ᠸᠠᠩ ᠯᠢ ᠰᠢᠶᠠ ᠮᠧᠩ ᠨᠢᠦ ᠪᠦᠯᠦᠭᠯᠡᠯ ᠤᠨ ᠶᠡᠷᠦᠩᠬᠡᠢ ᠳᠠᠭᠠᠭᠠᠮᠠᠯ ᠯᠦ ᠮᠢᠨ ᠹᠠᠩ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2020-06-12
ᠵᠠᠩ ᠪᠠᠢ ᠴᠧᠩ  ᠯᠥᠸᠧ ᠴᠢᠩ ᠣᠷᠣᠯᠴᠠᠪᠠ       ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 6 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠥᠬᠡᠬᠤᠲᠠ ᠳᠤ ᠮᠧᠩ ᠨᠢᠦ ᠪᠦᠯᠦᠭᠯᠡᠯ ᠤᠨ ᠶᠡᠷᠦᠩᠬᠡᠢ ᠳᠠᠭᠠᠭᠠᠮᠠᠯ ᠯᠦ ᠮᠢᠨ ᠹᠠᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠬᠤᠯᠪᠤᠭᠳᠠᠯ ᠪᠦᠬᠦᠢ ᠤᠴᠢᠷ ᠤᠨ ᠲᠤᠬᠠᠢ ᠰᠠᠭᠤᠳᠠᠯ ᠤᠨ ᠬᠤᠷᠠᠯ ᠬᠢᠵᠦ ᠰᠠᠨᠠᠯ ᠢᠶᠠᠨ ᠰᠣᠯᠢᠯᠴᠠᠪᠠ᠃      ᠰᠠᠭᠤᠳᠠᠯ ᠤᠨ ᠬᠤᠷᠠᠯ ᠳᠡᠭᠡᠷ᠎ᠡ᠂ ᠯᠦ ᠮᠢᠨ ᠹᠠᠩ ᠨᠠᠷ ᠶᠠᠭᠤᠨ ᠤ ᠤᠷᠢᠳ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠲᠥᠯᠥᠪᠵᠢᠭᠦᠯᠭᠡ ᠵᠢᠴᠢ ᠠᠬᠢᠴᠠ ᠶᠢᠨ ᠪᠠᠶᠢᠳᠠᠯ ᠢ ᠲᠠᠨᠢᠯᠴᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ᠂ ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠤᠨ ᠠᠵᠢᠯ ᠤᠨ ᠵᠣᠯᠭᠠᠯᠴᠠᠭ᠎ᠠ ᠶᠢ ᠴᠢᠩᠭᠠᠳᠬᠠᠬᠤ᠂ ᠬᠠᠮᠲᠤᠷᠠᠯᠴᠠᠭ᠎ᠠ ᠶᠢᠨ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠬᠤ ᠵᠡᠷᠭᠡ ᠲᠠᠯ᠎ᠠ ᠪᠠᠷ ᠪᠣᠳᠠᠲᠠᠢ ᠰᠠᠨᠠᠯ ᠰᠠᠨᠠᠭᠤᠯᠭ᠎ᠠ ᠳᠤᠷᠠᠳᠪᠠ᠃ ᠯᠦ ᠮᠢᠨ ᠹᠠᠩ ᠬᠡᠯᠡᠬᠦ ᠳᠡᠭᠡᠨ᠂ ᠮᠧᠩ ᠨᠢᠦ ᠪᠦᠯᠦᠭᠯᠡᠯ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠳᠤ ᠰᠤᠳᠤᠯᠤᠨ ᠨᠡᠭᠡᠭᠡᠬᠦ ᠲᠥᠪ᠂ ᠶᠠᠰᠤ ᠴᠢᠨᠠᠷ ᠤᠨ ᠲᠥᠪ᠂ ᠬᠡᠷᠡᠭᠯᠡᠭᠴᠢᠳ ᠤᠨ ᠪᠡᠶᠡᠴᠢᠯᠡᠨ ᠣᠶᠢᠯᠠᠭᠠᠬᠤ ᠲᠥᠪ ᠢ ᠲᠥᠪᠯᠡᠷᠡᠭᠦᠯᠦᠨ ᠪᠦᠲᠦᠭᠡᠨ ᠪᠠᠶᠢᠭᠤᠯᠬᠤ ᠳᠤ ᠴᠢᠷᠮᠠᠶᠢᠵᠤ᠂ ᠡᠭᠦᠨ ᠤ ᠬᠠᠮᠲᠤ ᠲᠣᠭᠠᠴᠢᠯᠠᠯᠲᠠ᠂ ᠣᠶᠣᠨᠴᠢᠯᠠᠯᠲᠠ ᠪᠠᠷ ᠰᠦ ᠶᠢᠨ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠡᠯᠪᠡᠷᠢ ᠶᠢ ᠬᠤᠪᠢᠷᠠᠭᠤᠯᠵᠤ ᠲᠡᠰ ᠳᠡᠪᠰᠢᠭᠦᠯᠬᠦ ᠶᠢᠨ ᠲᠣᠭᠤᠷᠢᠨ ᠳᠤ᠂ ︽ᠮᠢᠩᠭᠠᠨ ᠳ᠋ᠦᠩᠰᠢᠭᠤᠷ ᠲᠡᠰ︾ ᠤᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠥᠭᠡᠮᠨᠡᠷᠡᠯ ᠢ ᠪᠣᠢ ᠪᠣᠯᠭᠠᠨ᠂ ᠠᠵᠤ ᠦᠢᠯᠡᠰ ᠤᠨ ᠬᠦᠷᠢᠶᠡᠯᠡᠩ ᠢ ᠰᠦ ᠶᠢᠨ ᠦᠢᠯᠡᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠥᠨᠳᠦᠷᠯᠢᠭ᠂ ᠣᠶᠣᠨᠴᠢ ᠦᠢᠯᠡᠳᠬᠦᠨ ᠤ ᠥᠨᠳᠦᠷᠯᠢᠭ᠂ ᠠᠷᠠᠯᠵᠢᠶᠠᠨ ᠤ ᠲᠠᠪᠴᠠᠩ ᠤᠨ ᠥᠨᠳᠦᠷᠯᠢᠭ᠂ ᠵᠣᠬᠢᠶᠠᠨ ᠪᠠᠶᠢᠭᠤᠯᠤᠯᠲᠠ ᠪᠠ ᠬᠥᠮᠥᠨ ᠤ ᠬᠦᠴᠦᠨ ᠤ ᠥᠨᠳᠦᠷᠯᠢᠭ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠤᠯᠤᠰ ᠤᠨ ᠰᠦ ᠶᠢᠨ ᠦᠢᠯᠡᠰ ᠤᠨ ᠬᠥᠭᠵᠢᠨ ᠮᠠᠨᠳᠤᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠪᠡ᠃      ᠸᠠᠩ ᠯᠢ ᠰᠢᠶᠠ ᠮᠧᠩ ᠨᠢᠦ ᠪᠦᠯᠦᠭᠯᠡᠯ ᠤᠨ ᠳᠤᠷᠠᠳᠤᠭᠰᠠᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠲᠤᠬᠠᠢ ᠰᠢᠷᠢᠰ ᠦᠵᠡᠯᠲᠡ ᠰᠠᠨᠠᠯ ᠪᠠ ᠰᠠᠨᠠᠭᠤᠯᠭ᠎ᠠ ᠶᠢ ᠵᠥᠪᠰᠢᠶᠡᠷᠡᠵᠦ ᠪᠠᠶᠢᠭ᠎ᠠ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠢ ᠡᠷᠬᠡᠪᠰᠢ ︽ᠤᠯᠤᠰ︾ ᠤᠨ ᠲᠡᠮᠳᠡᠭᠲᠦ ᠶᠢᠨ ᠪᠠᠷᠢᠮᠵᠢᠶ᠎ᠠ ᠶᠣᠰᠣᠭᠠᠷ᠂ ᠥᠨᠳᠥᠷ ᠡᠬᠢᠯᠡᠯᠲᠡ ᠶᠢᠨ ᠴᠡᠭ ᠢᠶᠠᠷ ᠲᠥᠯᠥᠪᠵᠢᠭᠦᠯᠵᠦ᠂ ᠥᠨᠳᠥᠷ ᠬᠢᠷᠢ ᠲᠦᠪᠰᠢᠨ ᠢᠶᠠᠷ ᠪᠦᠲᠦᠭᠡᠨ ᠪᠠᠶᠢᠭᠤᠯᠵᠤ᠂ ᠥᠨᠳᠥᠷ ᠨᠢᠭᠲᠠᠴᠠ ᠪᠠᠷ ᠪᠥᠭᠡᠮᠨᠡᠷᠡᠭᠦᠯᠦᠨ᠂ ᠪᠦᠬᠦ ᠠᠵᠤ ᠦᠢᠯᠡᠰ ᠤᠨ ᠬᠡᠯᠬᠢᠶ᠎ᠡ ᠶᠢ ᠪᠤᠢ ᠪᠣᠯᠭᠠᠵᠤ᠂ ᠰᠦ ᠶᠢᠨ ᠠᠵᠤ ᠦᠢᠯᠡᠰ ᠲᠥᠪᠯᠡᠷᠡᠨ᠂ ᠡᠷᠴᠢᠮᠵᠢᠨ᠂ ᠪᠥᠭᠡᠮᠨᠡᠷᠡᠨ ᠬᠥᠭᠵᠢᠬᠦ ᠶᠢ ᠪᠡᠶᠡᠯᠡᠭᠦᠯᠬᠦ ᠬᠡᠷᠡᠭᠲᠡᠢ᠃ ᠮᠧᠩ ᠨᠢᠦ ᠨᠢ ᠦᠨᠳᠦᠰᠦᠲᠡᠨ ᠤ ᠲᠥᠷᠥᠯ ᠲᠡᠮᠳᠡᠭᠲᠦ ᠪᠣᠯᠣᠭᠰᠠᠨ ᠤ ᠬᠤᠪᠢ ᠳᠤ᠂ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠢ ᠬᠥᠬᠡᠬᠤᠲᠠ ᠶᠢᠨ ᠨᠢᠭᠡᠳᠦᠭᠡᠷ ᠢᠨᠵᠧᠨᠧᠷᠢᠩ ᠪᠣᠯᠭᠠᠨ᠂ ᠳᠡᠯᠡᠬᠡᠢ ᠶᠢᠨ᠂ ᠤᠯᠤᠰ ᠤᠨ ᠳᠣᠲᠣᠭᠠᠳᠤ ᠶᠢᠨ᠂ ᠣᠷᠣᠨ ᠨᠤᠲᠤᠭ ᠤᠨ᠂ ᠠᠵᠤ ᠠᠬᠤᠶᠢᠯᠠᠯ ᠤᠨ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ᠂ ᠲᠥᠷᠥᠯ ᠵᠦᠢᠯ ᠤᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ ᠲᠦᠯᠬᠢᠨ ᠠᠬᠢᠭᠤᠯᠬᠤ ᠪᠠᠨ ᠲᠦᠷᠭᠡᠳᠬᠡᠬᠦ ᠬᠡᠷᠡᠭᠲᠡᠢ᠃ ᠬᠥᠬᠡᠬᠤᠲᠠ ᠪᠦᠬᠦ ᠬᠦᠴᠦᠨ ᠢᠶᠠᠨ ᠭᠠᠷᠭᠠᠵᠤ᠂ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠪᠦᠬᠦ ᠬᠦᠴᠦ ᠪᠠᠷ ᠢᠶᠠᠨ ᠳᠡᠮᠵᠢᠵᠦ᠂ ᠵᠠᠰᠠᠭ ᠤᠨ ᠣᠷᠳᠣᠨ ᠠᠵᠤ ᠠᠬᠤᠶᠢᠯᠠᠯ ᠤᠨ ᠲᠣᠭᠲᠠᠭᠰᠠᠨ ᠴᠠᠭ ᠲᠠᠢ ᠬᠠᠷᠢᠴᠠᠵᠤ ᠵᠥᠪᠳᠡᠬᠦ ᠲᠣᠭᠲᠠᠴᠠ ᠶᠢ ᠪᠠᠶᠢᠭᠤᠯᠵᠤ᠂ ᠲᠣᠳᠣᠷᠬᠠᠢ ᠣᠨ ᠤ ᠠᠵᠢᠯ ᠤᠨ ᠲᠥᠯᠥᠪᠯᠡᠭᠡ ᠶᠢ ᠲᠣᠭᠲᠠᠭᠠᠨ᠂ ᠲᠤᠰᠬᠠᠢ ᠠᠩᠭᠢ ᠭᠠᠷᠭᠠᠨ ᠪᠦᠬᠦ ᠬᠦᠴᠦᠨ ᠢᠶᠠᠷ ᠠᠬᠢᠭᠤᠯᠵᠤ᠂ ᠬᠠᠮᠲᠤ ᠪᠠᠷ ᠴᠢᠷᠮᠠᠶᠢᠨ᠂ ᠲᠥᠷᠥᠯ ᠵᠦᠢᠯ ᠢ ᠡᠷᠲᠡ ᠨᠢᠭᠡ ᠡᠳᠦᠷ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠣᠶ᠎ᠠ ᠭᠡᠪᠡ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠯᠥᠸᠧ ᠴᠢᠩ᠂ ᠦ᠋ ᠸᠧᠨ ᠮᠢᠩ᠂ ᠶᠦᠨ ᠰᠢᠨ ᠮᠢᠩ ᠵᠢᠴᠢ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号