ᠤᠯᠤᠰ ᠤᠨ ᠰᠢᠯᠭᠠᠯᠲᠠ ᠳᠤ ᠪᠡᠯᠡᠳᠬᠡᠵᠦ ᠬᠦᠰᠡᠯ ᠮᠥᠷᠥᠭᠡᠳᠦᠯ ᠤᠨ ᠢᠶᠠᠨ ᠲᠥᠯᠥᠭᠡ ᠴᠢᠷᠮᠠᠶᠢᠶ᠎ᠠ
ᠨᠡᠶᠢᠲᠡᠯᠡᠭᠰᠡᠨ ᠴᠠᠭ᠄
2020-06-12
         2020 ᠣᠨ ᠤ ᠤᠯᠤᠰ ᠤᠨ ᠰᠢᠯᠭᠠᠯᠲᠠ ᠶᠢ ᠬᠤᠶᠢᠰᠢᠯᠠᠭᠤᠯᠤᠭᠠᠳ 7 ᠳ᠋ᠤᠭᠠᠷ ᠰᠠᠷ᠎ᠠ ᠶᠢᠨ 7 ᠠᠴᠠ 8 ᠪᠣᠯᠳᠠᠯ᠎ᠠ ᠶᠠᠪᠤᠭᠳᠠᠭᠤᠯᠬᠤ ᠪᠠᠷ ᠪᠤᠯᠤᠭᠰᠠᠨ ᠶᠤᠮ  ᠃ ᠤᠳᠤ ᠤᠯᠤᠰ ᠤᠨ ᠰᠢᠯᠭᠠᠯᠲᠠ  ᠪᠣᠯᠳᠠᠯ᠎ᠠ ᠰᠠᠷ᠎ᠠ ᠰᠢᠬᠠᠮ ᠤᠨ ᠴᠠᠭ ᠦᠯᠡᠳᠡᠭᠡᠳ ᠪᠤᠢ᠂ ᠬᠢᠵᠢᠭ ᠤᠨ ᠪᠠᠶᠢᠳᠠᠯ ᠤᠨ ᠰᠢᠯᠭᠠᠯᠲᠠ ᠶᠢ ᠦᠩᠭᠡᠷᠡᠭᠡᠭᠰᠡᠨ ᠢᠶᠠᠷ ᠡᠨᠡ ᠵᠢᠯ ᠤᠨ ᠤᠯᠤᠰ ᠤᠨ ᠰᠢᠯᠭᠠᠯᠲᠠ ᠮᠠᠰᠢ ᠣᠨᠴᠠᠭᠠᠢ ᠪᠣᠯᠣᠯ᠎ᠠ᠃ ᠮᠠᠨ ᠤ ᠬᠤᠲᠠ ᠶᠢᠨ ᠳᠡᠭᠡᠳᠦ ᠭᠤᠷᠪᠠ ᠶᠢᠨ ᠰᠤᠷᠤᠭᠴᠢᠳ ᠴᠠᠭ ᠮᠥᠴᠡ ᠲᠠᠢ ᠤᠷᠤᠯᠳᠤᠵᠤ  ᠂ ᠤᠯᠤᠰ ᠤᠨ ᠰᠢᠯᠭᠠᠯᠲᠠ ᠳᠤ ᠪᠡᠯᠡᠳᠬᠡᠨ ᠡᠴᠦᠰ ᠤᠨ ᠰᠢᠪᠳᠤᠯᠤᠯᠲᠠ ᠬᠢᠵᠦ ᠪᠠᠶᠢᠨ᠎ᠠ᠃      ︽ᠥᠪᠡᠷ ᠢ ᠪᠠᠨ ᠢᠳᠡᠭᠡᠵᠦ᠂ ᠪᠦᠬᠦ ᠬᠦᠴᠦᠨ ᠢᠶᠠᠷ ᠢᠶᠠᠨ ᠴᠢᠷᠮᠠᠶᠢᠶ᠎ᠠ︾᠂ ᠡᠨᠡ ᠪᠣᠯ ᠳᠡᠭᠡᠳᠦ ᠭᠤᠷᠪᠠᠳᠤᠭᠠᠷ ᠣᠨ ᠤ ᠬᠢᠴᠢᠶᠡᠯ ᠤᠨ ᠭᠡᠷ ᠤᠨ ᠬᠡᠷᠡᠮ ᠳᠡᠭᠡᠷ᠎ᠡ ᠨᠠᠭᠠᠭᠰᠠᠨ ᠲᠠᠩᠭᠠᠷᠢᠭ ᠤᠨ ᠦᠭᠡ ᠪᠣᠯᠣᠨ᠎ᠠ᠂ ᠮᠥᠨᠴᠦ ᠦᠢ ᠣᠯᠠᠨ ᠰᠢᠯᠭᠠᠭᠤᠯᠬᠤ ᠰᠤᠷᠤᠭᠴᠢᠳ ᠤᠨ ᠥᠪᠡᠷ ᠤᠨ ᠵᠣᠷᠢᠭᠵᠢᠭᠤᠯᠤᠯ᠃ ᠰᠢᠯᠭᠠᠭᠤᠯᠬᠤ ᠰᠤᠷᠤᠭᠴᠢᠳ ᠲᠤ ᠠᠪᠴᠤ ᠬᠡᠯᠡᠪᠡᠯ᠂  ᠤᠯᠤᠰ ᠤᠨ ᠰᠢᠯᠭᠠᠯᠳᠠ ᠨᠢ ᠲᠡᠳᠡᠨ ᠤ 18 ᠨᠠᠰᠤ ᠬᠦᠷᠴᠦ ᠬᠥᠮᠥᠨ ᠤ ᠵᠡᠷᠭᠡ ᠳᠤ ᠬᠦᠷᠦᠭᠰᠡᠨ ᠤ ᠬᠠᠮᠤᠭ ᠤᠨ ᠠᠩᠬᠠᠨ ᠤ  ᠨᠢᠭᠡᠨ ᠴᠢᠬᠤᠯᠠ ᠶᠡᠭᠡ ᠬᠠᠷᠢᠭᠤᠴᠠᠯᠭ᠎ᠠ᠂ ᠲᠡᠳᠡᠨ ᠤ ᠥᠪᠡᠷ ᠤᠨ ᠬᠦᠰᠡᠯ ᠮᠥᠷᠥᠭᠡᠳᠦᠯ ᠤᠨ ᠢᠶᠠᠨ ᠲᠥᠯᠥᠭᠡ ᠰᠢᠨᠲᠠᠷᠠᠰᠢ ᠦᠭᠡᠢ ᠲᠡᠮᠡᠴᠡᠭᠰᠡᠨ ᠤ ᠬᠠᠮᠤᠭ ᠤᠨ ᠰᠠᠶᠢᠨ ᠢᠯᠡᠷᠡᠯ ᠮᠥᠨ᠃ ᠡᠨᠡ ᠬᠡᠰᠡᠭ ᠬᠤᠭᠤᠴᠠᠭᠠᠨ ᠳᠤ᠂ ᠬᠢᠴᠢᠶᠡᠯ ᠰᠣᠨᠣᠰᠬᠤ᠂ ᠰᠡᠳᠦᠪ ᠬᠢᠬᠦ᠂ ᠰᠢᠯᠭᠠᠯᠲᠠ ᠬᠢᠬᠦ ᠨᠢ ᠳᠡᠭᠡᠳᠦ ᠭᠤᠷᠪᠠ ᠶᠢᠨ ᠰᠤᠷᠤᠭᠴᠢᠳ ᠤᠨ ᠠᠮᠢᠳᠤᠷᠠᠯ ᠰᠤᠷᠤᠯᠴᠠᠯᠭ᠎ᠠ ᠶᠢᠨ ᠭᠤᠣᠯ ᠠᠶᠢᠵᠠᠮ ᠪᠣᠯᠵᠤ᠂ ᠰᠤᠷᠭᠠᠭᠤᠯᠢ ᠠᠴᠠ ᠴᠤ ᠨᠢᠭᠡ ᠪᠦᠯᠦᠭ ᠳᠠᠷᠤᠭᠠᠰᠤ ᠶᠢ ᠬᠥᠩᠭᠡᠯᠡᠬᠦ ᠬᠢᠴᠢᠶᠡᠯ ᠲᠣᠬᠢᠷᠠᠭᠤᠯᠤᠨ᠂ ᠰᠤᠷᠤᠭᠴᠢᠳ ᠢ ᠢᠲᠡᠭᠡᠯ ᠲᠠᠢ᠂ ᠥᠭᠡᠳᠡᠷᠬᠡᠭ᠂ ᠲᠠᠶᠢᠪᠤᠭᠤᠬᠠᠨ ᠪᠤᠳᠤᠯ ᠰᠡᠳᠬᠢᠯ ᠢᠶᠠᠷ ᠤᠯᠤᠰ ᠤᠨ ᠰᠢᠯᠭᠠᠯᠲᠠ ᠪᠠᠨ ᠤᠭᠲᠤᠵᠤ᠂ ᠥᠪᠡᠷ ᠤᠨ ᠬᠦᠰᠡᠯ ᠮᠥᠷᠥᠭᠡᠳᠦᠯ ᠳᠡᠭᠡᠨ ᠬᠦᠷᠬᠦ ᠳᠤ ᠨᠢ ᠲᠤᠰᠠ ᠪᠣᠯᠵᠤ ᠪᠤᠢ  ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号