ᠮᠠᠨ ᠤ ᠬᠤᠲᠠ ᠶᠢᠨ ᠲᠠᠷᠢᠮᠠᠯ ᠤᠨ ᠲᠠᠯᠠᠪᠠᠢ 560.74 ᠲᠦᠮᠡᠨ ᠮᠦ ᠳᠤ ᠬᠦᠷᠴᠡᠶ
ᠨᠡᠶᠢᠲᠡᠯᠡᠭᠰᠡᠨ ᠴᠠᠭ᠄
2020-06-11
     ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠤᠤ ᠴᠢᠩ︶ ᠰᠤᠷᠪᠤᠯᠵᠢᠯᠠᠭᠴᠢ 6 ᠳ᠋ᠤᠭᠠᠷ ᠰᠠᠷ᠎ᠠ ᠶᠢᠨ 10 ᠤ ᠡᠳᠦᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠠᠴᠠ ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠬᠠᠪᠤᠷ ᠤᠨ ᠲᠠᠷᠢᠶᠠᠯᠠᠭ᠎ᠠ ᠵᠢᠴᠢ ᠭᠠᠩ ᠤᠨ ᠪᠠᠶᠢᠳᠠᠯ ᠤᠨ ᠮᠡᠳᠡᠭᠡᠯᠡᠯ ︵6 ᠳ᠋ᠤᠭᠠᠷ ᠰᠠᠷ᠎ᠠ ᠶᠢᠨ 8 ᠤ ᠡᠳᠦᠷ ᠬᠦᠷᠲᠡᠯ᠎ᠡ︶ ᠤᠨ ᠲᠤᠭ᠎ᠠ ᠪᠠᠷᠢᠮᠲᠠ ᠳᠤ ᠢᠯᠡᠷᠡᠭᠰᠡᠨ ᠢᠶᠠᠷ᠂ ᠪᠦᠬᠦ ᠬᠤᠲᠠ ᠶᠢᠨ ᠲᠠᠷᠢᠮᠠᠯ ᠤᠨ ᠲᠠᠯᠠᠪᠠᠢ 560.74 ᠲᠦᠮᠡᠨ ᠮᠦ ᠳᠤ ᠬᠦᠷᠴᠦ᠂  ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 86.23 ᠲᠦᠮᠡᠨ ᠮᠥ ᠳᠤᠲᠠᠭᠤ ᠲᠠᠷᠢᠨ᠎ᠠ᠃ ᠡᠭᠦᠨ ᠳᠤ ᠪᠤᠭᠤᠳᠠᠶ 22.31 ᠲᠦᠮᠡᠨ ᠮᠦ᠂ ᠡᠷᠳᠡᠨᠢ ᠰᠢᠰᠢ 322.57 ᠲᠦᠮᠡᠨ ᠮᠦ᠂ ᠲᠥᠮᠥᠰᠥ 65.50 ᠲᠦᠮᠡᠨ ᠮᠦ᠂ ᠡᠯᠳᠡᠪ ᠠᠮᠤ 51.38 ᠲᠦᠮᠡᠨ ᠮᠦ᠂ ᠪᠤᠷᠴᠠᠭ ᠤᠨ ᠲᠥᠷᠥᠯ 8.67 ᠲᠦᠮᠡᠨ ᠮᠦ᠂ ᠲᠣᠰᠣᠯᠢᠭ ᠲᠠᠷᠢᠮᠠᠯ 62.99 ᠲᠦᠮᠡᠨ ᠮᠦ ᠪᠣᠢ᠃      ᠣᠶᠢᠯᠠᠭᠠᠭᠰᠠᠨ ᠢᠶᠠᠷ᠂ 5 ᠳ᠋ᠤᠭᠠᠷ ᠰᠠᠷ᠎ᠠ ᠳᠤ ᠬᠠᠪᠤᠷ ᠤᠨ ᠲᠠᠷᠢᠶᠠᠯᠠᠭ᠎ᠠ ᠶᠢᠨ ᠣᠷᠭᠢᠯ ᠬᠤᠭᠤᠴᠠᠭᠠᠨ ᠳᠤ ᠤᠷᠤᠭᠰᠠᠨ ᠠᠴᠠ ᠨᠠᠭᠠᠰᠢ᠂ ᠮᠠᠨ ᠤ ᠬᠤᠲᠠ ᠶᠢᠨ ᠡᠮᠦᠨᠡᠲᠦ ᠬᠡᠰᠡᠭ ᠤᠨ ᠭᠠᠵᠠᠷ ᠣᠷᠣᠨ ᠳᠤ ᠬᠤᠷ᠎ᠠ ᠪᠣᠷᠣᠭᠠᠨ ᠴᠥᠭᠡᠨ᠂ ᠭᠠᠩ ᠤᠨ ᠪᠠᠶᠢᠳᠠᠯ ᠬᠦᠨᠳᠦ ᠨᠣᠴᠢᠲᠠᠶ ᠪᠠᠶᠢᠨ᠎ᠠ᠃ ᠲᠠᠷᠢᠶᠠᠯᠠᠩ ᠤᠨ ᠪᠠᠶᠢᠳᠠᠯ ᠤᠨ ᠪᠦᠷᠢᠳᠬᠡᠯ ᠢ ᠦᠨᠳᠦᠰᠦᠯᠡᠪᠡᠯ᠂ ᠣᠳᠣᠬᠠᠨ ᠳᠤ  ᠭᠠᠩ ᠬᠠᠭᠰᠠᠷᠠᠭᠠᠨ ᠠᠴᠠ ᠪᠣᠯᠵᠤ ᠪᠥᠬᠦ ᠬᠤᠲᠠ ᠳᠤ 78.2 ᠲᠦᠮᠡᠨ ᠮᠥ ᠲᠠᠷᠢᠶᠠᠨ ᠭᠠᠵᠠᠷ ᠲᠤ ᠲᠠᠷᠢᠶ᠎ᠠ ᠳᠠᠷᠢᠭᠠᠳᠤᠶ᠂ ᠡᠭᠦᠨ ᠳᠤ ᠴᠢᠩ ᠱᠦᠶ ᠾᠧ ᠰᠢᠶᠠᠨ ᠳᠤ 44.37 ᠲᠦᠮᠡᠨ ᠮᠥ᠂  ᠲᠤᠭᠲᠠᠬᠤ ᠰᠢᠶᠠᠨ ᠳᠤ 7.13 ᠲᠦᠮᠡᠨ ᠮᠥ᠂ ᠾᠧ ᠯᠢᠨ ᠰᠢᠶᠠᠨ ᠳᠤ 26.7 ᠲᠦᠮᠡᠨ ᠮᠥ ᠪᠠᠶᠢᠨ᠎ᠠ᠃ ᠡᠭᠦᠨ ᠠᠴᠠ ᠭᠠᠳᠠᠨ᠎ᠠ ᠭᠠᠩ ᠬᠠᠭᠰᠠᠷᠠᠭᠠᠨ ᠤ ᠨᠥᠯᠥᠭᠡ ᠠᠴᠠ ᠪᠣᠯᠵᠤ 8.3 ᠲᠦᠮᠡᠨ ᠮᠦ ᠲᠠᠷᠢᠶᠠᠨ ᠭᠠᠵᠠᠷ ᠨᠢᠭᠡᠨᠲᠡ ᠲᠠᠷᠢᠭᠰᠠᠨ ᠴᠤ ᠤᠷᠭᠤᠭᠠᠳᠤᠢ᠂ ᠡᠭᠦᠨ ᠳᠤ ᠬᠤᠷᠢᠨᠬᠡᠷ ᠰᠢᠶᠠᠨ ᠳᠤ7.0 ᠲᠦᠮᠡᠨ ᠮᠦ᠂ ᠲᠣᠭᠲᠠᠬᠤ ᠰᠢᠶᠠᠨ ᠳᠤ 1.3 ᠲᠦᠮᠡᠨ ᠮᠦ  ᠪᠣᠢ᠃  ᠴᠢᠩ ᠱᠦᠶ ᠾᠧ ᠰᠢᠶᠠᠨ ᠬᠡᠳᠦ᠋ᠢᠪᠡᠷ ᠡᠮᠦᠨᠡᠬᠢ ᠬᠤᠭᠤᠴᠠᠭᠠᠨ ᠳᠤ ᠴᠢᠬᠢᠭ ᠢ ᠵᠠᠪᠳᠤᠨ 13.63 ᠲᠦᠮᠡᠨ ᠮᠦ ᠲᠠᠷᠢᠭᠰᠠᠨ ᠴᠤ ᠴᠢᠬᠢ ᠪᠤᠶᠢᠵᠢᠭᠤᠯᠬᠤ᠂ ᠴᠢᠬᠢ ᠬᠠᠮᠠᠭᠠᠯᠠᠬᠤ ᠪᠠᠶᠢᠳᠠᠯ ᠲᠡᠶᠢᠮᠦ ᠰᠠᠶᠢᠨ ᠪᠢᠰᠢ ᠪᠠᠶᠢᠨ᠎ᠠ᠃ ᠶᠡᠷᠦᠩᠬᠡᠢ ᠳᠤ ᠨᠢ ᠠᠪᠴᠤ ᠬᠡᠯᠡᠪᠡᠯ᠂ ᠭᠠᠩ ᠬᠠᠭᠰᠠᠷᠠᠭᠠᠨ ᠤ ᠨᠥᠯᠥᠭᠡ ᠠᠴᠠ ᠪᠣᠯᠵᠤ᠂ ᠮᠠᠨ ᠤ ᠬᠤᠲᠠ ᠶᠢᠨ ᠡᠨᠡ ᠵᠢᠯ ᠤᠨ  ᠬᠠᠪᠤᠷ ᠤᠨ ᠲᠠᠷᠢᠶᠠᠯᠠᠭ᠎ᠠ ᠶᠢᠨ ᠠᠬᠢᠴᠠ ᠨᠢᠳᠤᠨᠤᠨ ᠤ ᠬᠢ ᠲᠠᠢ ᠬᠠᠷᠢᠴᠠᠭᠤᠯᠪᠠᠯ ᠤᠳᠠᠭᠠᠰᠢᠷᠠᠵᠠᠢ᠃      6 ᠳ᠋ᠤᠭᠠᠷ ᠰᠠᠷ᠎ᠠ ᠶᠢᠨ 8 ᠤ ᠡᠳᠦᠷ᠂ ᠮᠠᠨ ᠤ ᠬᠤᠲᠠ ᠳᠤ ᠨᠡᠶᠢᠳᠡᠮ ᠪᠠᠭ᠎ᠠ ᠪᠣᠷᠣᠭᠠᠨ ᠣᠷᠣᠪᠠ᠃ ᠡᠭᠦᠨ ᠳᠤ ᠴᠢᠩ ᠱᠦᠶ ᠾᠧ ᠰᠢᠶᠠᠨ ᠤ ᠶᠡᠬᠡᠩᠬᠢ ᠭᠠᠵᠠᠷ ᠲᠤ ᠪᠣᠷᠣᠭᠠᠨ ᠣᠷᠣᠵᠤ᠂ ᠬᠠᠮᠤᠭ ᠤᠨ ᠶᠡᠭᠡ  ᠲᠤᠨᠳᠠᠰᠤᠨ ᠤ ᠬᠡᠮᠵᠢᠶ᠎ᠡ ᠨᠢ ᠯᠣᠤ ᠨᠢᠤ ᠸᠠᠨ ᠪᠠᠯᠭᠠᠰᠤᠨ ᠳᠤ ᠢᠯᠡᠷᠡᠵᠦ᠂ 5.1 ᠮᠢᠯᠢᠮᠧᠲᠷ ᠤᠷᠤᠵᠠᠢ︔ ᠬᠤᠷᠢᠨᠬᠡᠷ ᠰᠢᠶᠠᠨ ᠤ ᠬᠠᠮᠤᠭ ᠤᠨ ᠶᠡᠭᠡ ᠲᠤᠨᠳᠠᠰᠤᠨ ᠤ ᠬᠡᠮᠵᠢᠶ᠎ᠡ ᠨᠢ ᠶᠡᠭᠡ ᠵᠢᠯᠠᠭ᠎ᠠ ᠲᠣᠰᠬᠤᠨ ᠳᠤ ᠢᠯᠡᠷᠡᠵᠦ  ᠂ 2.3 ᠮᠢᠯᠢᠮᠧᠲᠷ ᠲᠤ ᠬᠦᠷᠴᠡᠶ︔ ᠲᠤᠭᠲᠠᠬᠤ ᠰᠢᠶᠠᠨ ᠤ ᠬᠠᠮᠤᠭ ᠤᠨ ᠶᠡᠭᠡ ᠲᠤᠨᠳᠠᠰᠤᠨ ᠤ ᠬᠡᠮᠵᠢᠶ᠎ᠡ ᠨᠢ ᠰᠢᠨ᠎ᠡ ᠠᠶᠢᠯ ᠪᠠᠯᠭᠠᠰᠤᠨ ᠳᠤ ᠢᠯᠡᠷᠡᠵᠦ᠂ 4.2 ᠮᠢᠯᠢᠮᠧᠲᠷ ᠲᠤ ᠬᠦᠷᠴᠡᠶ᠃ ᠲᠣᠰ ᠤᠳᠠᠭᠠᠨ ᠤ ᠪᠣᠷᠣᠭᠠᠨ ᠨᠢ ᠨᠢᠭᠡᠨᠲᠡ ᠴᠢᠬᠢ ᠭᠠᠷᠤᠭᠰᠠᠨ ᠲᠠᠷᠢᠮᠠᠯ ᠤᠨ ᠤᠷᠭᠤᠯᠲᠠ ᠳᠤ ᠠᠰᠢᠭᠲᠠᠶ ᠪᠣᠯᠪᠠᠴᠤ ᠭᠠᠩ ᠬᠠᠭᠰᠠᠷᠠᠭᠠᠨ ᠠᠴᠠ ᠪᠣᠯᠵᠣ ᠲᠠᠷᠢᠶ᠎ᠠ ᠲᠠᠷᠢᠭᠠᠳᠤᠶ ᠭᠠᠵᠠᠷ ᠣᠷᠣᠨ ᠳᠤ ᠳᠡᠮᠡᠶ ᠶᠡᠭᠡ ᠲᠤᠰᠠ ᠪᠣᠯᠬᠤ ᠥᠬᠡᠶ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号