ᠬᠤᠷᠢᠨᠭᠡᠷ ᠰᠢᠨ᠎ᠡ ᠲᠣᠭᠤᠷᠢᠭ 6 ᠠᠵᠤ ᠠᠬᠤᠢᠢᠯᠠᠯ ᠳᠤ 2085.3 ᠲᠦᠮᠡᠨ ᠲᠥᠭᠦᠷᠢᠭ ᠤᠨ ᠱᠠᠩᠨᠠᠯ ᠪᠡ ᠨᠥᠬᠦᠪᠥᠷᠢ ᠶᠢᠨ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2020-06-12
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠸ᠎ᠠ︶ 6 ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠬᠤᠷᠠᠯ ᠬᠤᠷᠠᠯᠳᠤᠭᠤᠯᠵᠤ᠂ ᠲᠤᠬᠠᠶ ᠶᠢᠨ ᠲᠠᠯᠠᠪᠠᠶ ᠳᠤ ᠴᠢᠩᠬᠤᠸᠠ ᠲᠦᠩ ᠹᠠᠩ ᠵᠡᠷᠭᠡ 6 ᠠᠵᠤ ᠠᠬᠤᠢᠢᠯᠠᠯ ᠳᠤ 2085.3 ᠲᠦᠮᠡᠨ ᠲᠥᠭᠦᠷᠢᠭ ᠤᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠱᠠᠩᠨᠠᠯ ᠨᠥᠬᠦᠪᠥᠷᠢ ᠶᠢᠨ ᠪᠠᠯᠠ ᠮᠥᠩᠭᠦ ᠲᠠᠷᠬᠠᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠨ ᠢ ᠨᠢ ᠲᠥᠪᠯᠡᠷᠡᠭᠦᠯᠤᠨ᠂ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠢᠳᠡᠪᠬᠢᠲᠡᠢ ᠣᠷᠣᠯᠴᠠᠭᠤᠯᠤᠨ᠂ ᠰᠢᠨ᠎ᠡ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠳᠠᠬᠢᠨ ᠰᠢᠨ᠎ᠡ ᠲᠦᠪᠰᠢᠨ ᠳᠤ ᠬᠦᠷᠭᠡᠬᠦ ᠶᠢ ᠠᠬᠢᠭᠤᠯᠤᠭᠰᠠᠨ ᠪᠠᠶᠢᠨ᠎ᠠ᠃     ᠬᠤᠷᠢᠨᠭᠡᠷ ᠰᠢᠨ᠎ᠡ ᠲᠣᠭᠤᠷᠢᠭ ᠪᠠᠶᠢᠭᠤᠯᠤᠭᠳᠠᠭᠰᠠᠨ ᠠᠴᠠ ᠨᠠᠭᠠᠰᠢ᠂ ᠠᠵᠤ ᠠᠬᠤᠢᠢᠯᠠᠯ ᠳᠤ ᠠᠰᠢᠭ ᠬᠦᠷᠲᠡᠭᠡᠬᠦ ᠠᠯᠢ ᠣᠯᠠᠨ ᠲᠥᠷᠥ ᠶᠢᠨ ᠪᠣᠳᠣᠯᠭ᠎ᠠ ᠲᠣᠭᠲᠠᠭᠠᠨ ᠨᠡᠶᠢᠲᠡᠯᠡᠵᠦ᠂ ᠣᠲᠣᠬᠠᠨ ᠪᠣᠯᠲᠠᠯ᠎ᠠ᠂ 13 ᠠᠵᠤ ᠠᠬᠤᠢᠢᠯᠠᠯ ᠳᠤ ᠤᠯᠭᠤᠬᠰᠡᠨ ᠡᠵᠡᠩᠨᠡᠯᠲᠡ ᠶᠢᠨ ᠨᠥᠬᠦᠪᠥᠷᠢ᠂ ᠦᠢᠯᠡᠳᠪᠦᠷᠢ ᠶᠢᠨ ᠬᠡᠷ ᠪᠠᠶᠢᠰᠢᠩ ᠤᠨ ᠲᠦᠷᠢᠶᠡᠰᠦᠨ ᠮᠥᠩᠭᠦ ᠶᠢᠨ ᠨᠥᠬᠦᠪᠥᠷᠢ᠂ ᠠᠵᠢᠯ ᠡᠷᠭᠢᠯᠡᠬᠦ ᠨᠥᠬᠦᠪᠥᠷᠢ᠂ ᠪᠥᠲᠥᠭᠡᠨ ᠪᠠᠶᠢᠭᠤᠯᠤᠯᠲᠠ ᠶᠢᠨ ᠨᠥᠬᠦᠪᠥᠷᠢ᠂ ᠠᠵᠤ ᠠᠬᠤᠶᠢᠯᠠᠯ ᠤᠨ ᠳᠡᠭᠡᠳᠦ ᠲᠠᠰ ᠤᠨ ᠬᠠᠮᠢᠶᠠᠷᠤᠯᠲᠠ ᠶᠢᠨ ᠴᠢᠳᠠᠪᠤᠷᠢᠲᠠᠨ ᠤ ᠱᠠᠩᠨᠠᠯ᠂ ᠲᠡᠭᠦᠰᠬᠦ ᠰᠤᠷᠤᠭᠴᠢᠳ ᠤᠨ ᠨᠥᠬᠦᠪᠥᠷᠢ ᠵᠡᠷᠭᠡ ᠡᠯ᠎ᠡ ᠲᠥᠷᠥᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠱᠠᠩᠨᠠᠯ ᠨᠥᠬᠦᠪᠥᠷᠢ ᠶᠢᠨ ᠪᠠᠯᠠ ᠮᠥᠩᠭᠦ ᠨᠢ 9622.3 ᠲᠦᠮᠡᠨ ᠲᠥᠭᠦᠷᠢᠭ ᠲᠤ ᠬᠦᠷᠴᠡᠶ᠃      3 ᠵᠢᠯ ᠤᠨ ᠲᠤᠷᠰᠢ᠂ ᠬᠤᠷᠢᠨᠭᠡᠷ ᠰᠢᠨ᠎ᠡ ᠲᠣᠭᠤᠷᠢᠭ ᠨᠢ ᠪᠦᠬᠦ ᠤᠯᠤᠰ ᠴᠢᠨᠠᠭᠰᠢᠯᠠᠪᠠᠯ ᠳᠡᠯᠡᠬᠡᠶ ᠶᠢᠨ ᠲᠡᠷᠢᠭᠦᠨ ᠤ ᠨᠢᠭᠡ ᠪᠦᠯᠦᠭ ᠠᠵᠤ ᠦᠢᠯᠡᠰ ᠤᠨ ᠲᠥᠷᠥᠯ ᠵᠦᠢᠯ ᠢ ᠨᠤᠳᠤᠭᠰᠢᠭᠤᠯᠤᠭᠰᠠᠨ ᠠᠴᠠ ᠰᠢᠨ᠎ᠡ ᠲᠣᠭᠤᠷᠢᠭ ᠤᠨ ᠨᠡᠭᠡᠭᠡᠨ ᠬᠥᠭᠵᠢᠭᠦᠯᠦᠯᠲᠡ ᠪᠡ ᠪᠦᠲᠦᠭᠡᠨ ᠪᠠᠶᠢᠭᠤᠯᠤᠯᠲᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠱᠠᠲᠤᠨ ᠳᠤ ᠣᠷᠣᠪᠠ᠃ 2019 ᠣᠨ ᠳᠤ᠂ ᠰᠢᠨ᠎ᠡ ᠲᠣᠭᠤᠷᠢᠭ ᠤᠨ ᠭᠤᠤᠯ ᠲᠣᠭᠤᠷᠢᠭ ᠨᠢ 51.1 ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 76% ᠪᠠᠷ ᠨᠡᠮᠡᠭᠳᠡᠪᠡ︔ 5.2 ᠳ᠋ᠦᠩᠰᠢᠭᠤᠷ ᠲᠥᠭᠦᠷᠢᠭ ᠤᠨ ᠭᠠᠶᠢᠯᠢ ᠲᠠᠲᠠᠪᠤᠷᠢ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 82.9% ᠪᠠᠷ ᠨᠡᠮᠡᠭᠳᠡᠪᠡ︔ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠤᠯ ᠴᠣᠭᠴᠠ 323 ᠪᠣᠯᠵᠣ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 54% ᠪᠠᠷ ᠨᠡᠮᠡᠭᠳᠡᠪᠡ᠃ 2017 ᠣᠨ ᠠᠴᠠ 2019 ᠣᠨ ᠪᠣᠯᠲᠠᠯ᠎ᠠ᠂ ᠰᠢᠨ᠎ᠡ ᠲᠣᠭᠤᠷᠢᠭ ᠤᠨ ᠭᠤᠤᠯ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ 187.7% ᠳᠤ ᠭᠦᠷᠪᠡ︔ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ 117.4% ᠪᠣᠯᠪᠠ︔ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ 102.6% ᠳᠤ ᠭᠦᠷᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号