠶ᠎ᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠡᠯᠢᠩ ᠣᠯᠭᠤᠮᠵᠢ ᠶᠢ | ᠨᠠᠶᠢᠳᠠᠪᠤᠷᠢᠵᠢᠭᠤᠯᠤᠭᠰᠠᠨ ᠪᠠ ᠰᠤᠷᠭᠠᠨ ᠬᠥᠮᠦᠵᠢᠯ ᠤᠨ ᠰᠢᠯᠵᠢᠭᠦᠯᠦᠨ ᠦᠭᠬᠦ ᠪᠡᠯᠡ ᠮᠦᠩᠭᠦ ᠶᠢᠨ | ᠬᠠᠮᠢᠶᠠᠷᠤᠯᠲᠠ ᠶᠢᠨ ᠪᠠᠶᠢᠳᠠᠯ ᠳᠤ ᠲᠤᠰᠬᠠᠢ ᠰᠢᠮᠳᠠᠭᠤᠯᠤᠨ ᠪᠠᠶᠢᠴᠠᠭᠠᠯᠲᠠ ᠬᠢᠪᠡ᠃ | | | | | ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ | ᠲᠣᠪᠴᠢᠶᠠᠨ ᠳᠠᠷᠤᠭ᠎ᠠ ᠭᠤᠤ ᠵᠢᠶᠦ᠋ᠨ ᠵᠢᠦᠸᠠᠨ ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ | ᠲᠣᠪᠴᠢᠶ᠎ᠠ ᠶᠢ ᠲᠦᠯᠦᠭᠡᠯᠡᠨ ᠰᠢᠨ᠎ᠡ ᠬᠤᠲᠠ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠭᠰᠢ ᠶᠢᠨ ᠴᠠᠯᠢᠩ ᠣᠯᠭᠤᠮᠵᠢ ᠶᠢ ᠨᠠᠶᠢᠳᠠᠪᠤᠷᠢᠵᠢᠭᠤᠯᠤᠭᠰᠠᠨ ᠪᠠ ᠰᠤᠷᠭᠠᠨ ᠬᠥᠮᠦᠵᠢᠯ ᠤᠨ ᠰᠢᠯᠵᠢᠭᠦᠯᠦᠨ ᠦᠭᠬᠦ | ᠪᠡᠯᠡ ᠮᠦᠩᠭᠦ ᠶᠢᠨ ᠬᠠᠮᠢᠶᠠᠷᠤᠯᠲᠠ ᠶᠢᠨ ᠪᠠᠶᠢᠳᠠᠯ ᠳᠤ ᠬᠠᠷᠢᠭᠤ ᠮᠡᠳᠡᠭᠦᠯᠦᠯᠲᠡ ᠬᠢᠵᠦ᠂ ᠡᠭᠦᠨ ᠤ ᠬᠠᠮᠲᠤ ᠰᠢᠨ᠎ᠡ | ᠬᠤᠲᠠ ᠲᠣᠭᠤᠷᠢᠭ ᠤᠨ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ᠂ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠣᠷᠣᠨ ᠲᠤᠭ᠎ᠠ ᠳᠤ ᠵᠦᠶ ᠵᠣᠬᠢᠰᠲᠠᠶ ᠲᠣᠬᠢᠷᠠᠭᠤᠯᠤᠯᠲᠠ ᠬᠢᠭᠰᠡᠨ ᠪᠠᠶᠢᠳᠠᠯ᠂ ᠠᠯᠪᠠᠨ | ᠵᠢᠷᠤᠮ ᠤᠨ ᠰᠤᠷᠭᠠᠨ ᠬᠥᠮᠦᠵᠢᠯ ᠳᠤ ᠣᠷᠣᠰᠢᠵᠤ ᠪᠠᠶᠢᠭ᠎ᠠ ᠪᠤᠰᠤᠳ ᠬᠦᠴᠢᠷᠳᠡᠯ ᠵᠡᠷᠭᠡ ᠶᠢ ᠬᠥᠬᠡᠬᠤᠲᠠ ᠶᠢᠨ | ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠵᠥᠪᠯᠡᠯ ᠳᠤ ᠬᠠᠮᠲᠤ ᠳᠤᠨᠢ ᠬᠠᠷᠢᠭᠤ ᠮᠡᠳᠡᠭᠦᠯᠪᠡ᠃ | | | | | ᠴᠧᠩ ᠵᠢᠩ ᠰᠢᠨ᠎ᠡ ᠬᠤᠲᠠ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ | ᠴᠠᠯᠢᠩ ᠣᠯᠭᠤᠮᠵᠢ ᠶᠢ ᠨᠠᠶᠢᠳᠠᠪᠤᠷᠢᠵᠢᠭᠤᠯᠤᠭᠰᠠᠨ ᠪᠠ ᠰᠤᠷᠭᠠᠨ ᠬᠥᠮᠦᠵᠢᠯ ᠤᠨ ᠰᠢᠯᠵᠢᠭᠦᠯᠦᠨ ᠦᠭᠬᠦ ᠪᠡᠯᠡ | ᠮᠥᠩᠭᠦ ᠶᠢ ᠬᠡᠷᠡᠭᠯᠡᠭᠰᠡᠨ ᠪᠠᠶᠢᠳᠠᠯ ᠢ ᠨᠤᠲᠠᠯᠠᠵᠤ᠂ ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠳᠤ | ᠣᠷᠣᠰᠢᠵᠤ ᠪᠠᠶᠢᠭ᠎ᠠ ᠬᠦᠴᠢᠷᠳᠡᠯ ᠢ ᠢᠳᠡᠪᠬᠢᠲᠡᠢ ᠳᠡᠭᠡᠳᠦ ᠱᠠᠲᠤᠨ ᠳᠤ ᠲᠤᠰᠬᠠᠵᠤ᠂ ᠵᠣᠬᠢᠴᠠᠭᠤᠯᠤᠨ | ᠰᠢᠢᠳᠪᠦᠷᠢᠯᠡᠨ᠎ᠡ᠃ | | | | | ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ | ᠪᠦᠷᠢᠯᠳᠦᠬᠦᠨ᠂ ᠬᠤᠯᠪᠤᠭᠳᠠᠯ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠳᠤᠮᠳᠠᠳᠤ ᠪᠠᠭ᠎ᠠ | ᠰᠤᠷᠭᠠᠭᠤᠯᠢ ᠶᠢᠨ ᠭᠤᠤᠯ ᠬᠠᠷᠢᠭᠤᠴᠠᠯᠭᠠᠲᠠᠨ ᠤ ᠲᠥᠯᠥᠭᠡᠯᠡᠭᠴᠢ ᠪᠣᠯᠤᠨ ᠰᠢᠨ᠎ᠡ ᠬᠤᠲᠠ ᠲᠣᠭᠤᠷᠢᠭ ᠤᠨ | ᠬᠤᠯᠪᠤᠭᠳᠠᠯ ᠪᠥᠬᠦᠶ ᠨᠢᠭᠡᠴᠡ ᠶᠢᠨ ᠠᠵᠢᠯᠲᠠᠨ ᠬᠤᠷᠠᠯ ᠳᠤ ᠤᠷᠤᠯᠴᠠᠪᠠ᠃ | | |