ᠬᠤᠸᠠᠩ ᡁᠢ ᠴᠢᠶᠠᠩ ᠬᠤᠷᠢᠨᠭᠡᠷ ᠰᠢᠨ᠎ᠡ ᠲᠣᠭᠤᠷᠢᠭ᠂ ᠬᠤᠷᠢᠨᠭᠡᠷ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠲᠣᠮᠣ ᠳ᠋ᠠᠶᠢᠲ᠋ᠠ ᠡᠭᠦᠯᠡᠨ ᠪᠣᠳᠣᠯᠲᠠ ᠶᠢᠨ ᠠᠵᠤ ᠦᠢᠯᠡᠰ ᠢ  ᠪᠣᠶᠢᠵᠢᠭᠤᠯᠤᠨ ᠬᠥᠭᠵᠢᠭᠦᠯᠬᠦ ᠶᠢ ᠳᠡᠭᠡᠳᠦ ᠲᠡᠰ ᠤᠨ  ᠲᠡᠭᠡᠳᠦ ᠰᠢᠨ᠎ᠡ ᠠᠵᠤ ᠦᠢᠯᠡᠰ ᠤᠨ ᠭᠤᠣᠯ ᠰᠢᠪᠳᠤᠯᠤᠯᠲᠠ ᠶᠢᠨ ᠴᠢᠭᠯᠡᠯ ᠪᠣᠯᠭᠠᠬᠤ ᠬᠡᠷᠡᠭᠲᠡᠢ ᠯᠥᠸᠧ ᠴᠢᠩ ᠨᠠᠷ ᠣᠷᠣᠯᠴᠠᠪᠠ
ᠨᠡᠶᠢᠲᠡᠯᠡᠭᠰᠡᠨ ᠴᠠᠭ᠄
2020-06-11
     ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠯᠢ ᠰᠢᠶᠠ︶ 6 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠨᠠᠷ ᠬᠤᠷᠢᠨᠭᠡᠷ ᠰᠢᠨ᠎ᠡ ᠲᠣᠭᠤᠷᠢᠭ᠂ ᠬᠤᠷᠢᠨᠭᠡᠷ ᠰᠢᠶᠠᠨ ᠳᠤ ᠬᠦᠷᠴᠦ᠂ ᠲᠤᠭ᠎ᠠ ᠪᠠᠷᠢᠮᠲᠠ ᠶᠢᠨ ᠵᠢᠵᠢᠭ ᠪᠠᠯᠭᠠᠰᠤ᠂ ᠮᠥᠩᠭᠦᠨ ᠭᠦᠢᠯᠭᠡᠭᠡᠨ ᠤ ᠵᠢᠵᠢᠭ ᠪᠠᠯᠭᠠᠰᠤ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ︵ᠬᠥᠬᠡᠬᠤᠲᠠ︶ ᠶᠢᠨ ᠲᠤᠭ᠎ᠠ ᠪᠠᠷᠢᠮᠲᠠ ᠶᠢᠨ ᠲᠥᠪ ᠵᠢᠴᠢ ᠮᠧᠩ ᠱᠤ᠋ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ᠂ ᠮᠧᠩ ᠼᠤᠤ ᠠᠮᠢ ᠠᠬᠤᠢ ᠶᠢᠨ ᠣᠷᠴᠢᠨ ᠲᠣᠭᠤᠷᠢᠨ ᠤ ︵ᠪᠦᠯᠦᠭᠯᠡᠯ︶  ᠬᠤᠪᠢᠴᠠᠭᠠᠲᠤ ᠬᠢᠵᠠᠭᠠᠷᠲᠤ ᠺᠣᠮᠫᠠᠨᠢ᠂ ᠱᠧᠩ ᠯᠧ ᠮᠦᠽᠧᠢ ᠪᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃      ᠬᠤᠸᠠᠩ ᡁᠢ ᠴᠢᠶᠠᠩ ᠪᠠᠶᠢᠴᠠᠭᠠᠨ ᠰᠤᠳᠤᠯᠤᠯᠲᠠ ᠳᠤᠮᠳᠠ ᠪᠠᠨ ᠴᠢᠬᠤᠯᠠᠴᠢᠯᠠᠭᠰᠠᠨ ᠨᠢ᠂ ᠬᠥᠬᠡᠬᠤᠲᠠ ᠶᠢᠨ  ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠥᠪᠥᠷ ᠮᠣᠩᠭᠤᠯ ᠤᠯᠤᠰ  ᠤᠨ ᠲᠣᠮᠣ ᠳ᠋ᠠᠶᠢᠲ᠋ᠠ ᠶᠢᠨ ᠰᠠᠭᠤᠷᠢ ᠪᠡᠯᠡᠳᠬᠡᠮᠵᠢ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠲᠥᠷᠥᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢᠶᠠᠷ ᠵᠦᠪᠰᠢᠶᠡᠷᠡᠭᠳᠡᠭᠰᠡᠨ ᠠᠵᠠ ᠲᠣᠬᠢᠶᠠᠯ ᠢ ᠵᠠᠪᠳᠤᠨ ᠠᠳᠬᠤᠵᠤ᠂ ᠲᠣᠮᠣ ᠳ᠋ᠠᠶᠢᠲ᠋ᠠ ᠡᠭᠦᠯᠡᠨ ᠪᠣᠳᠣᠯᠲᠠ ᠶᠢᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠶᠢ ᠬᠥᠬᠡᠬᠤᠲᠠ ᠬᠢᠭᠡᠳ ᠬᠤᠷᠢᠨᠭᠡᠷ ᠰᠢᠨ᠎ᠡ ᠲᠣᠭᠤᠷᠢᠭ ᠤᠨ ᠲᠡᠭᠡᠳᠦ ᠲᠡᠰ ᠤᠨ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ ᠬᠦᠭᠵᠢᠬᠦᠯᠬᠦ  ᠭᠤᠣᠯ ᠰᠢᠪᠲᠤᠯᠤᠯᠲᠠ ᠶᠢᠨ ᠴᠢᠭᠯᠡᠯ ᠪᠣᠯᠭᠠᠬᠤ ᠶᠢ ᠪᠠᠷᠢᠮᠲᠠᠯᠠᠵᠤ᠂ ᠲᠣᠭᠠᠴᠢᠯᠠᠭᠰᠠᠨ ᠠᠵᠤ ᠠᠬᠤᠶ ᠶᠢᠨ ᠠᠵᠤ ᠦᠢᠯᠡᠰ ᠤᠨ ᠲᠠᠪᠠᠯᠳᠠᠳᠤ ᠮᠠᠶ᠋ᠢᠭ ᠤᠨ ᠬᠥᠭᠵᠢᠯᠲᠡ ᠪᠠᠷ ᠬᠦᠲᠦᠴᠢ ᠪᠣᠯᠭᠠᠵᠤ᠂ ᠲᠣᠭᠠᠴᠢᠯᠠᠭᠰᠠᠨ ᠮᠡᠷᠭᠡᠵᠢᠯ ᠬᠢᠭᠡᠳ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ  ᠦᠢᠯᠡᠰ ᠪᠠ ᠤᠯᠠᠮᠵᠢᠯᠠᠯᠲᠤ ᠣᠨᠴᠠᠯᠢᠭᠲᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠢᠳᠡᠪᠬᠢᠲᠡᠶ ᠠᠬᠢᠭᠤᠯᠬᠤ ᠬᠡᠷᠡᠭᠳᠡᠢ ᠭᠡᠵᠡᠢ᠃      ᠬᠤᠸᠠᠩ ᡁᠢ ᠴᠢᠶᠠᠩ ᠴᠢᠬᠤᠯᠠᠴᠢᠯᠠᠭᠰᠠᠨ ᠨᠢ᠂ ᠠᠵᠤ ᠦᠢᠯᠡᠰ ᠤᠨ ᠲᠥᠷᠥᠯ ᠵᠦᠢᠯ ᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠯᠤᠭ᠎ᠠ ᠤᠶᠠᠯᠳᠤᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠨ ᠤᠷᠭᠤᠮᠠᠯ ᠤᠨ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠵᠦ᠂ ︽ᠤᠷᠭᠤᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ + ᠮᠡᠷᠭᠡᠵᠢᠯ ᠤᠨ ᠭᠠᠷᠭᠠᠯᠲᠠ + ᠦᠷ᠎ᠡ ᠶᠢᠨ ᠦᠢᠯᠡᠰ ᠤᠨ ᠰᠠᠭᠤᠷᠢᠨ ᠭᠠᠵᠠᠷ + ᠦᠢᠯᠡᠳᠪᠦᠷᠢᠯᠡᠵᠦ ᠡᠳ᠋ᠰᠢᠭᠦᠯᠬᠦ + ᠪᠣᠷᠣᠯᠠᠭᠤᠯᠭ᠎ᠠ︾ ᠶᠢ ᠨᠢᠭᠡ ᠴᠤᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠬᠡᠷᠡᠭᠲᠡᠶ᠃ ᠠᠮᠢ ᠠᠬᠤᠶ ᠶᠢ ᠰᠡᠷᠭᠦᠭᠡᠬᠦ ᠮᠡᠷᠭᠡᠵᠢᠯ ᠢ ᠴᠢᠷᠮᠠᠶᠢᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠲᠡᠷᠡᠴᠢᠯᠡᠨ ᠪᠦᠬᠦ ᠤᠯᠤᠰ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠬᠦ ᠬᠡᠷᠡᠭᠳᠡᠢ ᠭᠡᠵᠡᠢ᠃      ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠠᠷᠤᠭ᠎ᠠ ᠲᠢᠶᠠᠨ ᠶᠦᠩ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠬᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠵᠢᠶᠠᠩ ᠬᠤᠸᠠ ᠵᠢᠴᠢ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠳᠠᠷᠤᠭ᠎ᠠ ᠵᠠᠩ ᠯᠢᠶᠠᠨ ᠭᠠᠩ᠂ ᠥᠪᠥᠷ ᠮᠣᠩᠭᠤᠯ ᠤᠨ ᠮᠥᠩᠭᠦᠨ ᠬᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠴᠢᠦᠶ ᠭᠦᠸᠧ ᠮᠢᠨ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠦᠸᠧ ᠴᠢᠩ᠂ ᠬᠤᠲᠠ ᠶᠢᠨ ᠳᠡᠳ᠋ ᠳᠠᠷᠤᠭ᠎ᠠ ᠶᠦᠨ ᠰᠢᠨ ᠮᠢᠩ ᠵᠢᠴᠢ  ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号