︽ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠪᠠᠲᠤᠯᠠᠬᠤ ᠳᠦᠷᠢᠮ︾ ᠢ 2019 | ᠣᠨ ᠤ 12 ᠳ᠋ᠤᠭᠠᠷ ᠰᠠᠷ᠎ᠠ ᠶᠢᠨ 4 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ 73 ᠳ᠋ᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠵᠥᠪᠰᠢᠶᠡᠷᠡᠵᠦ᠂ 2020 ᠣᠨ ᠤ 5 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠨᠢᠭᠡᠳᠦᠭᠡᠷ ᠪᠦᠯᠦᠭ ᠶᠡᠷᠦᠩᠬᠡᠢ ᠳᠦᠷᠢᠮ | ﹇ᠪᠦᠯᠦᠭ ᠤᠨ ᠲᠠᠶᠢᠯᠤᠮᠵᠢ﹈ ᠲᠤᠰ ᠪᠦᠯᠦᠭ ᠤᠨ ᠭᠤᠣᠯ ᠨᠢ ᠬᠠᠤᠯᠢ ᠲᠣᠭᠲᠠᠭᠠᠬᠤ ᠵᠣᠷᠢᠯᠭ᠎ᠠ᠂ | ᠲᠣᠬᠢᠷᠠᠬᠤ ᠬᠦᠷᠢᠶ᠎ᠡ ᠬᠡᠪᠴᠢᠶ᠎ᠡ᠂ ᠡᠷᠬᠡ ᠪᠠ ᠡᠭᠦᠷᠭᠡ ᠬᠠᠷᠢᠭᠤᠴᠠᠯᠭ᠎ᠠ᠂ ᠵᠢᠯᠣᠭᠤᠳᠬᠤ ᠦᠵᠡᠯ ᠰᠠᠨᠠᠭ᠎ᠠ᠂ | ᠠᠵᠢᠯ ᠤᠨ ᠱᠠᠭᠠᠷᠳᠠᠯᠭ᠎ᠠ᠂ ᠴᠠᠯᠢᠩ ᠥᠭᠭᠦ ᠵᠢᠷᠤᠮᠵᠢᠯ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ | ᠬᠠᠷᠢᠭᠤᠴᠠᠯᠭ᠎ᠠ᠂ ᠪᠤᠰᠤᠳ ᠪᠠᠶᠢᠭᠤᠯᠭ᠎ᠠ ᠶᠢᠨ ᠬᠠᠷᠢᠭᠤᠴᠠᠯᠭ᠎ᠠ᠂ ᠵᠠᠭᠠᠯᠳᠤᠯᠭ᠎ᠠ ᠶᠢ ᠬᠦᠯᠢᠶᠡᠨ ᠠᠪᠴᠤ | ᠰᠢᠢᠳᠪᠦᠷᠢᠯᠡᠬᠦ ᠵᠡᠷᠭᠡ ᠶᠢ ᠵᠢᠷᠤᠮᠵᠢᠭᠤᠯᠵᠠᠢ᠃ | ᠨᠢᠭᠡᠳᠦᠭᠡᠷ ᠵᠦᠢᠯ᠂ ﹇ᠬᠠᠤᠯᠢ ᠲᠣᠭᠲᠠᠭᠠᠬᠤ ᠵᠣᠷᠢᠯᠭ᠎ᠠ﹈ | ﹇ᠲᠠᠶᠢᠯᠤᠮᠵᠢ﹈ ᠬᠠᠤᠯᠢ ᠲᠣᠭᠲᠠᠭᠠᠬᠤ ᠵᠣᠷᠢᠯᠭ᠎ᠠ ᠳᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ | ᠣᠯᠭᠤᠮᠵᠢ ᠶᠢ ᠥᠭᠬᠦ ᠠᠵᠢᠯᠯᠠᠭ᠎ᠠ ᠶᠢ ᠵᠢᠷᠤᠮᠵᠢᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢᠶᠠᠨ | ᠲᠣᠭᠲᠠᠭᠰᠠᠨ ᠴᠠᠭ ᠲᠠᠭᠠᠨ ᠲᠤᠭ᠎ᠠ ᠶᠣᠰᠣᠭᠠᠷ ᠣᠯᠬᠤ ᠶᠢ ᠪᠠᠲᠤᠯᠠᠬᠤ ᠶᠢᠨ ᠬᠠᠤᠯᠢ ᠲᠣᠭᠲᠠᠭᠠᠬᠤ ᠶᠢᠨ ᠦᠨ᠎ᠡ | ᠥᠷᠲᠡᠭ ᠨᠢ ᠬᠦᠴᠦ ᠶᠠᠪᠤᠭᠴᠢ ᠪᠠ ᠬᠥᠯᠥᠰᠦᠯᠡᠭᠴᠢ ᠬᠤᠶᠠᠷ ᠲᠠᠯ᠎ᠠ ᠶᠢᠨ ᠬᠠᠷᠢᠴᠠᠭ᠎ᠠ ᠶᠢᠨ ᠡᠶ᠎ᠡ ᠵᠣᠬᠢᠴᠠᠯ ᠢ | ᠬᠥᠭᠡᠭᠡᠴᠡᠯᠳᠦᠭᠰᠡᠨ ᠳᠤ ᠪᠠᠶᠢᠨ᠎ᠠ ᠭᠡᠳᠡᠭ ᠢ ᠶᠠᠭᠤᠨ ᠤ ᠡᠮᠦᠨ᠎ᠡ ᠲᠤᠳᠤᠷᠬᠠᠶᠢᠯᠠᠵᠠᠢ᠃ ᠦᠢᠯᠡᠳᠦᠯᠭᠡ ᠳᠤᠮᠳᠠ | ᠬᠥᠮᠥᠨ ᠬᠡᠷᠡᠭᠯᠡᠬᠦ ᠨᠢᠭᠡᠴᠡ ᠨᠢ ᠲᠡᠩᠳᠡᠬᠦᠦ ᠬᠦᠴᠦᠯᠢᠭ᠂ ᠬᠠᠷᠢᠨ ᠬᠦᠴᠦ ᠶᠠᠪᠤᠭᠴᠢ ᠨᠢ ᠬᠡᠲᠦᠷᠬᠡᠢ ᠳᠣᠷᠣᠢ | ᠪᠠᠶᠢᠳᠠᠯ ᠳᠤ ᠪᠠᠶᠢᠵᠤ᠂ ᠬᠡᠷᠪᠡ ᠬᠠᠤᠯᠢ ᠴᠠᠭᠠᠵᠠ ᠬᠤᠶᠠᠷ ᠲᠠᠯ᠎ᠠ ᠶᠢ ᠠᠳᠠᠯᠢᠬᠠᠨ ᠬᠠᠮᠠᠭᠠᠯᠠᠬᠤ ᠳᠤ ᠬᠦᠷᠪᠡᠯ ᠬᠤᠶᠠᠷ | ᠲᠠᠯ᠎ᠠ ᠶᠢᠨ ᠬᠠᠷᠢᠴᠠᠭ᠎ᠠ ᠶᠢ ᠲᠡᠩᠴᠡᠭᠦᠷᠢ ᠦᠭᠡᠢ ᠪᠣᠯᠭᠠᠵᠤ᠂ ᠬᠥᠳᠡᠯᠮᠦᠷᠢ ᠶᠢᠨ ᠭᠡᠷ᠎ᠡ ᠶᠢᠨ ᠬᠠᠤᠯᠢ ᠶᠢᠨ ᠪᠠᠶᠢᠪᠠᠰᠤ | ᠵᠣᠬᠢᠬᠤ ᠦᠨ᠎ᠡ ᠥᠷᠲᠡᠭ ᠠᠴᠠ ᠵᠠᠶᠢᠳᠠᠬᠤ ᠨᠢ ᠯᠠᠪᠲᠠᠢ᠃ ᠡᠶᠢᠮᠦ ᠠᠴᠠ᠂ ᠬᠥᠳᠡᠯᠮᠦᠷᠢᠴᠢᠨ ᠤ ᠬᠥᠳᠡᠯᠮᠦᠷᠢ ᠶᠢᠨ | ᠴᠠᠯᠢᠩ ᠣᠯᠭᠤᠮᠵᠢ ᠶᠢᠨ ᠬᠠᠤᠯᠢ ᠶᠣᠰᠣᠨ ᠤ ᠡᠷᠬᠡ ᠠᠰᠢᠭ ᠢ ᠢᠯᠡᠭᠦᠦ ᠬᠠᠮᠠᠭᠠᠯᠠᠪᠠᠯ ᠰᠠᠶ᠋ᠢ ᠬᠤᠶᠠᠷ ᠲᠠᠯ᠎ᠠ ᠶᠢᠨ | ᠬᠠᠷᠢᠴᠠᠭ᠎ᠠ ᠶᠢ ᠬᠠᠷᠢᠴᠠᠩᠭᠤᠢ ᠲᠡᠩᠴᠡᠭᠦᠷᠢ ᠲᠠᠢ ᠪᠠᠶᠢᠯᠭᠠᠵᠤ ᠴᠢᠳᠠᠨ᠎ᠠ᠃ | ᠬᠤᠶᠠᠳᠤᠭᠠᠷ ᠵᠦᠢᠯ ﹇ᠲᠣᠬᠢᠷᠠᠬᠤ ᠬᠦᠷᠢᠶ᠎ᠡ ᠬᠡᠪᠴᠢᠶ᠎ᠡ ᠪᠠ ᠲᠠᠶᠢᠯᠪᠤᠷᠢ﹈ | ﹇ᠲᠠᠶᠢᠯᠤᠮᠵᠢ﹈ ᠲᠤᠰ ᠵᠦᠢᠯ ᠳᠤ ᠲᠣᠬᠢᠷᠠᠬᠤ ᠬᠦᠷᠢᠶ᠎ᠡ ᠬᠡᠪᠴᠢᠶ᠎ᠡ ᠪᠠ ᠬᠦᠴᠦ ᠶᠠᠪᠤᠭᠴᠢ ᠮᠠᠯᠴᠢᠨ | ᠲᠠᠷᠢᠶᠠᠴᠢᠨ ᠭᠡᠬᠦ ᠨᠡᠷ᠎ᠡ ᠦᠭᠡ ᠳᠤ ᠲᠠᠶᠢᠯᠪᠤᠷᠢ ᠬᠢᠵᠡᠢ᠃ | ᠭᠤᠷᠪᠠᠳᠤᠭᠠᠷ ᠵᠦᠢᠯ ﹇ᠬᠦᠴᠦ ᠶᠠᠪᠤᠭᠴᠢ ᠮᠠᠯᠴᠢᠨ ᠲᠠᠷᠢᠶᠠᠴᠢᠨ ᠤ ᠡᠷᠬᠡ ᠪᠠ ᠡᠭᠦᠷᠭᠡ ᠬᠠᠷᠢᠭᠤᠴᠠᠯᠭ᠎ᠠ﹈ | ﹇ᠲᠠᠶᠢᠯᠤᠮᠵᠢ﹈ ᠲᠤᠰ ᠵᠦᠢᠯ ᠳᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠡᠷᠬᠡ ᠪᠠ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ ᠪᠠᠶᠢᠭᠤᠯᠭ᠎ᠠ ᠨᠢᠭᠡᠴᠡ ᠳᠤ ᠬᠥᠳᠡᠯᠮᠦᠷᠢ ᠶᠢᠨ ᠭᠡᠷ᠎ᠡ ᠶᠢᠨ ᠬᠠᠤᠯᠢ | ᠲᠣᠬᠢᠷᠠᠨ᠎ᠠ᠂ ᠬᠤᠪᠢ ᠬᠥᠮᠥᠨ ᠳᠤ ᠢᠷᠭᠡᠨ ᠤ ᠬᠠᠤᠯᠢ ᠲᠣᠬᠢᠷᠠᠨ᠎ᠠ᠃ | ᠳᠥᠷᠪᠡᠳᠦᠭᠡᠷ ᠵᠦᠢᠯ ﹇ᠵᠢᠯᠣᠭᠤᠳᠬᠤ ᠦᠵᠡᠯ ᠰᠠᠨᠠᠭ᠎ᠠ﹈ | ﹇ᠲᠠᠶᠢᠯᠤᠮᠵᠢ﹈ ᠡᠨᠡ ᠵᠦᠢᠯ ᠨᠢ ᠡᠯ᠎ᠡ ᠱᠠᠲᠤᠨ ᠤ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠳᠤ | ᠠᠯᠤᠰ ᠬᠡᠲᠦ ᠶᠢᠨ ᠨᠥᠯᠥᠭᠡ ᠲᠠᠢ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠮᠢᠶᠠᠷᠤᠯᠲᠠ ᠶᠢ ᠲᠤᠶᠢᠯ ᠳᠤᠨᠢ | ᠲᠤᠯᠲᠠᠯ᠎ᠠ ᠪᠠᠳᠠᠷᠠᠭᠤᠯᠵᠠᠢ᠃ ᠶᠡᠷᠦᠩᠬᠡᠢ ᠵᠠᠷᠴᠢᠮ᠄ ᠪᠣᠳᠠᠲᠠᠢ ᠬᠠᠷᠢᠭᠤᠴᠠᠬᠤ᠂ ᠵᠣᠬᠢᠴᠠᠭᠤᠯᠬᠤ ᠲᠣᠭᠲᠠᠴᠠ᠂ ᠬᠢᠨᠠᠨ | ᠬᠠᠮᠢᠶᠠᠷᠬᠤ ᠴᠢᠳᠠᠪᠤᠷᠢ᠂ ᠬᠠᠷᠠᠯᠲᠠ ᠬᠠᠷᠢᠭᠤᠴᠠᠯᠭ᠎ᠠ᠂ ᠦᠨᠡᠯᠡᠨ ᠰᠢᠯᠭᠠᠵᠤ ᠬᠢᠨᠠᠯᠲᠠ ᠲᠠᠯᠪᠢᠬᠤ᠂ᠡᠬᠢᠯᠡᠵᠦ ᠡᠭᠦᠰᠬᠦ | ᠳᠤᠨᠢ ᠬᠤᠷᠢᠭᠯᠠᠬᠤ᠃ ᠪᠣᠳᠠᠲᠠᠢ ᠠᠵᠢᠯ ᠳᠤ ᠠᠳᠬᠤᠬᠤ ᠭᠤᠣᠯᠳᠠᠯᠭ᠎ᠠ᠄ 1. ᠤᠳᠤᠷᠢᠳᠬᠤ ᠳᠤᠭᠤᠶᠢᠯᠠᠩ ᠤᠨ | ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ︔ 2. ᠪᠠᠶᠢᠴᠠᠭᠠᠯᠲᠠ᠂ ᠲᠣᠬᠢᠷᠠᠭᠤᠯᠤᠯᠲᠠ᠂ ᠵᠠᠷᠯᠠᠨ ᠮᠡᠳᠡᠭᠳᠡᠬᠦ | ᠂ ᠦᠨᠡᠯᠡᠨ ᠰᠢᠯᠭᠠᠬᠤ᠂ ᠬᠠᠷᠢᠭᠤᠴᠠᠯᠭ᠎ᠠ ᠨᠡᠬᠡᠮᠵᠢᠯᠡᠬᠦ ᠶᠢ ᠰᠠᠶᠢᠲᠤᠷ ᠠᠳᠬᠤᠬᠤ︔ 3. ᠦᠨᠡᠯᠡᠨ ᠰᠢᠯᠭᠠᠬᠤ ᠨᠠᠷᠢᠨ | ᠲᠦᠷᠢᠮ ᠢ ᠨᠠᠶᠢᠳᠠᠪᠤᠷᠢᠵᠢᠭᠤᠯᠬᠤ︔ 4. ᠭᠡᠷᠡᠴᠢ ᠮᠠᠲ᠋ᠧᠷᠢᠶᠠᠯ ᠢ ᠪᠦᠷᠢᠨ ᠪᠡᠯᠡᠳᠬᠡᠬᠦ︔ 5. ᠴᠠᠯᠢᠩ | ᠣᠯᠭᠤᠮᠵᠢ ᠥᠷᠢᠲᠦᠬᠦ ᠠᠰᠠᠭᠤᠳᠠᠯ ᠢ ᠡᠬᠢᠯᠡᠵᠦ ᠡᠭᠦᠰᠬᠦ ᠳᠤᠨᠢ ᠰᠢᠢᠳᠪᠦᠷᠢᠯᠡᠬᠦ᠃ | ᠲᠠᠪᠤᠳᠤᠭᠠᠷ ᠵᠦᠢᠯ ﹇ᠠᠵᠢᠯ ᠤᠨ ᠱᠠᠭᠠᠷᠳᠠᠯᠭ᠎ᠠ﹈ | ﹇ᠲᠠᠶᠢᠯᠤᠮᠵᠢ﹈ ᠡᠨᠡ ᠵᠦᠢᠯ ᠳᠤ ᠤᠯᠤᠰ ᠠᠯᠪᠠᠨ ᠲᠠᠷᠬᠠᠭᠠᠭᠰᠠᠨ ﹇2016﹈ 1 ᠳ᠋ᠦ᠋ᠭᠡᠷ ᠲᠣᠭᠠᠲᠤ ᠪᠢᠴᠢᠭ | ᠮᠠᠲ᠋ᠧᠷᠢᠶᠠᠯ ᠤᠨ ᠵᠠᠷᠴᠢᠮ ᠢ ᠳᠡᠭᠡᠭᠰᠢᠯᠡᠭᠦᠯᠪᠡ᠃ | ᠨᠢᠭᠡ ᠬᠠᠷᠠᠯᠲᠠ᠄ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠷᠢᠲᠦᠬᠦ | ᠠᠰᠠᠭᠤᠳᠠᠯ ᠢ ᠦᠨᠳᠦᠰᠦ ᠠᠴᠠ ᠨᠢ ᠵᠠᠰᠠᠨ᠎ᠠ᠃ ᠭᠤᠷᠪᠠᠨ ᠬᠠᠷᠢᠭᠤᠴᠠᠯᠭ᠎ᠠ᠄ ᠵᠠᠬ᠎ᠠ ᠳᠡᠯᠭᠡᠭᠦᠷ ᠤᠨ ᠭᠤᠣᠯ ᠴᠣᠭᠴᠠ | ᠬᠠᠷᠢᠭᠤᠴᠠᠬᠤ᠂ ᠵᠠᠰᠠᠭ ᠤᠨ ᠣᠷᠳᠣᠨ ᠬᠠᠤᠯᠢ ᠶᠣᠰᠣᠭᠠᠷ ᠬᠢᠨᠠᠨ ᠬᠠᠮᠢᠶᠠᠷᠬᠤ᠂ ᠨᠡᠶᠢᠭᠡᠮ ᠠᠴᠠ ᠬᠠᠮᠵᠢᠯᠴᠠᠨ | ᠬᠢᠨᠠᠯᠲᠠ ᠲᠠᠯᠪᠢᠬᠤ᠃ ᠳᠥᠷᠪᠡᠨ ᠠᠷᠭ᠎ᠠ ᠬᠡᠮᠵᠢᠶ᠎ᠡ᠄ ᠡᠬᠢ ᠠᠴᠠ ᠨᠢ ᠵᠠᠰᠠᠬᠤ᠂ ᠰᠡᠷᠭᠡᠶᠢᠯᠡᠬᠦ ᠪᠠᠷ ᠭᠤᠣᠯ ᠪᠣᠯᠭᠠᠬᠤ᠂ | ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ᠂ ᠥᠩᠭᠡᠨ ᠲᠠᠯ᠎ᠠ ᠪᠠ ᠡᠬᠢ ᠦᠨᠳᠦᠰᠦ ᠶᠢ ᠵᠡᠷᠭᠡ ᠪᠠᠷ ᠵᠠᠰᠠᠬᠤ᠃ | ᠵᠢᠷᠭᠤᠳᠤᠭᠠᠷ ᠵᠦᠢᠯ ﹇ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠪᠠ ᠴᠠᠯᠢᠩ ᠥᠭᠬᠦ ᠵᠢᠷᠤᠮᠵᠢᠯ﹈ | ﹇ᠲᠠᠶᠢᠯᠤᠮᠵᠢ﹈ ᠡᠨᠡ ᠵᠦᠢᠯ ᠳᠤ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠪᠠ ᠴᠠᠯᠢᠩ ᠥᠭᠬᠦ | ᠬᠠᠤᠯᠢ ᠴᠠᠭᠠᠵᠠ ᠶᠢᠨ ᠵᠢᠷᠤᠮᠵᠢᠯ ᠢ ᠲᠣᠳᠣᠷᠬᠠᠢ ᠲᠣᠭᠲᠠᠭᠠᠵᠠᠢ᠃ | ᠭᠡᠷ᠎ᠡ ᠳᠤ ᠲᠣᠭᠲᠠᠭᠰᠠᠨ ᠴᠠᠯᠢᠩ ᠢ ᠥᠭᠬᠦ ᠳᠤ ᠡᠵᠡᠮᠰᠢᠬᠦ ᠭᠤᠷᠪᠠᠨ ᠠᠭᠤᠯᠭ᠎ᠠ᠄ ᠪᠠᠷᠢᠮᠵᠢᠶ᠎ᠠ᠂ ᠴᠠᠭ᠂ | ᠬᠡᠯᠪᠡᠷᠢ | ᠳᠣᠯᠣᠳᠤᠭᠠᠷ ᠵᠦᠢᠯ ﹇ᠰᠠᠯᠠᠭ᠎ᠠ ᠮᠥᠴᠢᠷ ᠤᠨ ᠬᠠᠷᠢᠭᠤᠴᠠᠯᠭ᠎ᠠ﹈ | ﹇ᠲᠠᠶᠢᠯᠤᠮᠵᠢ﹈ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠬᠤ᠂ ᠬᠠᠷᠢᠭᠤᠴᠠᠯᠭ᠎ᠠ ᠪᠠᠨ | ᠭᠦᠢᠴᠡᠳᠬᠡᠬᠦ᠂ ᠬᠠᠷᠢᠭᠤᠴᠠᠯᠭ᠎ᠠ ᠨᠡᠬᠡᠮᠵᠢᠯᠡᠬᠦ ᠳᠤ ᠦᠨᠳᠦᠰᠦᠨ ᠦᠨᠳᠦᠰᠦᠯᠡᠯ ᠬᠠᠩᠭᠠᠵᠠᠢ᠃ | ᠨᠠᠢᠮᠠᠳᠤᠭᠠᠷ ᠵᠦᠢᠯ ﹇ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ ᠶᠢᠨ ᠡᠭᠦᠷᠭᠡ ᠬᠠᠷᠢᠭᠤᠴᠠᠯᠭ᠎ᠠ﹈ | ﹇ᠲᠠᠶᠢᠯᠤᠮᠵᠢ﹈ ᠠᠳᠡ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠢ | ᠲᠣᠭᠲᠠᠭᠠᠵᠠᠢ᠃ | ᠶᠢᠰᠦᠳᠦᠭᠡᠷ ᠵᠦᠢᠯ ﹇ᠰᠣᠨᠢᠨ ᠮᠡᠳᠡᠭᠡᠨ ᠤ ᠵᠠᠭᠤᠴᠢᠯᠠᠭᠤᠷ ᠤᠨ ᠡᠭᠦᠷᠭᠡ ᠬᠠᠷᠢᠭᠤᠴᠠᠯᠭ᠎ᠠ﹈ | ﹇ᠲᠠᠶᠢᠯᠤᠮᠵᠢ﹈ ᠰᠣᠨᠢᠨ ᠮᠡᠳᠡᠭᠡ ᠶᠢᠨ ᠵᠠᠭᠤᠴᠢᠯᠠᠭᠤᠷ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ᠂ | ᠨᠡᠶᠢᠲᠡᠯᠢᠭ ᠮᠡᠳᠡᠭᠡᠯᠡᠯ᠂ ᠶᠠᠷᠢᠶ᠎ᠠ ᠬᠡᠯᠡᠯᠴᠡᠭᠡᠨ ᠤ ᠬᠢᠨᠠᠯᠲᠠ᠂ ᠬᠤᠶᠠᠷ ᠢ ᠬᠥᠲᠥᠯᠬᠦ ᠡᠭᠦᠷᠭᠡ ᠬᠠᠷᠢᠭᠤᠴᠠᠯᠭ᠎ᠠ ᠶᠢ | ᠲᠣᠳᠣᠷᠬᠠᠢ ᠲᠣᠭᠲᠠᠭᠠᠵᠠᠢ᠃ | ᠠᠷᠪᠠᠳᠤᠭᠠᠷ ᠵᠦᠢᠯ ﹇ᠢᠯᠡᠴᠢᠯᠡᠨ ᠵᠠᠭᠠᠯᠳᠤᠬᠤ ᠠᠷᠭ᠎ᠠ ᠬᠡᠯᠪᠡᠷᠢ﹈ | ﹇ᠲᠠᠶᠢᠯᠤᠮᠵᠢ﹈ ᠲᠤᠰ ᠳᠦᠷᠢᠮ ᠳᠤ ᠢᠯᠡᠴᠢᠯᠡᠨ ᠵᠠᠭᠠᠯᠳᠤᠬᠤ ᠠᠷᠭ᠎ᠠ ᠬᠡᠯᠪᠡᠷᠢ ᠶᠢ ᠲᠣᠳᠣᠷᠬᠠᠢ ᠲᠣᠭᠲᠠᠭᠠᠵᠤ | ᠂ ᠠᠩᠬ᠎ᠠ ᠬᠦᠯᠢᠶᠡᠭᠰᠡᠨ ᠬᠥᠮᠥᠨ ᠤ ᠬᠠᠷᠢᠭᠤᠴᠠᠯᠭ᠎ᠠ ᠶᠢᠨ ᠳᠦᠷᠢᠮ ᠢ ᠳᠤᠷᠠᠳᠴᠤ᠂ ᠥᠪᠡᠷ ᠤᠨ ᠡᠷᠬᠡ ᠳᠤ ᠨᠡᠶᠢᠴᠡᠬᠦ | ᠦᠭᠡᠢ ᠶᠢ ᠳᠠᠮᠵᠢᠭᠤᠯᠤᠨ ᠬᠦᠷᠭᠡᠵᠦ᠂ ᠤᠴᠢᠷ ᠪᠣᠯᠭᠠᠨ ᠳᠤ ᠬᠠᠮᠢᠶᠠᠷᠬᠤ ᠬᠥᠮᠥᠨ ᠲᠠᠢ ᠪᠠᠶᠢᠬᠤ ᠶᠢ ᠪᠠᠲᠤᠯᠠᠵᠠᠢ᠃ | ᠬᠤᠶᠠᠳᠤᠭᠠᠷ ᠪᠦᠯᠦᠭ ᠴᠠᠯᠢᠩ ᠥᠭᠬᠦ ᠬᠡᠯᠪᠡᠷᠢ ᠪᠠ ᠦᠶᠡᠯᠡᠯ | ﹇ᠪᠦᠯᠦᠭ ᠤᠨ ᠲᠠᠶᠢᠯᠤᠮᠵᠢ﹈ ᠲᠤᠰ ᠪᠦᠯᠦᠭ ᠤᠨ ᠭᠤᠣᠯᠳᠠᠯᠭ᠎ᠠ ᠪᠣᠯ ᠴᠠᠯᠢᠩ ᠥᠭᠬᠦ ᠬᠡᠯᠪᠡᠷᠢ᠂ ᠦᠶᠡᠯᠡᠯ᠂ | ᠡᠳᠦᠷ ᠬᠤᠭᠤᠴᠠᠭ᠎ᠠ ᠵᠢᠴᠢ ᠲᠣᠭᠲᠠᠭᠠᠬᠤ᠂ ᠳᠠᠩᠰᠠ ᠵᠢᠴᠢ ᠪᠠᠷᠢᠮᠲᠠ ᠶᠢ ᠬᠡᠷᠡᠭᠯᠡᠵᠦ ᠬᠠᠳᠠᠭᠠᠯᠠᠬᠤ ᠶᠢ | ᠵᠢᠷᠤᠮᠵᠢᠭᠤᠯᠵᠠᠢ᠃ | ᠠᠷᠪᠠᠨ ᠨᠢᠭᠡᠳᠦᠭᠡᠷ ᠵᠦᠢᠯ ﹇ᠴᠠᠯᠢᠩ ᠥᠭᠬᠦ ᠬᠡᠯᠪᠡᠷᠢ﹈ | ﹇ᠲᠠᠶᠢᠯᠤᠮᠵᠢ﹈ ︽ᠬᠠᠤᠯᠢ ᠪᠠᠷ ᠲᠣᠭᠲᠠᠭᠠᠭᠰᠠᠨ ᠵᠣᠭᠤᠰ︾᠂ ︽ᠪᠠᠩᠬᠢ ᠪᠠᠷ ᠵᠣᠭᠤᠰ ᠰᠢᠯᠵᠢᠭᠦᠯᠬᠦ ᠪᠤᠶᠤ | ᠪᠡᠯᠡᠨ ᠮᠥᠩᠭᠦ ︾ ᠪᠠᠷ ᠴᠠᠯᠢᠩ ᠢ ᠥᠭᠴᠦ᠂ ᠡᠳ᠋ ᠪᠣᠳᠠᠰ ᠪᠤᠶᠤ ᠥᠷᠲᠡᠭᠲᠦ ᠲᠡᠮᠳᠡᠭᠲᠦ ᠪᠠᠷ ᠣᠷᠣᠯᠠᠭᠤᠯᠵᠤ ᠪᠣᠯᠬᠤ | ᠦᠭᠡᠢ᠃ | ᠠᠷᠪᠠᠨ ᠬᠤᠶᠠᠳᠤᠭᠠᠷ ᠵᠦᠢᠯ ﹇ᠦᠶᠡᠯᠡᠯ ᠪᠠ ᠡᠳᠦᠷ ᠬᠤᠭᠤᠴᠠᠭ᠎ᠠ ᠶᠢᠨ ᠪᠣᠯᠵᠣᠯ﹈ | ﹇ᠲᠠᠶᠢᠯᠤᠮᠵᠢ﹈ ᠴᠠᠯᠢᠩ ᠥᠭᠬᠦ ᠦᠶᠡᠯᠡᠯ ᠪᠠ ᠡᠳᠦᠷ ᠬᠤᠭᠤᠴᠠᠭ᠎ᠠ ᠶᠢ ᠬᠤᠶᠠᠷ ᠵᠦᠢᠯ ᠢᠶᠠᠷ ᠲᠣᠭᠲᠠᠭᠠᠵᠠᠢ᠄ | ᠨᠢᠭᠡ ᠨᠢ ᠬᠦᠴᠦ ᠶᠠᠪᠤᠭᠴᠢ ᠮᠠᠯᠴᠢᠨ ᠲᠠᠷᠢᠶᠠᠴᠢᠨ ᠲᠠᠢ ᠬᠠᠤᠯᠢ ᠶᠣᠰᠣᠭᠠᠷ ᠬᠡᠯᠡᠯᠴᠡᠨ ᠲᠣᠬᠢᠷᠠᠨ᠎ᠠ᠂ ᠬᠤᠶᠠᠷ ᠨᠢ | ᠬᠥᠮᠥᠨ ᠬᠡᠷᠡᠭᠯᠡᠬᠦ ᠨᠢᠭᠡᠴᠡ ᠶᠢᠨ ᠬᠠᠤᠯᠢ ᠶᠣᠰᠣᠭᠠᠷ ᠲᠣᠭᠲᠠᠭᠠᠭᠰᠠᠨ ᠳᠦᠷᠢᠮ ᠲᠣᠭᠲᠠᠭᠠᠯ ᠢᠶᠠᠷ ᠶᠠᠪᠤᠭᠤᠯᠤᠨ᠎ᠠ᠃ | ᠴᠠᠯᠢᠩ ᠢ ᠲᠤᠭ᠎ᠠ ᠶᠣᠰᠣᠭᠠᠷ ᠥᠭᠬᠦ ᠶᠢ ᠳᠣᠪᠣᠶᠢᠯᠭᠠᠨ ᠴᠢᠬᠤᠯᠠᠴᠢᠯᠠᠵᠠᠢ᠃ | ᠠᠷᠪᠠᠨ ᠭᠤᠷᠪᠠᠳᠤᠭᠠᠷ ᠵᠦᠢᠯ ﹇ᠴᠠᠯᠢᠩ ᠥᠭᠬᠦ ᠦᠶᠡᠯᠡᠯ ᠤᠨ ᠲᠣᠭᠲᠠᠭᠠᠯ﹈ | ﹇ᠲᠠᠶᠢᠯᠤᠮᠵᠢ﹈ ᠬᠤᠶᠠᠷ ᠵᠦᠢᠯ ᠢᠶᠠᠷ ᠲᠣᠳᠣᠷᠬᠠᠢ ᠲᠣᠭᠲᠠᠭᠠᠵᠠᠢ᠄ ᠨᠢᠭᠡ ᠨᠢ ᠰᠠᠷ᠎ᠠ᠂ ᠭᠠᠷᠠᠭ᠂ ᠡᠳᠦᠷ᠂ | ᠴᠠᠭ ᠤᠨ ᠴᠠᠯᠢᠩ ᠤᠨ ᠳᠦᠷᠢᠮ᠂ ᠨᠥᠭᠦᠭᠡ ᠨᠢ ᠬᠢᠭᠰᠡᠨ ᠲᠤᠭ᠎ᠠ ᠪᠠᠷ ᠣᠯᠭᠤᠬᠤ ᠴᠠᠯᠢᠩ ᠤᠨ ᠳᠦᠷᠢᠮ᠃ ᠬᠤᠶᠠᠷ | ᠵᠦᠢᠯ ᠢ ᠵᠥᠪᠳᠡᠯᠴᠡᠨ ᠲᠣᠬᠢᠷᠠᠬᠤ ᠴᠢᠬᠤᠯᠠᠲᠠᠢ᠃ | ᠠᠷᠪᠠᠨ ᠳᠥᠷᠪᠡᠳᠦᠭᠡᠷ ᠵᠦᠢᠯ ﹇ᠴᠠᠯᠢᠩ ᠥᠭᠬᠦ ᠴᠠᠭ ᠢ ᠲᠣᠭᠲᠠᠭᠠᠬᠤ﹈ | ﹇ᠲᠠᠶᠢᠯᠤᠮᠵᠢ﹈ ᠨᠢᠭᠡ ᠪᠣᠯ ᠲᠤᠰ ᠬᠤᠭᠤᠴᠠᠭᠠᠨ ᠳᠠᠭᠠᠨ ᠡᠰᠡᠬᠦᠯ᠎ᠡ ᠳᠠᠷᠠᠭ᠎ᠠ ᠬᠤᠭᠤᠴᠠᠭᠠᠨ ᠳᠤ ᠥᠭᠬᠦ᠃ | ᠬᠤᠶᠠᠷ ᠪᠣᠯ ᠬᠠᠤᠯᠢ ᠳᠤ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠣᠯᠬᠤ ᠠᠴᠠ ᠡᠮᠦᠨ᠎ᠡ ᠥᠭᠬᠦ᠃ ᠭᠤᠷᠪᠠ | ᠪᠣᠯ ᠡᠰᠡᠷᠭᠦᠴᠡᠰᠢ ᠦᠭᠡᠢ ᠬᠦᠴᠦᠨ ᠤ ᠥᠩᠭᠡᠷᠡᠭᠰᠡᠨ ᠤ ᠳᠠᠷᠠᠭ᠎ᠠ ᠳᠠᠷᠤᠢ ᠥᠭᠬᠦ ᠬᠡᠷᠡᠭᠲᠡᠢ ᠭᠡᠵᠦ ᠲᠣᠳᠣᠷᠬᠠᠢ | ᠲᠣᠭᠲᠠᠭᠠᠵᠠᠢ᠃ | ᠠᠷᠪᠠᠨ ᠲᠠᠪᠤᠳᠤᠭᠠᠷ ᠵᠦᠢᠯ ﹇ᠴᠠᠯᠢᠩ ᠥᠭᠭᠦᠭᠰᠡᠨ ᠡᠬᠡ ᠳᠠᠩᠰᠠ ᠵᠢᠴᠢ ᠪᠠᠷᠢᠮᠲᠠ﹈ | ﹇ᠲᠠᠶᠢᠯᠤᠮᠵᠢ﹈ ᠬᠥᠮᠥᠨ ᠬᠡᠷᠡᠭᠯᠡᠬᠦ ᠨᠢᠭᠡᠴᠡ ᠴᠠᠯᠢᠩ ᠥᠭᠬᠦ ᠠᠯᠪᠠ ᠲᠠᠢ᠂ ᠴᠠᠯᠢᠩ ᠥᠭᠭᠦᠭᠰᠡᠨ ᠡᠬᠡ | ᠳᠠᠩᠰᠠ ᠶᠢ 3 ᠵᠢᠯ ᠦᠯᠡᠳᠡᠭᠡᠵᠦ᠂ ᠴᠠᠯᠢᠩ ᠥᠭᠭᠦᠭᠰᠡᠨ ᠡᠬᠡ ᠳᠠᠩᠰᠠᠨ ᠳᠤ ᠨᠠᠷᠢᠨ ᠠᠭᠤᠯᠭ᠎ᠠ ᠶᠢ ᠪᠢᠴᠢᠵᠦ᠂ | ᠴᠠᠯᠢᠩ ᠤᠨ ᠨᠠᠷᠢᠨ ᠬᠠᠭᠤᠳᠠᠰᠤ ᠬᠠᠩᠭᠠᠬᠤ ᠬᠡᠷᠡᠭᠲᠡᠢ ᠭᠡᠵᠦ ᠲᠣᠭᠲᠠᠭᠠᠵᠠᠢ᠃ | ᠡᠬᠡ ᠳᠠᠩᠰᠠ ᠶᠢᠨ ᠠᠭᠤᠯᠭ᠎ᠠ ᠳᠤ᠄ ᠬᠥᠮᠥᠨ ᠬᠡᠷᠡᠭᠯᠡᠬᠦ ᠨᠢᠭᠡᠴᠡ ᠶᠢᠨ ᠨᠡᠷ᠎ᠡ᠂ ᠴᠠᠯᠢᠩ ᠥᠭᠬᠦ ᠦᠶᠡᠯᠡᠯ᠂ ᠴᠠᠭ | ᠬᠤᠭᠤᠴᠠᠭ᠎ᠠ᠂ ᠴᠠᠯᠢᠩ ᠠᠪᠤᠭᠰᠠᠨ ᠬᠥᠮᠥᠨ᠃ | ᠴᠠᠯᠢᠩ ᠠᠪᠤᠭᠰᠠᠨ ᠬᠥᠮᠥᠨ ᠤ ᠠᠭᠤᠯᠭ᠎ᠠ ᠳᠤ᠄ ᠨᠡᠷ᠎ᠡ᠂ ᠪᠡᠶ᠎ᠡ ᠶᠢᠨ ᠦᠨᠡᠮᠯᠡᠯ ᠤᠨ ᠳ᠋ᠤᠭᠠᠷ᠂ ᠬᠠᠷᠢᠯᠴᠠᠬᠤ ᠤᠲᠠᠰᠤ᠂ | ᠠᠵᠢᠯᠯᠠᠭᠰᠠᠨ ᠴᠠᠭ᠂ ᠣᠯᠬᠤ ᠶᠣᠰᠣᠲᠠᠢ ᠴᠠᠯᠢᠩ ᠤᠨ ᠵᠦᠢᠯ ᠵᠢᠴᠢ ᠲᠤᠭ᠎ᠠ ᠬᠡᠮᠵᠢᠶ᠎ᠡ᠂ ᠣᠷᠣᠯᠠᠨ ᠬᠠᠰᠤᠭᠰᠠᠨ᠂ | ᠣᠷᠣᠯᠠᠨ ᠲᠤᠰᠢᠶᠠᠭᠰᠠᠨ᠂ ᠬᠠᠰᠤᠭᠰᠠᠨ ᠵᠦᠢᠯ ᠪᠠ ᠲᠤᠭ᠎ᠠ ᠬᠡᠮᠵᠢᠶ᠎ᠡ᠂ ᠪᠣᠳᠠᠲᠠᠢ ᠣᠯᠬᠤ ᠴᠠᠯᠢᠩ ᠤᠨ ᠲᠤᠭ᠎ᠠ | ᠬᠡᠮᠵᠢᠶ᠎ᠡ᠂ ᠪᠠᠩᠬᠢ ᠠᠴᠠ ᠣᠷᠣᠯᠠᠨ ᠥᠭᠭᠦᠭᠰᠡᠨ ᠪᠠᠷᠢᠮᠲᠠ ᠪᠤᠶᠤ ᠬᠦᠴᠦ ᠶᠠᠪᠤᠭᠴᠢ ᠮᠠᠯᠴᠢᠨ ᠲᠠᠷᠢᠶᠠᠴᠢᠨ ᠤ | ᠭᠠᠷ ᠤᠨ ᠦᠰᠦᠭ᠃ | ᠭᠤᠷᠪᠠᠳᠤᠭᠠᠷ ᠪᠦᠯᠦᠭ ﹇ᠴᠠᠯᠢᠩ ᠢ ᠲᠦᠯᠦᠵᠦ ᠳᠠᠭᠤᠰᠬᠠᠬᠤ﹈ | ﹇ᠪᠦᠯᠦᠭ ᠤᠨ ᠲᠠᠶᠢᠯᠤᠮᠵᠢ﹈ ᠲᠤᠰ ᠪᠦᠯᠦᠭ ᠲᠤ ᠳᠣᠯᠣᠭᠠᠨ ᠵᠦᠢᠯ ᠬᠤᠪᠢᠶᠠᠨ ᠡᠩ ᠤᠨ | ᠬᠠᠷᠢᠭᠤᠴᠠᠯᠭ᠎ᠠ ᠶᠢᠨ ᠭᠤᠣᠯ ᠴᠣᠭᠴᠠ᠂ ᠬᠠᠤᠯᠢ ᠠᠴᠠ ᠵᠥᠷᠢᠴᠡᠭᠰᠡᠨ ᠪᠠᠶᠢᠳᠠᠯ ᠳᠠᠬᠢ ᠬᠠᠷᠢᠭᠤᠴᠠᠯᠭ᠎ᠠ ᠶᠢᠨ ᠭᠤᠣᠯ | ᠴᠣᠭᠴᠠ᠂ ᠬᠠᠤᠯᠢ ᠪᠤᠰᠤ ᠭᠤᠣᠯ ᠴᠣᠭᠴᠠ ᠶᠢ ᠬᠡᠷᠡᠭᠯᠡᠵᠦ ᠴᠠᠯᠢᠩ ᠲᠥᠯᠥᠬᠦ ᠬᠠᠷᠢᠭᠤᠴᠠᠯᠭ᠎ᠠ ᠶᠢᠨ ᠭᠤᠣᠯ ᠴᠣᠭᠴᠠ | ᠂ ᠬᠤᠪᠢ ᠬᠥᠮᠥᠨ ᠪᠠ ᠬᠠᠤᠯᠢ ᠶᠣᠰᠣᠨ ᠤ ᠡᠵᠡᠩᠨᠡᠯᠲᠡ ᠶᠢᠨ ᠬᠢᠷᠢ ᠬᠡᠮ ᠦᠭᠡᠢ ᠨᠢᠭᠡᠴᠡ ᠠᠴᠠ ᠳᠠᠭᠠᠭᠠᠴᠢᠯᠠᠭᠰᠠᠨ | ᠪᠠᠶᠢᠳᠠᠯ᠂ ᠲᠤᠰᠠᠭᠠᠷ ᠪᠤᠰᠤ ᠬᠠᠤᠯᠢ ᠶᠢᠨ ᠡᠷᠬᠡᠲᠡᠨ ᠵᠣᠬᠢᠶᠠᠨ ᠪᠠᠶᠢᠭᠤᠯᠤᠯᠲᠠ ᠬᠤᠶᠢᠰᠢᠯᠠᠭᠤᠯᠬᠤ᠂ ᠨᠡᠶᠢᠯᠡᠭᠦᠯᠬᠦ᠂ | ᠰᠠᠯᠵᠤ ᠲᠤᠰᠠᠭᠠᠷᠯᠠᠭᠰᠠᠨ ᠪᠠᠶᠢᠳᠠᠯ᠂ ᠭᠤᠣᠯ ᠴᠣᠭᠴᠠ ᠶᠢᠨ ᠬᠢᠷᠢ ᠬᠡᠮ ᠢᠶᠠᠨ ᠠᠯᠳᠠᠭᠰᠠᠨ ᠪᠠᠶᠢᠳᠠᠯ ᠳᠠᠬᠢ ᠲᠥᠯᠥᠬᠦ | ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ ᠪᠣᠳᠠᠲᠠᠢ ᠬᠡᠷᠡᠭᠵᠢᠭᠦᠯᠬᠦ ᠳᠤᠮᠳᠠᠬᠢ ᠬᠦᠴᠦ ᠶᠠᠪᠤᠭᠴᠢ ᠮᠠᠯᠴᠢᠨ | ᠲᠠᠷᠢᠶᠠᠴᠢᠨ ᠵᠥᠪᠬᠡᠨ ᠬᠥᠳᠡᠯᠮᠦᠷᠢ ᠶᠢᠨ ᠬᠢᠨᠠᠨ ᠪᠠᠶᠢᠴᠠᠭᠠᠬᠤ ᠶᠢ ᠡᠷᠢᠬᠦ ᠬᠦᠴᠢᠷᠳᠡᠯ ᠢ ᠰᠢᠢᠳᠪᠦᠷᠢᠯᠡᠬᠦ ᠳᠤ ᠬᠠᠤᠯᠢ | ᠴᠠᠭᠠᠵᠠ ᠶᠢᠨ ᠠᠷᠭ᠎ᠠ ᠵᠠᠮ ᠢ ᠲᠣᠳᠣᠷᠬᠠᠢ ᠲᠣᠭᠲᠠᠭᠠᠵᠠᠢ᠃ ᠲᠥᠯᠥᠬᠦ ᠳᠠᠭᠤᠰᠬᠠᠬᠤ ᠶᠢ ᠲᠡᠪᠴᠢᠭᠰᠡᠨ ᠢ | ᠬᠥᠳᠡᠯᠮᠦᠷᠢ ᠶᠢᠨ ᠴᠠᠯᠢᠩ ᠣᠯᠭᠤᠮᠵᠢ ᠶᠢ ᠲᠥᠯᠥᠬᠦ ᠶᠢ ᠲᠡᠪᠴᠢᠭᠰᠡᠨ ᠶᠠᠯ᠎ᠠ ᠪᠠᠷ ᠰᠢᠯᠵᠢᠭᠦᠯᠦᠨ ᠲᠤᠰᠢᠶᠠᠨ᠎ᠠ᠃ | ᠠᠷᠪᠠᠨ ᠵᠢᠷᠭᠤᠳᠤᠭᠠᠷ ᠵᠦᠢᠯ ﹇ᠴᠠᠯᠢᠩ ᠢ ᠲᠦᠯᠦᠵᠦ ᠳᠠᠭᠤᠰᠬᠠᠬᠤ ᠡᠩ ᠤᠨ ᠬᠠᠷᠢᠭᠤᠴᠠᠯᠭ᠎ᠠ ᠶᠢᠨ ᠭᠤᠣᠯ | ᠴᠣᠭᠴᠠ﹈ | ﹇ᠲᠠᠶᠢᠯᠤᠮᠵᠢ﹈ ᠬᠥᠮᠥᠨ ᠬᠡᠷᠡᠭᠯᠡᠬᠦ ᠨᠢᠭᠡᠴᠡ ᠪᠣᠯ ᠴᠠᠯᠢᠩ ᠢ ᠲᠥᠯᠦᠵᠦ ᠳᠠᠭᠤᠰᠬᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠲᠠᠢ ᠭᠡᠰᠡᠨ ᠢ ᠲᠣᠳᠣᠷᠬᠠᠢ ᠲᠣᠭᠲᠠᠭᠠᠵᠠᠢ᠃ | ᠠᠷᠪᠠᠨ ᠳᠣᠯᠣᠳᠤᠭᠠᠷ ᠵᠦᠢᠯ ﹇ᠬᠠᠤᠯᠢ ᠠᠴᠠ ᠵᠥᠷᠢᠴᠡᠭᠰᠡᠨ ᠪᠠᠶᠢᠳᠠᠯ ᠳᠠᠬᠢ ᠬᠠᠷᠢᠭᠤᠴᠠᠯᠭ᠎ᠠ ᠶᠢᠨ ᠭᠤᠣᠯ | ᠴᠣᠭᠴᠠ﹈ | ﹇ᠲᠠᠶᠢᠯᠤᠮᠵᠢ﹈ ᠣᠨᠴᠠᠭᠠᠢ ᠬᠠᠷᠢᠭᠤᠴᠠᠯᠭ᠎ᠠ ᠶᠢᠨ ᠭᠤᠣᠯ ᠴᠣᠭᠴᠠ᠂ ᠭᠤᠣᠯᠳᠠᠭᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠳᠦᠷᠢᠮ᠂ ᠪᠠᠷᠢᠯᠭ᠎ᠠ ᠶᠢᠨ ᠬᠠᠤᠯᠢ ᠪᠠ ᠭᠡᠷ᠎ᠡ ᠶᠢᠨ ᠬᠠᠤᠯᠢ ᠴᠠᠭᠠᠵᠠ ᠶᠢᠨ | ᠲᠠᠶᠢᠯᠪᠤᠷᠢ ᠶᠢ ᠦᠨᠳᠦᠰᠦᠯᠡᠨ᠎ᠡ᠃ ᠬᠠᠤᠯᠢ ᠴᠠᠭᠠᠵᠠ ᠶᠢᠨ ᠠᠷᠭ᠎ᠠ ᠵᠠᠮ ᠨᠢ ᠠᠷᠠᠳ ᠤᠨ ᠰᠢᠭᠦᠬᠦ ᠬᠤᠷᠢᠶ᠎ᠠ ᠠᠴᠠ | ᠰᠢᠢᠳᠪᠦᠷᠢᠯᠡᠨ᠎ᠡ᠃ | ᠠᠷᠪᠠᠨ ᠨᠠᠢᠮᠠᠳᠤᠭᠠᠷ ᠵᠦᠢᠯ ﹇ᠬᠥᠮᠥᠨ ᠬᠡᠷᠡᠭᠯᠡᠬᠦ ᠨᠢᠭᠡᠴᠡ ᠬᠠᠤᠯᠢ ᠪᠤᠰᠤ ᠭᠤᠣᠯ ᠴᠣᠭᠴᠠ ᠶᠢ | ᠬᠡᠷᠡᠭᠯᠡᠭᠰᠡᠨ ᠴᠠᠯᠢᠩ ᠲᠥᠯᠥᠬᠦ ᠬᠠᠷᠢᠭᠤᠴᠠᠯᠭ᠎ᠠ ᠶᠢᠨ ᠭᠤᠣᠯ ᠴᠣᠭᠴᠠ﹈ | ﹇ᠲᠠᠶᠢᠯᠤᠮᠵᠢ﹈ ᠬᠠᠤᠯᠢ ᠪᠤᠰᠤ ᠭᠤᠣᠯ ᠴᠣᠭᠴᠠ ᠶᠢ ᠬᠡᠷᠡᠭᠯᠡᠵᠦ ᠴᠠᠯᠢᠩ ᠦᠷᠢᠳᠦᠭᠰᠡᠨ ᠳᠤ ᠬᠦᠮᠦᠨ | ᠬᠡᠷᠡᠭᠯᠡᠬᠦ ᠨᠢᠭᠡᠴᠡ ᠭᠤᠣᠯ ᠴᠣᠭᠴᠠ ᠶᠢᠨ ᠬᠠᠷᠢᠭᠤᠴᠠᠯᠭ᠎ᠠ ᠲᠠᠢ ᠭᠡᠵᠦ ᠲᠣᠳᠣᠷᠬᠠᠢ ᠲᠣᠭᠲᠠᠭᠠᠵᠤ᠂ ᠬᠡᠨ | ᠬᠠᠤᠯᠢ ᠠᠴᠠ ᠵᠥᠷᠢᠴᠡᠪᠡᠯ ᠬᠡᠨ ᠬᠠᠷᠢᠭᠤᠴᠠᠯᠭ᠎ᠠ ᠡᠭᠦᠷᠭᠡᠯᠡᠵᠦ᠂ ᠬᠠᠷᠢᠭᠤᠴᠠᠨ ᠲᠥᠯᠥᠵᠦ᠂ ᠬᠠᠷᠢᠭᠤᠴᠠᠨ ᠨᠥᠬᠦᠨ | ᠲᠥᠯᠥᠬᠦ ᠵᠠᠷᠴᠢᠮ ᠢ ᠭᠦᠢᠴᠡᠳ ᠬᠠᠷᠠᠭᠤᠯᠵᠠᠢ᠃ | ᠠᠷᠪᠠ ᠶᠢᠰᠦᠳᠦᠭᠡᠷ ᠵᠦᠢᠯ ﹇ᠬᠤᠪᠢ ᠬᠥᠮᠥᠨ᠂ ᠬᠠᠤᠯᠢ ᠶᠣᠰᠣᠨ ᠤ ᠡᠵᠡᠩᠨᠡᠯᠲᠡ ᠶᠢᠨ ᠬᠢᠷᠢ ᠬᠡᠮ ᠦᠭᠡᠢ | ᠨᠢᠭᠡᠴᠡ ᠠᠴᠠ ᠳᠠᠭᠠᠭᠠᠴᠢᠯᠠᠭᠰᠠᠨ ᠪᠠᠶᠢᠳᠠᠯ ᠳᠣᠣᠷᠠᠬᠢ ᠴᠠᠯᠢᠩ ᠢ ᠲᠥᠯᠥᠬᠦ ᠬᠠᠷᠢᠭᠤᠴᠠᠯᠭ᠎ᠠ ᠶᠢᠨ ᠭᠤᠣᠯ ᠴᠣᠭᠴᠠ﹈ | ﹇ᠲᠠᠶᠢᠯᠤᠮᠵᠢ﹈ ᠠᠳᠡ ᠬᠤᠶᠠᠷ ᠵᠦᠢᠯ ᠢ ᠲᠣᠳᠣᠷᠬᠠᠶᠢᠯᠠᠵᠠᠢ᠂ ᠨᠢᠭᠡ ᠪᠣᠯ ᠰᠢᠭᠤᠳ ᠬᠤᠪᠢ ᠬᠥᠮᠥᠨ ᠪᠤᠶᠤ | ᠬᠠᠤᠯᠢ ᠳᠤ ᠨᠡᠶᠢᠴᠡᠭᠰᠡᠨ ᠡᠵᠡᠩᠨᠡᠯᠲᠡ ᠶᠢᠨ ᠬᠢᠷᠢ ᠬᠡᠮ ᠦᠭᠡᠢ ᠨᠢᠭᠡᠴᠡ ᠳᠠᠭᠠᠭᠠᠴᠢᠯᠠᠭᠰᠠᠨ ᠢ ᠬᠥᠮᠥᠨ ᠬᠡᠷᠡᠭᠯᠡᠬᠦ | ᠨᠢᠭᠡᠴᠡ ᠠᠴᠠ ᠢᠷᠭᠡᠨ ᠤ ᠬᠠᠷᠢᠭᠤᠴᠠᠯᠭ᠎ᠠ ᠡᠭᠦᠷᠭᠡᠯᠡᠨ᠎ᠡ᠃ ᠬᠤᠶᠠᠷ ᠪᠣᠯ ᠬᠥᠮᠥᠨ ᠬᠡᠷᠡᠭᠯᠡᠬᠦ ᠨᠢᠭᠡᠴᠡ ᠠᠴᠠ ᠬᠥᠮᠥᠨ | ᠬᠡᠷᠡᠭᠯᠡᠬᠦ ᠨᠢᠭᠡᠴᠡ ᠶᠢᠨ ᠨᠡᠷ᠎ᠡ ᠪᠠᠷ ᠭᠠᠳᠠᠭᠰᠢ ᠡᠵᠡᠩᠨᠡᠯᠲᠡ ᠬᠢᠬᠦ ᠶᠢ ᠵᠥᠪᠰᠢᠶᠡᠷᠡᠭᠰᠡᠨ ᠢ ᠬᠥᠮᠥᠨ ᠬᠡᠷᠡᠭᠯᠡᠬᠦ ᠨᠢᠭᠡᠴᠡ | ᠲᠥᠯᠥᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠤᠷᠢᠳᠤᠭᠠᠷ ᠵᠦᠢᠯ ﹇ᠲᠤᠰᠠᠭᠠᠷ ᠪᠤᠰᠤ ᠬᠠᠤᠯᠢ ᠶᠢᠨ ᠡᠷᠬᠡᠲᠡᠨ ᠵᠣᠬᠢᠶᠠᠨ ᠪᠠᠶᠢᠭᠤᠯᠤᠯᠲᠠ ᠶᠢᠨ | ᠥᠷᠢᠲᠦᠭᠰᠡᠨ ᠴᠠᠯᠢᠩ ᠢ ᠲᠥᠯᠥᠬᠦ ᠬᠠᠷᠢᠭᠤᠴᠠᠯᠭ᠎ᠠ﹈ | ﹇ᠲᠠᠶᠢᠯᠤᠮᠵᠢ﹈ ᠲᠤᠰᠠᠭᠠᠷ ᠪᠤᠰᠤ ᠬᠠᠤᠯᠢ ᠶᠢᠨ ᠡᠷᠬᠡᠲᠡᠨ ᠵᠣᠬᠢᠶᠠᠨ ᠪᠠᠶᠢᠭᠤᠯᠤᠯᠲᠠ ᠴᠠᠯᠢᠩ ᠥᠷᠢᠲᠦᠭᠡᠳ | ᠲᠥᠯᠥᠬᠦ ᠦᠭᠡᠢ ᠶᠢ ᠪᠡᠯᠡ ᠭᠠᠷᠭᠠᠭᠰᠠᠨ ᠬᠥᠮᠥᠨ ᠠᠴᠠ ᠲᠥᠯᠥᠨ᠎ᠡ᠃ | ᠲᠤᠰᠠᠭᠠᠷ ᠪᠤᠰᠤ ᠬᠠᠤᠯᠢ ᠶᠢᠨ ᠡᠷᠬᠡᠲᠡᠨ ᠵᠣᠬᠢᠶᠠᠨ ᠪᠠᠶᠢᠭᠤᠯᠤᠯᠲᠠ᠄ ᠬᠤᠷᠰᠢᠭᠰᠠᠨ ᠠᠵᠤ ᠠᠬᠤᠶᠢᠯᠠᠯ᠂ | ᠬᠤᠪᠢ ᠬᠥᠮᠥᠨ ᠤ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ᠂ ᠬᠤᠪᠢ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠵᠡᠷᠭᠡ᠃ | ᠬᠤᠷᠢᠨ ᠨᠢᠭᠡᠳᠦᠭᠡᠷ ᠵᠦᠢᠯ ﹇ᠨᠡᠶᠢᠯᠡᠭᠦᠯᠦᠭᠰᠡᠨ᠂ ᠰᠠᠯᠵᠤ ᠲᠤᠰᠠᠭᠠᠷᠯᠠᠭᠰᠠᠨ ᠪᠠᠶᠢᠳᠠᠯ ᠳᠣᠣᠷᠠᠬᠢ ᠴᠠᠯᠢᠩ ᠢ | ᠲᠥᠯᠥᠬᠦ ᠬᠠᠷᠢᠭᠤᠴᠠᠯᠭ᠎ᠠ﹈ | ﹇ᠲᠠᠶᠢᠯᠤᠮᠵᠢ﹈ ᠠᠳᠡ ᠨᠡᠶᠢᠯᠡᠭᠦᠯᠦᠭᠰᠡᠨ᠂ ᠰᠠᠯᠵᠤ ᠲᠤᠰᠠᠭᠠᠷᠯᠠᠭᠰᠠᠨ ᠪᠠᠶᠢᠳᠠᠯ ᠳᠣᠣᠷᠠᠬᠢ ᠴᠠᠯᠢᠩ ᠢ | ᠲᠥᠯᠥᠬᠦ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠠᠢ᠃ | ᠬᠤᠷᠢᠨ ᠬᠤᠶᠠᠳᠤᠭᠠᠷ ᠵᠦᠢᠯ ﹇ᠭᠤᠣᠯ ᠴᠣᠭᠴᠠ ᠶᠢᠨ ᠬᠢᠷᠢ ᠬᠡᠮ ᠢᠶᠠᠨ ᠠᠯᠳᠠᠭᠰᠠᠨ ᠪᠠᠶᠢᠳᠠᠯ ᠳᠣᠣᠷᠠᠬᠢ | ᠴᠠᠯᠢᠩ ᠢ ᠲᠥᠯᠥᠬᠦ ᠬᠠᠷᠢᠭᠤᠴᠠᠯᠭ᠎ᠠ﹈ | ﹇ᠲᠠᠶᠢᠯᠤᠮᠵᠢ﹈ ᠭᠤᠣᠯ ᠴᠣᠭᠴᠠ ᠶᠢᠨ ᠬᠢᠷᠢ ᠬᠡᠮ ᠢᠶᠠᠨ ᠠᠯᠳᠠᠭᠰᠠᠨ ᠪᠠᠶᠢᠳᠠᠯ ᠳᠣᠣᠷᠠᠬᠢ ᠴᠠᠯᠢᠩ ᠢ | ᠲᠥᠯᠥᠬᠦ ᠪᠠᠲᠤᠯᠠᠭ᠎ᠠ ᠶᠢ ᠲᠣᠳᠣᠷᠬᠠᠶᠢᠯᠠᠵᠠᠢ᠃ ᠨᠢᠭᠡ ᠪᠣᠯ ᠲᠠᠩᠰᠠᠨ ᠠᠴᠠ ᠬᠠᠰᠤᠭᠤᠯᠬᠤ ᠪᠠᠷ ᠭᠤᠶᠤᠴᠢᠯᠠᠬᠤ ᠠᠴᠠ | ᠡᠮᠦᠨ᠎ᠡ ᠬᠦᠴᠦ ᠶᠠᠪᠤᠭᠴᠢ ᠮᠠᠯᠴᠢᠨ ᠲᠠᠷᠢᠶᠠᠴᠢᠨ ᠳᠤ ᠥᠷᠢᠲᠦᠭᠰᠡᠨ ᠴᠠᠯᠢᠩ ᠢᠶᠠᠨ ᠲᠥᠯᠥᠬᠦ ᠬᠡᠷᠡᠭᠲᠡᠢ᠃ ᠬᠤᠶᠠᠷ | ᠪᠣᠯ ᠬᠥᠮᠥᠨ ᠬᠡᠷᠡᠭᠯᠡᠬᠦ ᠨᠢᠭᠡᠴᠡ ᠶᠢᠨ ᠭᠤᠣᠯ ᠪᠡᠯᠡ ᠭᠠᠷᠭᠠᠭᠰᠠᠨ ᠬᠥᠮᠥᠨ ᠰᠢᠨ᠎ᠡ ᠬᠥᠮᠥᠨ ᠬᠡᠷᠡᠭᠯᠡᠬᠦ ᠨᠢᠭᠡᠴᠡ | ᠳᠠᠩᠰᠠᠯᠠᠭᠤᠯᠬᠤ ᠠᠴᠠ ᠡᠮᠦᠨ᠎ᠡ ᠲᠥᠯᠥᠵᠦ ᠪᠠᠷᠠᠬᠤ ᠬᠡᠷᠡᠭᠲᠡᠢ᠃ | ᠲᠦᠷᠪᠡᠳᠦᠭᠡᠷ ᠪᠦᠯᠦᠭ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠤᠨᠴᠠᠭᠠᠢ | ᠲᠤᠭᠲᠠᠭᠠᠯ | ᠲᠣᠰ ᠪᠦᠯᠦᠭ ᠤᠨ ᠭᠤᠤᠯ ᠨᠢ ᠭᠡᠷᠡᠭᠵᠢᠬᠦᠯᠦᠯᠲᠡ ᠶᠢ ᠡᠬᠢ ᠦᠨᠳᠦᠰᠦ ᠠᠴᠠ ᠨᠢ ᠵᠠᠰᠠᠬᠤ ᠪᠤᠯᠤᠨ᠎ᠠ ᠂ | ᠬᠢᠨᠠᠨ ᠵᠥᠪᠰᠢᠶᠡᠷᠡᠬᠦ᠂ ᠵᠦᠪᠰᠢᠶᠡᠷᠡᠬᠦ ᠵᠢᠴᠢ ᠪᠥᠲᠥᠭᠡᠨ ᠪᠠᠶᠢᠭᠤᠯᠬᠤ ᠨᠢᠭᠡᠴᠡ᠂ ᠶᠡᠷᠦᠩᠬᠡᠢ ᠲᠠᠭᠠᠭᠠᠴᠢᠯᠠᠭᠰᠠᠨ | ᠨᠢᠭᠡᠴᠡ ᠶᠢᠨ ᠡᠭᠦᠷᠭᠡᠯᠡᠪᠡᠰᠦ ᠵᠣᠬᠢᠬᠤ ᠪᠠᠷᠢᠯᠭ᠎ᠠ ᠶᠢᠨ ᠵᠣᠭᠤᠰ᠂ ᠴᠠᠯᠢᠩ᠂ ᠦᠨᠡᠨ ᠨᠡᠷ᠎ᠡ ᠶᠢᠨ ᠲᠦᠷᠢᠮ᠂ | ᠴᠠᠯᠢᠩ ᠤᠨ ᠲᠤᠰᠬᠠᠶ ᠡᠷᠦᠬᠡ᠂ ᠬᠠᠤᠯᠢ ᠶᠢᠨ ᠬᠠᠷᠢᠭᠤᠴᠠᠯᠭ᠎ᠠ ᠶᠢ ᠵᠢᠷᠤᠮᠵᠢᠭᠤᠯᠬᠤ ᠶᠠᠪᠤᠳᠠᠯ ᠪᠣᠯᠤᠨ᠎ᠠ᠃ | ᠬᠤᠷᠢᠨ ᠭᠤᠷᠪᠠᠳᠤᠭᠠᠷ ᠵᠦᠢᠯ ﹇ᠪᠠᠷᠢᠯᠭ᠎ᠠ ᠶᠢᠨ ᠵᠣᠭᠤᠰ ᠢ ᠨᠠᠶᠢᠳᠠᠪᠤᠷᠢᠵᠢᠭᠤᠯᠬᠤ﹈ | ﹇ᠲᠠᠶᠢᠯᠤᠮᠵᠢ﹈ ᠪᠡᠯᠡ ᠮᠥᠩᠭᠦ ᠶᠢ ᠪᠠᠲᠤᠯᠠᠬᠤ 2 ᠵᠦᠢᠯ ᠤᠨ ᠵᠠᠷᠴᠢᠮ ᠢ ᠲᠣᠳᠣᠷᠬᠠᠶᠢᠯᠠᠵᠠᠢ᠂ ᠨᠢᠭᠡ ᠨᠢ | ᠪᠠᠷᠢᠯᠭ᠎ᠠ ᠳ᠋ᠤ᠋ᠬᠡᠷᠡᠭᠯᠡᠬᠦ ᠬᠦᠷᠦᠯᠴᠡᠬᠦᠶᠢᠴᠡ ᠪᠡᠯᠡ ᠮᠥᠩᠭᠦ ᠶᠢ ᠲᠣᠬᠢᠷᠠᠭᠤᠯᠤᠭᠰᠠᠨ ᠦᠭᠡᠢ ᠳᠤ ᠪᠠᠷᠢᠯᠭ᠎ᠠ ᠪᠠᠷᠢᠬᠤ | ᠵᠥᠪᠰᠢᠶᠡᠷᠡᠯ ᠤᠨ ᠪᠢᠴᠢᠭ ᠣᠯᠭᠤᠬᠤ ᠦᠭᠡᠢ᠃ ᠬᠤᠶᠠᠷ ᠨᠢ ᠵᠠᠰᠠᠭ ᠤᠨ ᠣᠷᠳᠣᠨ ᠠᠴᠠ ᠪᠡᠯᠡ ᠣᠷᠣᠭᠤᠯᠬᠤ | ᠲᠥᠷᠥᠯ ᠵᠦᠢᠯ ᠳᠤ ᠪᠠᠷᠢᠯᠭ᠎ᠠ ᠶᠢᠨ ᠨᠢᠭᠡᠴᠡ ᠠᠴᠠ ᠪᠡᠯᠡ ᠮᠥᠩᠭᠦ ᠤᠷᠤᠯᠠᠨ ᠦᠭᠴᠦ ᠪᠣᠯᠬᠤ ᠦᠭᠡᠢ᠃ | ᠬᠤᠷᠢᠨ ᠳᠥᠷᠪᠡᠳᠦᠭᠡᠷ ᠵᠦᠢᠯ ﹇ᠪᠠᠷᠢᠯᠭ᠎ᠠ ᠶᠢᠨ ᠵᠣᠭᠤᠰ ᠢ ᠲᠥᠯᠥᠬᠦ ᠳᠠᠭᠠᠭᠠᠯᠲᠠ﹈ | ﹇ᠲᠠᠶᠢᠯᠤᠮᠵᠢ﹈ ᠳᠦᠷᠢᠮ ᠳᠤ ᠪᠦᠲᠦᠭᠡᠨ ᠪᠠᠶᠢᠭᠤᠯᠬᠤ ᠨᠢᠭᠡᠴᠡ ᠪᠠ ᠪᠠᠷᠢᠯᠭ᠎ᠠ ᠶᠢ ᠶᠡᠷᠦᠩᠬᠡᠢ | ᠳᠠᠭᠠᠭᠠᠴᠢᠯᠠᠭᠰᠠᠨ ᠨᠢᠭᠡᠴᠡ ᠬᠠᠤᠯᠢ ᠶᠣᠰᠣᠭᠠᠷ ᠴᠠᠭᠠᠰᠤᠨ ᠳᠡᠭᠡᠷ᠎ᠡ ᠪᠠᠷᠢᠯᠭ᠎ᠠ ᠶᠢᠨ ᠭᠡᠷ᠎ᠡ ᠲᠣᠭᠲᠠᠵᠤ᠂ ᠬᠥᠮᠥᠨ ᠤ | ᠴᠠᠯᠢᠩ ᠬᠥᠯᠥᠰᠦ ᠶᠢ ᠥᠭᠬᠦ ᠬᠤᠭᠤᠴᠠᠭ᠎ᠠ ᠶᠢ ᠲᠤᠭᠳᠠᠭᠠᠵᠤ ᠭᠡᠷ᠎ᠡ ᠶᠢ ᠬᠠᠳᠠᠭᠠᠯᠠᠨ ᠪᠠᠶᠢᠴᠠᠭᠠᠬᠤ ᠳᠤ ᠪᠡᠯᠡᠳᠬᠡᠨ᠎ᠡ᠃ | ᠡᠬᠢ ᠠᠴᠠ ᠨᠢ ᠵᠠᠰᠠᠵᠤ᠂ ᠴᠢᠩᠭ᠎ᠠ ᠬᠢᠨᠠᠯᠲᠠ ᠲᠠᠯᠪᠢᠵᠤ ᠴᠢᠩᠭ᠎ᠠ ᠬᠠᠮᠢᠶᠠᠷᠤᠨ᠂ ᠴᠠᠯᠢᠩ | ᠬᠥᠯᠥᠰᠦ ᠥᠷᠢᠲᠦᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠶᠢᠯᠠᠵᠠᠢ᠃ | ᠬᠤᠷᠢᠨ ᠲᠠᠪᠤᠳᠤᠭᠠᠷ ᠵᠦᠢᠯ ﹇ᠪᠠᠷᠢᠯᠭ᠎ᠠ ᠶᠢᠨ ᠵᠣᠭᠤᠰ ᠤᠨ ᠦᠶᠡᠯᠡᠯ᠂ ᠠᠬᠢᠴᠠ᠂ ᠳ᠋ᠦᠩᠨᠡᠨ ᠪᠣᠳᠣᠬᠤ | ᠪᠣᠯᠵᠣᠯ﹈ | ﹇ᠲᠠᠶᠢᠯᠤᠮᠵᠢ﹈ ᠳᠦᠷᠢᠮ ᠳᠤ ᠪᠠᠷᠢᠯᠭ᠎ᠠ ᠶᠢ ᠶᠡᠷᠦᠩᠬᠡᠢ ᠳᠠᠭᠠᠭᠠᠴᠢᠯᠠᠭᠰᠠᠨ ᠨᠢᠭᠡᠴᠡ ᠪᠣᠯᠣᠨ ᠬᠤᠪᠢᠶᠠᠨ | ᠳᠠᠭᠠᠭᠠᠴᠢᠯᠠᠭᠰᠠᠨ ᠨᠢᠭᠡᠴᠡ ᠬᠠᠤᠯᠢ ᠶᠣᠰᠣᠭᠠᠷ ᠴᠠᠭᠠᠰᠤᠨ ᠳᠡᠭᠡᠷ᠎ᠡ ᠬᠤᠪᠢᠶᠠᠨ ᠳᠠᠭᠠᠭᠠᠴᠢᠯᠠᠬᠤ ᠭᠡᠷ᠎ᠡ ᠲᠣᠭᠲᠠᠵᠤ᠂ | ᠪᠠᠷᠢᠯᠭ᠎ᠠ ᠶᠢᠨ ᠵᠣᠭᠤᠰ ᠢ ᠪᠣᠳᠣᠬᠤ ᠦᠶᠡᠯᠡᠯ᠂ ᠪᠠᠷᠢᠯᠭ᠎ᠠ ᠶᠢᠨ ᠵᠣᠭᠤᠰ ᠤᠨ ᠠᠬᠢᠴᠠ ᠶᠢ ᠳ᠋ᠦᠩᠨᠡᠨ ᠪᠣᠳᠣᠬᠤ | ᠠᠷᠭ᠎ᠠ ᠶᠢ ᠲᠣᠭᠲᠠᠬᠤ ᠬᠡᠷᠡᠭᠲᠡᠢ᠃ ᠡᠬᠢ ᠠᠴᠠ ᠨᠢ ᠵᠠᠰᠠᠵᠤ᠂ ᠴᠢᠩᠭ᠎ᠠ ᠬᠢᠨᠠᠯᠲᠠ ᠲᠠᠯᠪᠢᠵᠤ ᠴᠢᠩᠭ᠎ᠠ ᠬᠠᠮᠢᠶᠠᠷᠤᠨ᠂ | ᠴᠠᠯᠢᠩ ᠬᠥᠯᠥᠰᠦ ᠥᠷᠢᠲᠦᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠶᠢᠯᠠᠵᠠᠢ᠃ | ᠬᠤᠷᠢᠨ ᠵᠢᠷᠭᠤᠳᠤᠭᠠᠷ ᠵᠦᠢᠯ ﹇ᠲᠤᠰᠬᠠᠢ ᠬᠡᠷᠡᠭᠯᠡᠬᠦ ᠳᠠᠩᠰᠠᠨ ᠡᠷᠦᠬᠡ ᠪᠠᠶᠢᠭᠤᠯᠬᠤ﹈ | ﹇ᠲᠠᠶᠢᠯᠤᠮᠵᠢ﹈ ᠳᠦᠷᠢᠮ ᠳᠤ ᠪᠠᠷᠢᠯᠭ᠎ᠠ ᠶᠢ ᠶᠡᠷᠦᠩᠬᠡᠢ ᠳᠠᠭᠠᠭᠠᠴᠢᠯᠠᠭᠰᠠᠨ ᠨᠢᠭᠡᠴᠡ ᠬᠠᠮᠢᠶ᠎ᠠ ᠪᠦᠬᠦᠢ ᠳᠦᠷᠢᠮ | ᠲᠣᠭᠲᠠᠭᠠᠯ ᠶᠣᠰᠣᠭᠠᠷ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠲᠤᠰᠬᠠᠢ ᠬᠡᠷᠡᠭᠯᠡᠬᠦ | ᠳᠠᠩᠰᠠᠨ ᠡᠷᠦᠬᠡ ᠪᠠᠶᠢᠭᠤᠯᠵᠤ᠂ ᠮᠠᠲ᠋ᠧᠷᠢᠶᠠᠯ ᠢ ᠰᠠᠶᠢᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠬᠦ ᠬᠡᠷᠡᠭᠲᠡᠢ ᠭᠡᠵᠦ | ᠲᠣᠳᠣᠷᠬᠠᠶᠢᠯᠠᠵᠠᠢ᠃ | ᠬᠤᠷᠢᠨ ᠳᠣᠯᠣᠳᠤᠭᠠᠷ ᠵᠦᠢᠯ ﹇ᠲᠤᠰᠬᠠᠢ ᠬᠡᠷᠡᠭᠯᠡᠬᠦ ᠳᠠᠩᠰᠠᠨ ᠡᠷᠦᠬᠡ ᠶᠢ ᠬᠡᠷᠡᠭᠯᠡᠬᠦ ᠪᠠ ᠬᠢᠨᠠᠨ ᠬᠠᠮᠢᠶᠠᠷᠬᠤ﹈ | | ﹇ᠲᠠᠶᠢᠯᠤᠮᠵᠢ﹈ ᠳᠦᠷᠢᠮ ᠳᠤ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠪᠠᠷᠢᠯᠭ᠎ᠠ ᠶᠢᠨ ᠶᠡᠷᠦᠩᠬᠡᠢ | ᠳᠠᠭᠠᠭᠠᠴᠢᠯᠠᠭᠰᠠᠨ ᠨᠢᠭᠡᠴᠡ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠵᠢᠯ | ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠳᠥᠷᠪᠡᠨ ᠲᠠᠯ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠪᠠᠷᠢᠯᠭ᠎ᠠ ᠳᠠᠭᠤᠰᠤᠭᠰᠠᠨ ᠢ ᠨᠡᠶᠢᠳᠡᠯᠡᠵᠦ᠂ ᠳᠠᠩᠰᠠᠨ ᠳᠠᠬᠢ ᠦᠯᠡᠳᠡᠪᠦᠷᠢ ᠮᠥᠩᠭᠦ ᠶᠢᠨ ᠥᠮᠴᠢ ᠶᠢᠨ ᠡᠷᠬᠡ ᠶᠢ | ᠵᠢᠷᠤᠮᠵᠢᠭᠤᠯᠪᠠ᠃ | ᠬᠤᠷᠢᠨ ᠨᠠᠢᠮᠠᠳᠤᠭᠠᠷ ᠵᠦᠢᠯ ﹇ ᠬᠥᠮᠥᠨ ᠬᠡᠷᠡᠭᠯᠡᠬᠦ ᠳᠡᠭᠡᠨ ᠦᠨᠡᠨ ᠨᠡᠷ᠎ᠡ ᠪᠠᠷ ᠳᠠᠩᠰᠠᠯᠠᠨ ᠬᠠᠮᠢᠶᠠᠷᠬᠤ | ᠪᠠᠷᠢᠯᠭ᠎ᠠ ᠶᠢᠨ ᠶᠡᠷᠦᠩᠬᠡᠢ ᠳᠠᠭᠠᠭᠠᠴᠢᠯᠠᠭᠰᠠᠨ ᠨᠢᠭᠡᠴᠡ ᠶᠢᠨ ᠠᠯᠪᠠ﹈ | ﹇ᠲᠠᠶᠢᠯᠤᠮᠵᠢ﹈ ᠳᠦᠷᠢᠮ ᠳᠤ ᠲᠣᠳᠣᠷᠬᠠᠶᠢᠯᠠᠭᠰᠠᠨ ᠢᠶᠠᠷ᠂ ᠨᠢᠭᠡ ᠳᠤ ᠶᠡᠷᠦᠩᠬᠡᠢ ᠳᠠᠭᠠᠭᠠᠴᠢᠯᠠᠭᠰᠠᠨ ᠨᠢᠭᠡᠴᠡ | ᠂ ᠬᠤᠪᠢᠶᠠᠨ ᠳᠠᠭᠠᠭᠠᠴᠢᠯᠠᠭᠰᠠᠨ ᠨᠢᠭᠡᠴᠡ ᠬᠦᠴᠦ ᠶᠠᠪᠤᠭᠴᠢ ᠮᠠᠯᠴᠢᠨ ᠲᠠᠷᠢᠶᠠᠴᠢᠨ ᠢ ᠬᠥᠯᠥᠰᠦᠯᠡᠨ | ᠬᠡᠷᠡᠭᠯᠡᠬᠦ ᠳ᠋ᠡᠬᠡᠨᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠬᠥᠯᠥᠰᠦᠯᠡᠭᠰᠡᠨ ᠬᠥᠮᠥᠨ ᠢᠶᠠᠨ | ᠦᠨᠡᠨ ᠨᠡᠷ᠎ᠡ ᠪᠠᠷ ᠨᠢ ᠳᠠᠩᠰᠠᠯᠠᠬᠤ ᠬᠡᠷᠡᠭᠲᠡᠢ᠃ ᠬᠤᠶᠠᠷ ᠲᠤ ᠶᠡᠷᠦᠩᠬᠡᠢ ᠳᠠᠭᠠᠭᠠᠴᠢᠯᠠᠭᠰᠠᠨ ᠨᠢᠭᠡᠴᠡ ᠪᠠᠷᠢᠯᠭ᠎ᠠ ᠶᠢᠨ | ᠠᠬᠤᠢ ᠲᠠᠯᠠᠪᠤᠷ ᠤᠨ ᠬᠥᠮᠥᠨ ᠬᠡᠷᠡᠭᠯᠡᠬᠦ᠂ ᠠᠵᠢᠯ ᠳᠤ ᠭᠠᠷᠤᠭᠰᠠᠨ ᠪᠠᠶᠢᠳᠠᠯ᠂ ᠴᠠᠯᠢᠩ ᠥᠭᠭᠦᠭᠰᠡᠨ ᠵᠡᠷᠭᠡ | ᠪᠠᠶᠢᠳᠠᠯ ᠢ ᠡᠵᠡᠮᠰᠢᠬᠦ ᠬᠡᠷᠡᠭᠲᠡᠢ᠃ ᠭᠤᠷᠪᠠ ᠳᠤ ᠬᠤᠪᠢᠶᠠᠨ ᠳᠠᠭᠠᠭᠠᠴᠢᠯᠠᠭᠰᠠᠨ ᠨᠢᠭᠡᠴᠡ ᠶᠢᠨ ᠵᠣᠬᠢᠶᠠᠭᠰᠠᠨ ᠴᠠᠯᠢᠩ | ᠥᠭᠭᠦᠭᠰᠡᠨ ᠬᠦᠰᠦᠨᠦᠭᠲᠦ ᠶᠢ ᠬᠢᠨᠠᠨ ᠬᠠᠷᠭᠤᠭᠤᠯᠬᠤ ᠬᠡᠷᠡᠭᠲᠡᠢ᠃ ᠳᠥᠷᠪᠡ ᠳᠤ ᠬᠦᠮᠦᠨ ᠬᠡᠷᠡᠭᠯᠡᠬᠦ | ᠬᠠᠮᠢᠶᠠᠷᠤᠯᠲᠠ ᠶᠢᠨ ᠡᠬᠡ ᠳᠠᠩᠰᠠ ᠶᠢ ᠴᠠᠯᠢᠩ ᠢ ᠪᠦᠬᠦᠨ ᠢ ᠥᠭᠭᠦᠭᠰᠡᠨ ᠤ ᠳᠠᠷᠠᠭ᠎ᠠ ᠠᠳᠠᠭ ᠲᠠᠭᠠᠨ 3 ᠵᠢᠯ | ᠬᠠᠳᠠᠭᠠᠯᠠᠬᠤ ᠬᠡᠷᠡᠭᠲᠡᠢ ᠭᠡᠵᠦ ᠲᠣᠭᠲᠠᠭᠠᠵᠠᠢ᠃ | ᠬᠤᠷᠢ ᠶᠢᠰᠦᠳᠦᠭᠡᠷ ᠵᠦᠢᠯ ﹇ᠪᠦᠲᠦᠭᠡᠨ ᠪᠠᠶᠢᠭᠤᠯᠬᠤ ᠨᠢᠭᠡᠴᠡ ᠶᠢᠨ ᠲᠣᠭᠲᠠᠭᠰᠠᠨ ᠴᠠᠭ ᠲᠠᠭᠠᠨ | ᠠᠵᠢᠯᠴᠢᠨ ᠤ ᠴᠠᠯᠢᠩ ᠢ ᠥᠭᠬᠦ ᠬᠠᠷᠢᠭᠤᠴᠠᠯᠭ᠎ᠠ﹈ | ﹇ᠲᠠᠶᠢᠯᠤᠮᠵᠢ﹈ ᠳᠦᠷᠢᠮ ᠳᠤ ᠪᠦᠲᠦᠭᠡᠨ ᠪᠠᠶᠢᠭᠤᠯᠬᠤ ᠨᠢᠭᠡᠴᠡ ᠶᠢᠨ ᠠᠯᠪᠠ ᠶᠢ ᠲᠣᠳᠣᠷᠬᠠᠶᠢᠯᠠᠵᠠᠢ᠃ | ᠨᠢᠭᠡ ᠳᠤ ᠢᠨᠵᠧᠨᠧᠷᠢᠩ ᠳᠤ ᠬᠡᠷᠡᠭᠯᠡᠬᠦ ᠪᠡᠯᠡ ᠮᠥᠩᠭᠦ ᠶᠢ ᠴᠠᠭ ᠲᠤᠬᠠᠢ ᠳᠤᠨᠢ ᠪᠠᠭᠤᠯᠭᠠᠬᠤ᠂ ᠠᠵᠢᠯᠴᠢᠨ ᠤ | ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠪᠠᠭᠤᠯᠭᠠᠬᠤ ᠬᠡᠷᠡᠭᠲᠡᠢ᠃ ᠬᠤᠶᠠᠷ ᠲᠤ ᠪᠣᠳᠤᠵᠤ ᠥᠭᠭᠦᠭᠡ ᠦᠭᠡᠢ | ᠪᠠᠷᠢᠯᠭ᠎ᠠ ᠶᠢᠨ ᠵᠣᠭᠤᠰ ᠢᠶᠠᠷ ᠬᠢᠵᠠᠭᠠᠷ ᠪᠣᠯᠭᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠳᠤ ᠥᠷᠢᠲᠦᠭᠰᠡᠨ | ᠴᠠᠯᠢᠩ ᠢ ᠤᠷᠢᠳᠠᠪᠠᠷ ᠥᠭᠬᠦ ᠬᠡᠷᠡᠭᠲᠡᠢ᠃ ᠭᠤᠷᠪᠠ ᠳᠤ ᠴᠠᠯᠢᠩ ᠥᠭᠬᠦ ᠶᠢ ᠵᠣᠬᠢᠴᠠᠭᠤᠯᠬᠤ ᠲᠣᠭᠲᠠᠴᠠ ᠪᠠ ᠴᠠᠯᠢᠩ | ᠥᠷᠢᠲᠦᠬᠦ ᠶᠢ ᠰᠡᠷᠭᠡᠶᠢᠯᠡᠬᠦ ᠲᠣᠭᠲᠠᠴᠠ ᠶᠣᠰᠣᠭᠠᠷ᠂ ᠴᠠᠯᠢᠩ ᠥᠭᠬᠦ ᠲᠠᠢ ᠬᠤᠯᠪᠤᠭᠳᠠᠭᠰᠠᠨ ᠵᠥᠷᠢᠴᠡᠯ | ᠮᠥᠷᠭᠦᠯᠳᠦᠭᠡᠨ ᠢ ᠵᠣᠬᠢᠰᠲᠠᠢ ᠰᠢᠢᠳᠪᠦᠷᠢᠯᠡᠬᠦ ᠬᠡᠷᠡᠭᠲᠡᠢ᠃ ᠳᠥᠷᠪᠡ ᠳᠤ ᠬᠠᠮᠲᠤ ᠪᠠᠷ ᠴᠠᠯᠢᠩ ᠨᠡᠬᠡᠬᠦ ᠤᠴᠢᠷ | ᠭᠠᠷᠬᠤ ᠳᠤ ᠬᠠᠷᠢᠭᠤᠴᠠᠯᠭ᠎ᠠ ᠲᠠᠢ᠃ | ᠭᠤᠴᠢᠳᠤᠭᠠᠷ ᠵᠦᠢᠯ ﹇ᠬᠤᠪᠢᠶᠠᠨ ᠳᠠᠭᠠᠭᠠᠴᠢᠯᠠᠭᠰᠠᠨ ᠨᠢᠭᠡᠴᠡ ᠶᠢᠨ ᠴᠠᠯᠢᠩ ᠥᠭᠬᠦ ᠬᠠᠷᠢᠭᠤᠴᠠᠯᠭ᠎ᠠ﹈ | ﹇ᠲᠠᠶᠢᠯᠤᠮᠵᠢ﹈ ᠬᠤᠪᠢᠶᠠᠨ ᠳᠠᠭᠠᠭᠠᠴᠢᠯᠠᠭᠰᠠᠨ ᠨᠢᠭᠡᠴᠡ ᠴᠠᠯᠢᠩ ᠥᠭᠬᠦ ᠬᠠᠷᠢᠭᠤᠴᠠᠯᠭ᠎ᠠ ᠲᠠᠢ᠂ ᠶᠡᠷᠦᠩᠬᠡᠢ | ᠳᠠᠭᠠᠭᠠᠴᠢᠯᠠᠭᠰᠠᠨ ᠨᠢᠭᠡᠴᠡ ᠬᠤᠪᠢᠶᠠᠨ ᠳᠠᠭᠠᠭᠠᠴᠢᠯᠠᠭᠰᠠᠨ ᠨᠢᠭᠡᠴᠡ ᠶᠢ ᠬᠠᠮᠢᠶᠠᠷᠬᠤ ᠬᠠᠷᠢᠭᠤᠴᠠᠯᠭ᠎ᠠ ᠲᠠᠢ᠂ | ᠬᠤᠪᠢᠶᠠᠨ ᠳᠠᠭᠠᠭᠠᠴᠢᠯᠠᠵᠤ ᠰᠢᠯᠵᠢᠭᠦᠯᠦᠨ ᠳᠠᠭᠠᠭᠠᠴᠢᠯᠠᠵᠤ | ᠥᠷᠢᠲᠦᠭᠰᠡᠨ ᠴᠠᠯᠢᠩ ᠢ ᠲᠥᠯᠥᠬᠦ ᠬᠠᠷᠢᠭᠤᠴᠠᠯᠭ᠎ᠠ ᠲᠠᠢ᠃ | ᠭᠤᠴᠢᠨ ᠨᠢᠭᠡᠳᠦᠭᠡᠷ ᠵᠦᠢᠯ ﹇ᠨᠠᠶᠢᠳᠠᠯᠭ᠎ᠠ ᠪᠠᠷ ᠣᠷᠣᠯᠠᠨ ᠥᠭᠬᠦ ᠳᠦᠷᠢᠮ﹈ | ﹇ᠲᠠᠶᠢᠯᠤᠮᠵᠢ﹈ ᠳᠦᠷᠢᠮ ᠳᠤ ᠨᠠᠶᠢᠳᠠᠯᠭ᠎ᠠ ᠪᠠᠷ ᠣᠷᠣᠯᠠᠨ ᠥᠭᠬᠦ ᠳᠦᠷᠢᠮ ᠢ ᠲᠣᠳᠣᠷᠬᠠᠶᠢᠯᠠᠵᠠᠢ᠂ ᠨᠢᠭᠡ ᠳᠤ | ᠬᠤᠪᠢᠶᠠᠨ ᠳᠠᠭᠠᠭᠠᠴᠢᠯᠠᠭᠰᠠᠨ ᠨᠢᠭᠡᠴᠡ ᠴᠠᠯᠢᠩ ᠤᠨ ᠬᠦᠰᠦᠨᠦᠭᠲᠦ ᠵᠣᠬᠢᠶᠠᠵᠤ᠂ ᠲᠤᠰ ᠰᠠᠷ᠎ᠠ ᠶᠢᠨ ᠪᠠᠷᠢᠯᠭ᠎ᠠ ᠶᠢᠨ | ᠠᠬᠢᠴᠠ ᠲᠠᠢ ᠬᠠᠮᠲᠤ ᠶᠡᠷᠦᠩᠬᠡᠢ ᠳᠠᠭᠠᠭᠠᠴᠢᠯᠠᠭᠰᠠᠨ ᠨᠢᠭᠡᠴᠡ ᠳᠤ ᠲᠤᠰᠢᠶᠠᠨ᠎ᠠ᠂ ᠬᠤᠶᠠᠷ ᠲᠤ ᠶᠡᠷᠦᠩᠬᠡᠢ | ᠳᠠᠭᠠᠭᠠᠴᠢᠯᠠᠭᠰᠠᠨ ᠨᠢᠭᠡᠴᠡ ᠠᠴᠠ ᠬᠤᠪᠢᠶᠠᠨ ᠳᠠᠭᠠᠭᠠᠴᠢᠯᠠᠭᠰᠠᠨ ᠨᠢᠭᠡᠴᠡ ᠳᠤ ᠣᠷᠣᠯᠠᠨ ᠥᠭᠭᠦᠭᠰᠡᠨ ᠪᠠᠷᠢᠮᠲᠠ | ᠬᠠᠩᠭᠠᠨ᠎ᠠ᠂ ᠭᠤᠷᠪᠠ ᠳᠤ ᠴᠠᠯᠢᠩ ᠤᠨ ᠳᠠᠩᠰᠠᠨ ᠡᠷᠦᠬᠡ ᠶᠢ ᠨᠡᠶᠢᠭᠡᠮ ᠤᠨ ᠪᠠᠲᠤᠯᠠᠭ᠎ᠠ ᠶᠢᠨ ᠺᠠᠷᠲ ᠪᠤᠶᠤ | ᠪᠠᠩᠬᠢ ᠶᠢᠨ ᠺᠠᠷᠲ ᠲᠠᠢ ᠬᠤᠯᠪᠣᠨ᠎ᠠ᠂ ᠳᠥᠷᠪᠡ ᠳᠤ ᠶᠠᠮᠠᠷᠪᠠ ᠰᠢᠯᠲᠠᠭᠠᠨ ᠢᠶᠠᠷ ᠪᠠᠷᠢᠴᠠᠭᠠᠯᠠᠵᠤ ᠦᠯᠡᠳᠡᠭᠡᠬᠦ ᠪᠤᠶᠤ | ᠴᠢᠨᠠᠷ ᠢ ᠬᠤᠪᠢᠷᠠᠭᠠᠨ ᠪᠠᠷᠢᠴᠠᠭᠠᠯᠠᠨ ᠦᠯᠡᠳᠡᠭᠡᠵᠦ ᠪᠣᠯᠬᠤ ᠦᠭᠡᠢ᠂ ᠪᠠᠷᠢᠴᠠᠭᠠᠯᠠᠨ ᠦᠯᠡᠳᠡᠭᠡᠭᠰᠡᠨ ᠢ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠬᠦ ᠬᠠᠤᠯᠢ ᠪᠠᠷ ᠰᠢᠢᠳᠪᠦᠷᠢᠯᠡᠨ᠎ᠡ᠃ | | ᠭᠤᠴᠢᠨ ᠬᠤᠶᠠᠳᠤᠭᠠᠷ ᠵᠦᠢᠯ ﹇ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠳᠦᠷᠢᠮ﹈ | ﹇ᠲᠠᠶᠢᠯᠤᠮᠵᠢ﹈ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠳᠦᠷᠢᠮ ᠢ ᠬᠡᠷᠡᠭᠵᠢᠭᠦᠯᠦᠨ᠎ᠡ᠂ ᠳᠦᠷᠢᠮ ᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠭᠤᠴᠢᠨ ᠭᠤᠷᠪᠠᠳᠤᠭᠠᠷ ᠵᠦᠢᠯ ﹇ᠴᠠᠯᠢᠩ ᠤᠨ ᠲᠤᠰᠬᠠᠢ ᠳᠠᠩᠰᠠᠨ ᠡᠷᠦᠬᠡ ᠶᠢᠨ ᠬᠠᠤᠯᠢ ᠶᠢᠨ ᠪᠠᠲᠤᠯᠠᠭ᠎ᠠ﹈ | ﹇ᠲᠠᠶᠢᠯᠤᠮᠵᠢ﹈ ᠳᠦᠷᠢᠮ ᠳᠤ ᠴᠠᠯᠢᠩ ᠤᠨ ᠲᠤᠰᠬᠠᠢ ᠳᠠᠩᠰᠠᠨ ᠡᠷᠦᠬᠡ ᠶᠢᠨ ᠬᠠᠤᠯᠢ ᠶᠢᠨ ᠪᠠᠲᠤᠯᠠᠭ᠎ᠠ ᠶᠢ | ᠲᠣᠳᠣᠷᠬᠠᠶᠢᠯᠠᠵᠠᠢ᠃ | ᠭᠤᠴᠢᠨ ᠳᠥᠷᠪᠡᠳᠦᠭᠡᠷ ᠵᠦᠢᠯ ﹇ᠪᠠᠷᠢᠯᠭ᠎ᠠ ᠶᠢᠨ ᠠᠬᠤᠢ ᠲᠠᠯᠠᠪᠠᠢ ᠳᠤ ᠡᠷᠬᠡ ᠠᠰᠢᠭ ᠢᠶᠠᠨ ᠬᠠᠮᠠᠭᠠᠯᠠᠬᠤ | ᠮᠡᠳᠡᠭᠡ ᠵᠠᠩᠭᠢ ᠶᠢ ᠵᠠᠷᠯᠠᠬᠤ ᠳᠦᠷᠢᠮ﹈ | ﹇ᠲᠠᠶᠢᠯᠤᠮᠵᠢ﹈ ᠪᠠᠷᠢᠯᠭ᠎ᠠ ᠶᠢᠨ ᠠᠬᠤᠢ ᠲᠠᠯᠠᠪᠠᠢ ᠳᠤ ᠡᠷᠬᠡ ᠠᠰᠢᠭ ᠢᠶᠠᠨ ᠬᠠᠮᠠᠭᠠᠯᠠᠬᠤ ᠮᠡᠳᠡᠭᠡ ᠵᠠᠩᠭᠢ ᠶᠢ | ᠵᠠᠷᠯᠠᠬᠤ ᠳᠦᠷᠢᠮ ᠢ ᠲᠣᠳᠣᠷᠬᠠᠶᠢᠯᠠᠵᠤ᠂ ᠭᠤᠷᠪᠠᠨ ᠵᠦᠢᠯ ᠤᠨ ᠦᠨᠳᠦᠰᠦᠨ ᠠᠭᠤᠯᠭ᠎ᠠ ᠶᠢ ᠵᠢᠷᠤᠮᠵᠢᠭᠤᠯᠵᠠᠢ᠃ | ᠭᠤᠴᠢᠨ ᠲᠠᠪᠤᠳᠤᠭᠠᠷ ᠵᠦᠢᠯ ﹇ᠵᠥᠷᠢᠴᠡᠯ ᠢ ᠰᠢᠢᠳᠪᠦᠷᠢᠯᠡᠬᠦ ᠳᠤ ᠴᠠᠯᠢᠩ ᠥᠭᠬᠦ ᠶᠢ ᠨᠥᠯᠥᠭᠡᠯᠡᠵᠦ ᠪᠣᠯᠬᠤ | ᠦᠭᠡᠢ﹈ | ᠭᠤᠴᠢᠨ ᠵᠢᠷᠭᠤᠳᠤᠭᠠᠷ ᠵᠦᠢᠯ ﹇ᠶᠡᠷᠦᠩᠬᠡᠢ ᠳᠠᠭᠠᠭᠠᠴᠢᠯᠠᠭᠰᠠᠨ ᠨᠢᠭᠡᠴᠡ᠂ ᠪᠠᠷᠢᠯᠭ᠎ᠠ ᠶᠢᠨ ᠨᠢᠭᠡᠴᠡ ᠶᠢᠨ | ᠲᠥᠯᠥᠬᠦ ᠬᠠᠷᠢᠭᠤᠴᠠᠯᠭ᠎ᠠ﹈ | ﹇ᠲᠠᠶᠢᠯᠤᠮᠵᠢ﹈ ᠳᠦᠷᠢᠮ ᠳᠤ ᠶᠡᠷᠦᠩᠬᠡᠢ ᠳᠠᠭᠠᠭᠠᠴᠢᠯᠠᠭᠰᠠᠨ ᠨᠢᠭᠡᠴᠡ᠂ ᠪᠠᠷᠢᠯᠭ᠎ᠠ ᠶᠢᠨ ᠨᠢᠭᠡᠴᠡ ᠶᠢᠨ ᠬᠤᠶᠠᠷ | ᠵᠦᠢᠯ ᠤᠨ ᠲᠥᠯᠥᠬᠦ ᠬᠠᠷᠢᠭᠤᠴᠠᠯᠭ᠎ᠠ ᠶᠢᠨ ᠪᠠᠶᠢᠳᠠᠯ ᠢ ᠲᠣᠳᠣᠷᠬᠠᠶᠢᠯᠠᠵᠠᠢ᠃ | ᠭᠤᠴᠢᠨ ᠳᠣᠯᠣᠳᠤᠭᠠᠷ ᠵᠦᠢᠯ ﹇ᠬᠠᠤᠯᠢ ᠶᠢ ᠵᠥᠷᠢᠴᠡᠨ ᠪᠦᠲᠦᠭᠡᠨ ᠪᠠᠶᠢᠭᠤᠯᠤᠭᠰᠠᠨ ᠲᠥᠷᠥᠯ ᠵᠦᠢᠯ ᠤᠨ | ᠴᠠᠯᠢᠩ ᠢ ᠲᠥᠯᠥᠬᠦ ᠬᠠᠷᠢᠭᠤᠴᠠᠯᠭ᠎ᠠ﹈ | ﹇ᠲᠠᠶᠢᠯᠤᠮᠵᠢ﹈ ᠳᠦᠷᠢᠮ ᠳᠤ ᠬᠠᠤᠯᠢ ᠶᠢ ᠵᠥᠷᠢᠴᠡᠨ ᠪᠦᠲᠦᠭᠡᠨ ᠪᠠᠶᠢᠭᠤᠯᠤᠭᠰᠠᠨ ᠲᠥᠷᠥᠯ ᠵᠦᠢᠯ ᠤᠨ | ᠴᠠᠯᠢᠩ ᠢ ᠲᠥᠯᠥᠬᠦ ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ | ᠲᠠᠪᠤᠳᠤᠭᠠᠷ ᠪᠦᠯᠦᠭ ᠬᠢᠨᠠᠯᠲᠠ ᠪᠠᠶᠢᠴᠠᠭᠠᠯᠲᠠ | ﹇ᠪᠦᠯᠦᠭ ᠤᠨ ᠲᠠᠶᠢᠯᠤᠮᠵᠢ﹈ ᠲᠤᠰ ᠪᠦᠯᠦᠭ ᠤᠨ ᠭᠤᠣᠯ ᠨᠢ ᠡᠯ᠎ᠡ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠨ ᠴᠠᠯᠢᠩ ᠥᠭᠬᠦ ᠳᠤ ᠬᠢᠨᠠᠯᠲᠠ ᠲᠠᠯᠪᠢᠬᠤ ᠪᠣᠳᠠᠲᠠᠢ ᠠᠷᠭ᠎ᠠ ᠪᠠᠷᠢᠯ ᠪᠠ ᠠᠷᠭ᠎ᠠ ᠬᠡᠮᠵᠢᠶ᠎ᠡ ᠪᠣᠯᠣᠨ᠎ᠠ᠃ | ᠭᠤᠣᠯᠳᠠᠭᠤ᠄ ᠬᠢᠨᠠᠨ ᠡᠵᠡᠮᠳᠡᠬᠦ ᠰᠡᠷᠭᠡᠶᠢᠯᠡᠬᠦ᠂ ᠡᠳᠦᠷ ᠳᠣᠲᠣᠮ ᠤᠨ ᠬᠢᠨᠠᠯᠲᠠ᠂ ᠪᠠᠶᠢᠴᠠᠭᠠᠨ ᠯᠠᠪᠯᠠᠬᠤ ᠡᠷᠬᠡ᠂ | ᠠᠮᠤᠷ ᠢ ᠬᠠᠮᠠᠭᠠᠯᠠᠬᠤ ᠤᠴᠢᠷ ᠢ ᠰᠢᠢᠳᠪᠦᠷᠢᠯᠡᠬᠦ᠂ ᠠᠯᠪᠠᠳᠠᠯᠭ᠎ᠠ ᠶᠢᠨ ᠠᠷᠭ᠎ᠠ ᠪᠠᠷᠢᠯ᠂ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ᠂ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ | ᠴᠠᠭᠠᠵᠠ ᠶᠢᠨ ᠤᠬᠠᠭᠤᠯᠭ᠎ᠠ᠂ ᠢᠲᠡᠭᠡᠮᠵᠢ ᠶᠢᠨ ᠦᠨᠡᠯᠡᠯᠲᠡ᠂ ᠢᠲᠡᠭᠡᠯ ᠠᠯᠳᠠᠭᠰᠠᠨ ᠢ ᠵᠠᠯᠬᠠᠭᠠᠬᠤ᠂ ᠵᠠᠰᠠᠭ ᠤᠨ | ᠣᠷᠳᠣᠨ ᠤ ᠢᠲᠡᠭᠡᠮᠵᠢ᠂ ᠭᠡᠷᠡᠴᠢ ᠬᠠᠩᠭᠠᠬᠤ ᠬᠠᠷᠢᠭᠤᠴᠠᠯᠭ᠎ᠠ᠂ ᠠᠵᠢᠯᠴᠢᠨ ᠤ ᠡᠪᠯᠡᠯ ᠤᠨ ᠬᠢᠨᠠᠯᠲᠠ ᠪᠠᠭᠲᠠᠨ᠎ᠠ᠃ | ᠭᠤᠴᠢᠨ ᠨᠠᠢᠮᠠᠳᠤᠭᠠᠷ ᠵᠦᠢᠯ ﹇ᠴᠠᠯᠢᠩ ᠥᠭᠭᠦᠭᠰᠡᠨ ᠮᠡᠳᠡᠭᠡ ᠵᠠᠩᠭᠢ ᠶᠢᠨ ᠲᠠᠪᠴᠠᠩ ᠪᠠ ᠬᠢᠨᠠᠨ ᠡᠵᠡᠮᠳᠡᠵᠦ | ᠰᠡᠷᠭᠡᠶᠢᠯᠡᠬᠦ ᠲᠣᠭᠲᠠᠴᠠ﹈ | ﹇ᠲᠠᠶᠢᠯᠤᠮᠵᠢ﹈ ᠴᠠᠯᠢᠩ ᠥᠭᠭᠦᠭᠰᠡᠨ ᠮᠡᠳᠡᠭᠡ ᠵᠠᠩᠭᠢ ᠶᠢᠨ ᠲᠠᠪᠴᠠᠩ ᠪᠠ ᠬᠢᠨᠠᠨ ᠡᠵᠡᠮᠳᠡᠵᠦ ᠰᠡᠷᠭᠡᠶᠢᠯᠡᠬᠦ | ᠲᠣᠭᠲᠠᠴᠠ ᠶᠢ ᠪᠠᠶᠢᠭᠤᠯᠬᠤ ᠪᠠ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ | ᠭᠤᠴᠢ ᠶᠢᠰᠦᠳᠦᠭᠡᠷ ᠵᠦᠢᠯ ﹇ᠡᠳᠦᠷ ᠲᠤᠲᠤᠮ ᠤᠨ ᠬᠢᠨᠠᠯᠲᠠ﹈ | ﹇ᠲᠠᠶᠢᠯᠤᠮᠵᠢ﹈ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ | ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠳᠦᠷ ᠲᠤᠲᠤᠮ ᠤᠨ | ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ | ᠳᠥᠴᠢᠳᠦᠭᠡᠷ ᠵᠦᠢᠯ ﹇ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠪᠠᠶᠢᠴᠠᠭᠠᠨ ᠯᠠᠪᠯᠠᠬᠤ ᠡᠷᠬᠡ﹈ | ﹇ᠲᠠᠶᠢᠯᠤᠮᠵᠢ﹈ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠤᠨ ᠪᠠᠶᠢᠴᠠᠭᠠᠨ ᠯᠠᠪᠯᠠᠬᠤ ᠡᠷᠬᠡ ᠶᠢ ᠲᠣᠳᠣᠷᠬᠠᠶᠢᠯᠠᠵᠠᠢ᠃ | ᠳᠥᠴᠢᠨ ᠨᠢᠭᠡᠳᠦᠭᠡᠷ ᠵᠦᠢᠯ ﹇ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠷᠢᠭᠤᠴᠠᠯᠭ᠎ᠠ﹈ | ﹇ᠲᠠᠶᠢᠯᠤᠮᠵᠢ﹈ ᠳᠦᠷᠢᠮ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠤᠶᠠᠷ ᠵᠦᠢᠯ ᠤᠨ | ᠬᠠᠷᠢᠭᠤᠴᠠᠯᠭ᠎ᠠ ᠢ ᠲᠣᠳᠣᠷᠬᠠᠶᠢᠯᠠᠵᠠᠢ᠂ ᠨᠢᠭᠡ ᠨᠢ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠬᠦ ᠬᠠᠤᠯᠢ | ᠶᠣᠰᠣᠭᠠᠷ ᠬᠠᠮᠵᠢᠯᠴᠠᠬᠤ ᠬᠠᠷᠢᠭᠤᠴᠠᠯᠭ᠎ᠠ ᠲᠠᠢ᠂ ᠨᠥᠭᠦᠭᠡ ᠨᠢ ᠬᠥᠳᠡᠯᠮᠦᠷᠢ ᠶᠢᠨ ᠬᠥᠯᠥᠰᠦ ᠣᠯᠭᠤᠮᠵᠢ ᠥᠭᠬᠦ ᠶᠢ | ᠲᠡᠪᠴᠢᠭᠰᠡᠨ ᠶᠠᠯᠠᠲᠤ ᠬᠡᠷᠡᠭ ᠢ ᠰᠢᠯᠵᠢᠭᠦᠯᠦᠨ ᠬᠦᠷᠭᠡᠬᠦ ᠳᠦᠷᠢᠮ ︵ᠬᠥᠮᠥᠨ ᠨᠡᠶᠢᠭᠡᠮ ᠶᠠᠮᠤᠨ ᠲᠠᠷᠬᠠᠭᠠᠭᠰᠠᠨ ﹇ | 2014﹈ 100 ᠳ᠋ᠤᠭᠠᠷ ᠲᠣᠭᠠᠲᠤ︶ ᠶᠣᠰᠣᠭᠠᠷ ᠰᠢᠯᠵᠢᠭᠦᠯᠦᠨ ᠬᠦᠷᠭᠡᠭᠰᠡᠨ ᠢ ᠬᠦᠯᠢᠶᠡᠨ ᠰᠢᠢᠳᠪᠦᠷᠢᠯᠡᠬᠦ | ᠬᠠᠷᠢᠭᠤᠴᠠᠯᠭ᠎ᠠ ᠲᠠᠢ᠃ | ᠳᠥᠴᠢᠨ ᠬᠤᠶᠠᠳᠤᠭᠠᠷ ᠵᠦᠢᠯ ﹇ᠴᠠᠯᠢᠩ ᠥᠭᠬᠦ ᠶᠢ ᠠᠯᠪᠠᠳᠠᠬᠤ ᠠᠷᠭ᠎ᠠ ᠬᠡᠮᠵᠢᠶ᠎ᠡ﹈ | ﹇ᠲᠠᠶᠢᠯᠤᠮᠵᠢ﹈ ᠳᠦᠷᠢᠮ ᠳᠤ ᠴᠠᠯᠢᠩ ᠥᠭᠬᠦ ᠶᠢ ᠠᠯᠪᠠᠳᠠᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠠᠢ᠃ | ᠳᠥᠴᠢᠨ ᠭᠤᠷᠪᠠᠳᠤᠭᠠᠷ ᠵᠦᠢᠯ ﹇ᠬᠠᠤᠯᠢ ᠶᠢ ᠵᠥᠷᠢᠴᠡᠨ ᠰᠢᠯᠵᠢᠭᠦᠯᠦᠨ ᠳᠠᠭᠠᠭᠠᠴᠢᠯᠠᠭᠰᠠᠨ᠂ ᠬᠤᠪᠢᠶᠠᠨ | ᠳᠠᠭᠠᠭᠠᠴᠢᠯᠠᠭᠰᠠᠨ᠂ ᠳᠠᠭᠠᠭᠠᠴᠢᠯᠠᠯᠲᠠ ᠣᠯᠭᠤᠭᠰᠠᠨ ᠳᠤ ᠬᠢᠨᠠᠯᠲᠠ ᠲᠠᠯᠪᠢᠬᠤ ᠬᠠᠷᠢᠭᠤᠴᠠᠯᠭ᠎ᠠ﹈ | ﹇ᠲᠠᠶᠢᠯᠤᠮᠵᠢ﹈ ᠳᠦᠷᠢᠮ ᠳᠤ ᠬᠠᠤᠯᠢ ᠶᠢ ᠵᠥᠷᠢᠴᠡᠨ ᠰᠢᠯᠵᠢᠭᠦᠯᠦᠨ ᠳᠠᠭᠠᠭᠠᠴᠢᠯᠠᠭᠰᠠᠨ᠂ ᠬᠤᠪᠢᠶᠠᠨ | ᠳᠠᠭᠠᠭᠠᠴᠢᠯᠠᠭᠰᠠᠨ᠂ ᠳᠠᠭᠠᠭᠠᠴᠢᠯᠠᠯᠲᠠ ᠣᠯᠭᠤᠭᠰᠠᠨ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ | ᠲᠣᠳᠣᠷᠬᠠᠶᠢᠯᠠᠵᠠᠢ᠃ | ᠳᠥᠴᠢᠨ ᠳᠥᠷᠪᠡᠳᠦᠭᠡᠷ ᠵᠦᠢᠯ ﹇ᠪᠡᠯᠡ ᠮᠥᠩᠭᠦ ᠪᠠᠭᠤᠯᠭᠠᠬᠤ ᠳᠤ ᠬᠢᠨᠠᠯᠲᠠ ᠲᠠᠯᠪᠢᠬᠤ ᠬᠠᠷᠢᠭᠤᠴᠠᠯᠭ᠎ᠠ﹈ | ﹇ᠲᠠᠶᠢᠯᠤᠮᠵᠢ﹈ ᠳᠦᠷᠢᠮ ᠳᠤ ᠪᠡᠯᠡ ᠮᠥᠩᠭᠦ ᠪᠠᠭᠤᠯᠭᠠᠬᠤ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ | ᠲᠣᠳᠣᠷᠬᠠᠶᠢᠯᠠᠵᠠᠢ᠃ | ᠳᠥᠴᠢᠨ ᠲᠠᠪᠤᠳᠤᠭᠠᠷ ᠵᠦᠢᠯ ﹇ᠬᠠᠤᠯᠢ ᠴᠠᠭᠠᠵᠠ ᠶᠢᠨ ᠲᠤᠰᠠᠯᠠᠮᠵᠢ ᠪᠠ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡ ᠶᠢᠨ ᠬᠠᠷᠢᠭᠤᠴᠠᠯᠭ᠎ᠠ﹈ | ﹇ᠲᠠᠶᠢᠯᠤᠮᠵᠢ﹈ ᠳᠦᠷᠢᠮ ᠳᠤ ᠬᠠᠤᠯᠢ ᠴᠠᠭᠠᠵᠠ ᠶᠢᠨ ᠲᠤᠰᠠᠯᠠᠮᠵᠢ ᠪᠠ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ | ᠳᠥᠴᠢᠨ ᠵᠢᠷᠭᠤᠳᠤᠭᠠᠷ ᠵᠦᠢᠯ ﹇ᠬᠠᠤᠯᠢ ᠴᠠᠭᠠᠵᠠ ᠶᠢ ᠤᠬᠠᠭᠤᠯᠬᠤ ᠬᠠᠷᠢᠭᠤᠴᠠᠯᠭ᠎ᠠ﹈ | ﹇ᠲᠠᠶᠢᠯᠤᠮᠵᠢ﹈ ᠳᠦᠷᠢᠮ ᠳᠤ ᠬᠠᠤᠯᠢ ᠴᠠᠭᠠᠵᠠ ᠶᠢ ᠤᠬᠠᠭᠤᠯᠬᠤ ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ | ᠳᠥᠴᠢᠨ ᠳᠣᠯᠣᠳᠤᠭᠠᠷ ᠵᠦᠢᠯ ﹇ᠴᠠᠯᠢᠩ ᠥᠭᠬᠦ ᠢᠲᠡᠭᠡᠮᠵᠢ ᠶᠢᠨ ᠲᠣᠭᠲᠠᠴᠠ ᠪᠠ ᠴᠢᠬᠤᠯᠠ ᠶᠡᠭᠡ | ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠡᠶᠢᠭᠡᠮ ᠳᠤ ᠵᠠᠷᠯᠠᠬᠤ﹈ | ﹇ᠲᠠᠶᠢᠯᠤᠮᠵᠢ﹈ ᠳᠦᠷᠢᠮ ᠳᠤ ᠴᠠᠯᠢᠩ ᠥᠭᠬᠦ ᠢᠲᠡᠭᠡᠮᠵᠢ ᠶᠢᠨ ᠲᠣᠭᠲᠠᠴᠠ ᠪᠠ ᠴᠢᠬᠤᠯᠠ ᠶᠡᠭᠡ ᠬᠠᠤᠯᠢ ᠶᠢ | ᠵᠥᠷᠢᠴᠡᠭᠰᠡᠨ ᠠᠵᠢᠯᠯᠠᠭ᠎ᠠ ᠶᠢ ᠨᠡᠶᠢᠭᠡᠮ ᠳᠤ ᠵᠠᠷᠯᠠᠬᠤ ᠶᠢ ᠲᠣᠳᠣᠷᠬᠠᠶᠢᠯᠠᠵᠠᠢ᠃ | ᠳᠥᠴᠢᠨ ᠨᠠᠢᠮᠠᠳᠤᠭᠠᠷ ᠵᠦᠢᠯ ﹇ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠬᠤ ᠡᠲᠡᠭᠡᠳ ᠤᠨ | ᠨᠡᠷᠡᠰ ᠲᠤ ᠣᠷᠣᠭᠤᠯᠬᠤ ᠳᠦᠷᠢᠮ﹈ | ﹇ᠲᠠᠶᠢᠯᠤᠮᠵᠢ﹈ ᠳᠦᠷᠢᠮ ᠳᠤ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠬᠤ ᠡᠲᠡᠭᠡᠳ ᠤᠨ ᠨᠡᠷᠡᠰ ᠲᠤ | ᠣᠷᠣᠭᠤᠯᠬᠤ ᠳᠦᠷᠢᠮ ᠢ ᠲᠣᠳᠣᠷᠬᠠᠶᠢᠯᠠᠵᠤ᠂ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠬᠤ ᠡᠲᠡᠭᠡᠳ ᠤᠨ | ᠨᠡᠷᠡᠰ ᠲᠤ ᠣᠷᠣᠭᠤᠯᠬᠤ ᠳᠦᠷᠢᠮ ᠢ ᠡᠷᠬᠡ ᠣᠯᠭᠤᠨ ᠪᠠᠶᠢᠭᠤᠯᠤᠨ᠎ᠠ᠃ | ᠳᠥᠴᠢ ᠶᠢᠰᠦᠳᠦᠭᠡᠷ ᠵᠦᠢᠯ ﹇ᠪᠠᠷᠢᠯᠭ᠎ᠠ ᠶᠢᠨ ᠵᠣᠭᠤᠰ ᠢ ᠲᠥᠯᠥᠬᠦ ᠳᠠᠭᠠᠭᠠᠯᠲᠠ ᠪᠠ ᠵᠠᠰᠠᠭ ᠤᠨ ᠣᠷᠳᠣᠨ ᠤ | ᠪᠡᠯᠡ ᠣᠷᠣᠭᠤᠯᠤᠭᠰᠠᠨ ᠲᠥᠷᠥᠯ ᠵᠦᠢᠯ ᠪᠠᠷᠢᠯᠭ᠎ᠠ ᠶᠢᠨ ᠵᠣᠭᠤᠰ ᠢ ᠥᠷᠢᠲᠦᠭᠰᠡᠨ ᠢ ᠢᠲᠡᠭᠡᠮᠵᠢ ᠶᠢ ᠰᠢᠰᠲ᠋ᠧᠮ ᠳᠤ | ᠣᠷᠣᠭᠤᠯᠤᠨ ᠵᠠᠯᠬᠠᠭᠠᠨ᠎ᠠ﹈ | ᠲᠠᠪᠢᠳᠤᠭᠠᠷ ᠵᠦᠢᠯ ﹇ᠭᠡᠷᠡᠴᠢ ᠬᠠᠩᠭᠠᠬᠤ ᠬᠠᠷᠢᠭᠤᠴᠠᠯᠭ᠎ᠠ ᠶᠢ ᠲᠣᠩᠭᠤᠷᠠᠭᠤᠯᠤᠨᠠ﹈ | ﹇ᠲᠠᠶᠢᠯᠤᠮᠵᠢ﹈ ᠭᠡᠷᠡᠴᠢ ᠬᠠᠩᠭᠠᠬᠤ ᠬᠠᠷᠢᠭᠤᠴᠠᠯᠭ᠎ᠠ ᠶᠢ ᠲᠤᠩᠭᠤᠷᠠᠭᠤᠯᠬᠤ ᠶᠢ ᠲᠤᠳᠤᠷᠬᠠᠶᠢᠯᠠᠵᠠᠢ᠃ | ᠲᠠᠪᠢᠨ ᠨᠢᠭᠡᠳᠦᠭᠡᠷ ᠵᠦᠢᠯ ﹇ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠲᠠᠯᠪᠢᠬᠤ | ᠬᠠᠷᠢᠭᠤᠴᠠᠯᠭ᠎ᠠ﹈ | ﹇ᠲᠠᠶᠢᠯᠤᠮᠵᠢ﹈ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠲᠠᠯᠪᠢᠬᠤ | ᠬᠠᠷᠢᠭᠤᠴᠠᠯᠭ᠎ᠠ ᠶᠢ ᠲᠤᠳᠤᠷᠬᠠᠶᠢᠯᠠᠵᠠᠢ᠃ | ᠲᠠᠪᠢᠨ ᠬᠤᠶᠠᠳᠤᠭᠠᠷ ᠵᠦᠢᠯ ﹇ᠴᠠᠯᠢᠩ ᠨᠡᠬᠡᠬᠦ ᠨᠡᠷ᠎ᠡ ᠪᠠᠷ ᠪᠠᠷᠢᠯᠭ᠎ᠠ ᠶᠢᠨ ᠵᠣᠭᠤᠰ ᠢ ᠨᠡᠬᠡᠬᠦ ᠶᠢ | ᠰᠢᠢᠳᠪᠦᠷᠢᠯᠡᠬᠦ﹈ | ﹇ᠲᠠᠶᠢᠯᠤᠮᠵᠢ﹈ ᠳᠦᠷᠢᠮ ᠳᠤ ᠴᠠᠯᠢᠩ ᠨᠡᠬᠡᠬᠦ ᠨᠡᠷ᠎ᠡ ᠪᠠᠷ ᠪᠠᠷᠢᠯᠭ᠎ᠠ ᠶᠢᠨ ᠵᠣᠭᠤᠰ ᠢ ᠨᠡᠬᠡᠬᠦ ᠶᠢ | ᠰᠢᠢᠳᠪᠦᠷᠢᠯᠡᠬᠦ ᠳᠤ᠂ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠶᠢ ᠦᠨᠳᠦᠰᠦᠯᠡᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠡᠷᠡᠭ ᠢᠶᠠᠷ ᠳᠠᠩᠰᠠᠯᠠᠨ ᠰᠢᠢᠳᠪᠦᠷᠢᠯᠡᠬᠦ ᠬᠡᠷᠡᠭᠲᠡᠢ ᠭᠡᠵᠦ | ᠲᠣᠳᠣᠷᠬᠠᠶᠢᠯᠠᠵᠠᠢ᠃ | ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ﹇ᠪᠦᠯᠦᠭ ᠤᠨ ᠲᠠᠶᠢᠯᠤᠮᠵᠢ﹈ ᠲᠤᠰ ᠪᠦᠯᠦᠭ ᠤᠨ ᠭᠤᠣᠯ ᠨᠢ ᠲᠤᠰ ᠳᠦᠷᠢᠮ ᠤᠨ 9 ᠲᠥᠷᠥᠯ ᠤᠨ 16 | ᠵᠦᠢᠯ ᠢ ᠵᠥᠷᠢᠴᠡᠭᠰᠡᠨ ᠪᠣᠳᠠᠲᠠᠢ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ᠂ ᠰᠢᠢᠳᠬᠡᠬᠦ ᠪᠣᠯᠣᠨ᠎ᠠ᠃ | ᠠᠯᠳᠠᠭ᠎ᠠ ᠪᠤᠷᠤᠭᠤ ᠶᠢ ᠪᠠᠭᠲᠠᠭᠠᠨ ᠵᠠᠯᠠᠷᠠᠭᠤᠯᠬᠤ ᠲᠣᠭᠲᠠᠴᠠ ᠶᠢ ᠢᠮᠠᠭᠲᠠ ᠪᠠᠷᠢᠮᠳᠠᠯᠠᠵᠤ᠂ ᠲᠠᠷᠤᠢ ᠤᠷᠢᠳᠠᠪᠠᠷ | ᠵᠠᠯᠠᠷᠠᠭᠤᠯᠵᠤ᠂ ᠳᠠᠷᠠᠭ᠎ᠠ ᠨᠢ ᠰᠢᠢᠳᠭᠡᠨ᠎ᠡ᠃ 1. ᠴᠠᠯᠢᠩ ᠥᠭᠬᠦ ᠨᠢ ᠵᠢᠷᠤᠮᠵᠢᠯ ᠦᠭᠡᠢ 3 ᠵᠦᠢᠯ᠃ 2.ᠴᠠᠯᠢᠩ | ᠥᠭᠬᠦ ᠳᠦᠷᠢᠮ ᠢ ᠪᠠᠶᠢᠭᠤᠯᠤᠨ ᠬᠡᠷᠡᠭᠵᠢᠭᠦᠯᠦᠭᠰᠡᠨ ᠦᠭᠡᠢ 3 ᠵᠦᠢᠯ᠃ 3. ᠴᠠᠯᠢᠩ ᠥᠭᠬᠦ ᠠᠯᠪᠠ ᠶᠢ ᠪᠠᠶᠢᠭᠤᠯᠤᠨ | ᠬᠡᠷᠡᠭᠵᠢᠭᠦᠯᠦᠭᠰᠡᠨ ᠦᠭᠡᠢ 4 ᠵᠦᠢᠯ᠃ 4. ᠪᠦᠲᠦᠭᠡᠨ ᠪᠠᠶᠢᠭᠤᠯᠬᠤ ᠨᠢᠭᠡᠴᠡ ᠪᠤᠶᠤ ᠶᠡᠷᠦᠩᠬᠡᠢ ᠳᠠᠭᠠᠭᠠᠴᠢᠯᠠᠭᠰᠠᠨ | ᠨᠢᠭᠡᠴᠡ ᠬᠠᠤᠯᠢ ᠶᠢ ᠵᠥᠷᠢᠴᠡᠭᠰᠡᠨ᠃ 5. ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠬᠠᠮᠵᠢᠯᠴᠠᠭᠰᠠᠨ ᠦᠭᠡᠢ᠃ | 6. ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠬᠠᠤᠯᠢ ᠶᠢ ᠵᠥᠷᠢᠴᠡᠭᠰᠡᠨ᠃ | 7. ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠥᠷᠥᠯ ᠵᠦᠢᠯ ᠲᠣᠭᠲᠠᠭᠠᠯ ᠢ ᠵᠥᠷᠢᠴᠡᠭᠰᠡᠨ᠃ 8. | ᠨᠡᠶᠢᠭᠡᠮ ᠠᠴᠠ ᠪᠡᠯᠡ ᠣᠷᠣᠭᠤᠯᠤᠭᠰᠠᠨ ᠲᠥᠷᠥᠯ ᠵᠦᠢᠯ ᠲᠣᠭᠲᠠᠭᠠᠯ ᠢ ᠵᠥᠷᠢᠴᠡᠭᠰᠡᠨ᠃ 9. ᠵᠠᠰᠠᠭ ᠵᠠᠬᠢᠷᠭᠠᠨ ᠤ | ᠠᠵᠢᠯᠳᠠᠨ ᠲᠣᠭᠲᠠᠭᠠᠯ ᠢ ᠵᠥᠷᠢᠴᠡᠭᠰᠡᠨ᠃ | ᠲᠠᠪᠢᠨ ᠭᠤᠷᠪᠠᠳᠤᠭᠠᠷ ᠵᠦᠢᠯ ᠲᠤᠰ ᠲᠦᠷᠢᠮ ᠤᠨ ᠲᠤᠭᠲᠠᠭᠠᠯ ᠢ ᠵᠦᠷᠢᠴᠡᠵᠦ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠴᠠᠯᠢᠩ ᠤᠯᠭᠤᠮᠵᠢ ᠶᠢ ᠦᠷᠢᠳᠦᠭᠰᠡᠨ ᠢ ᠬᠠᠮᠢᠶ᠎ᠠ ᠪᠦᠬᠦᠢ ᠬᠠᠤᠯᠢ ᠴᠠᠭᠠᠵᠠ ᠲᠦᠷᠢᠮ ᠲᠤᠭᠲᠠᠭᠠᠯ | ᠶᠤᠰᠤᠭᠠᠷ ᠬᠡᠷᠡᠭᠵᠢᠬᠦᠯᠦᠨ᠎ᠡ | ﹇ᠲᠠᠶᠢᠯᠤᠮᠵᠢ﹈ ᠴᠠᠯᠢᠩ ᠥᠷᠢᠲᠦᠭᠰᠡᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠳᠤ ᠲᠤᠬᠢᠷᠠᠭᠤᠯᠤᠨ | ᠬᠡᠷᠡᠭᠯᠡᠬᠦ ᠬᠠᠤᠯᠢ ᠴᠠᠭᠠᠵᠠ ᠶᠢ ᠲᠣᠳᠣᠷᠬᠠᠶᠢᠯᠠᠵᠠᠢ᠃ | ᠲᠠᠪᠢᠨ ᠳᠥᠷᠪᠡᠳᠦᠭᠡᠷ ᠵᠦᠢᠯ ﹇ᠴᠠᠯᠢᠩ ᠥᠭᠬᠦ ᠨᠢ ᠵᠢᠷᠤᠮᠵᠢᠯ ᠦᠭᠡᠢ ᠶᠢᠨ ᠬᠠᠤᠯᠢ ᠴᠠᠭᠠᠵᠠ ᠶᠢᠨ | ᠬᠠᠷᠢᠭᠤᠴᠠᠯᠭ᠎ᠠ﹈ | ﹇ᠲᠠᠶᠢᠯᠤᠮᠵᠢ﹈ ᠴᠠᠯᠢᠩ ᠥᠭᠬᠦ ᠨᠢ ᠵᠢᠷᠤᠮᠵᠢᠯ ᠦᠭᠡᠢ 3 ᠵᠦᠢᠯ ᠤᠨ ᠪᠠᠶᠢᠳᠠᠯ ᠳᠠᠬᠢ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠯᠪᠠᠳᠠᠨ ᠴᠠᠭ ᠲᠣᠭᠲᠠᠭᠠᠨ ᠵᠠᠯᠠᠷᠠᠭᠤᠯᠤᠭᠤᠯᠵᠤ᠂ ᠵᠠᠰᠠᠭ ᠵᠠᠬᠢᠷᠭᠠᠨ ᠤ | ᠰᠢᠢᠳᠬᠡᠯ ᠣᠯᠭᠤᠨ᠎ᠠ᠃ | ᠲᠠᠪᠢᠨ ᠲᠠᠪᠤᠳᠤᠭᠠᠷ ᠵᠦᠢᠯ ﹇ᠴᠠᠯᠢᠩ ᠥᠭᠬᠦ ᠳᠦᠷᠢᠮ ᠢ ᠪᠠᠶᠢᠭᠤᠯᠤᠨ ᠬᠡᠷᠡᠭᠵᠢᠭᠦᠯᠦᠭᠰᠡᠨ ᠦᠭᠡᠢ ᠶᠢᠨ | ᠬᠠᠤᠯᠢ ᠴᠠᠭᠠᠵᠠ ᠶᠢᠨ ᠬᠠᠷᠢᠭᠤᠴᠠᠯᠭ᠎ᠠ﹈ | ﹇ᠲᠠᠶᠢᠯᠤᠮᠵᠢ﹈ ᠴᠠᠯᠢᠩ ᠥᠭᠬᠦ ᠳᠦᠷᠢᠮ ᠢ ᠪᠠᠶᠢᠭᠤᠯᠤᠨ ᠬᠡᠷᠡᠭᠵᠢᠭᠦᠯᠦᠭᠰᠡᠨ ᠦᠭᠡᠢ ᠶᠢᠨ 3 ᠵᠦᠢᠯ ᠤᠨ | ᠪᠠᠶᠢᠳᠠᠯ ᠳᠠᠬᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠯᠪᠠᠳᠠᠨ ᠴᠠᠭ ᠲᠣᠭᠲᠠᠭᠠᠨ | ᠵᠠᠯᠠᠷᠠᠭᠤᠯᠤᠭᠤᠯᠵᠤ᠂ ᠵᠠᠰᠠᠭ ᠵᠠᠬᠢᠷᠭᠠᠨ ᠤ ᠰᠢᠢᠳᠬᠡᠯ ᠣᠯᠭᠤᠨ᠎ᠠ᠃ | ᠲᠠᠪᠢᠨ ᠵᠢᠷᠭᠤᠳᠤᠭᠠᠷ ᠵᠦᠢᠯ ﹇ᠲᠠᠶᠢᠯᠤᠮᠵᠢ﹈ ᠴᠠᠯᠢᠩ ᠥᠭᠬᠦ ᠠᠯᠪᠠ ᠶᠢ ᠪᠠᠶᠢᠭᠤᠯᠤᠨ ᠬᠡᠷᠡᠭᠵᠢᠭᠦᠯᠦᠭᠰᠡᠨ | ᠦᠭᠡᠢ 4 ᠵᠦᠢᠯ ᠤᠨ ᠪᠠᠶᠢᠳᠠᠯ ᠳᠠᠬᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ | ᠲᠠᠪᠢᠨ ᠳᠣᠯᠣᠳᠤᠭᠠᠷ ᠵᠦᠢᠯ ﹇ᠲᠠᠶᠢᠯᠤᠮᠵᠢ﹈ ᠪᠦᠲᠦᠭᠡᠨ ᠪᠠᠶᠢᠭᠤᠯᠬᠤ ᠨᠢᠭᠡᠴᠡ ᠪᠤᠶᠤ ᠶᠡᠷᠦᠩᠬᠡᠢ | ᠳᠠᠭᠠᠭᠠᠴᠢᠯᠠᠭᠰᠠᠨ ᠨᠢᠭᠡᠴᠡ ᠲᠣᠭᠲᠠᠭᠠᠯ ᠢ ᠵᠥᠷᠢᠴᠡᠭᠰᠡᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ | ᠲᠣᠳᠣᠷᠬᠠᠶᠢᠯᠠᠵᠠᠢ᠃ | ᠲᠠᠪᠢᠨ ᠨᠠᠢᠮᠠᠳᠤᠭᠠᠷ ᠵᠦᠢᠯ ﹇ᠲᠠᠶᠢᠯᠤᠮᠵᠢ﹈ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠬᠠᠮᠵᠢᠯᠴᠠᠬᠤ | ᠦᠭᠡᠢ ᠪᠠᠶᠢᠳᠠᠯ ᠳᠠᠬᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ | ᠲᠠᠪᠢ ᠶᠢᠰᠦᠳᠦᠭᠡᠷ ᠵᠦᠢᠯ ﹇ᠲᠠᠶᠢᠯᠤᠮᠵᠢ﹈ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠲᠡᠭᠦᠨ ᠤ | ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ | ᠵᠢᠷᠠᠳᠤᠭᠠᠷ ᠵᠦᠢᠯ ﹇ᠲᠠᠶᠢᠯᠤᠮᠵᠢ﹈ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠥᠷᠥᠯ ᠵᠦᠢᠯ | ᠳᠦᠷᠢᠮ ᠲᠣᠭᠲᠠᠭᠠᠯ ᠢ ᠵᠥᠷᠢᠴᠡᠭᠰᠡᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ | ᠵᠢᠷᠠᠨ ᠨᠢᠭᠡᠳᠦᠭᠡᠷ ᠵᠦᠢᠯ ﹇ᠲᠠᠶᠢᠯᠤᠮᠵᠢ﹈ ᠨᠡᠶᠢᠭᠡᠮ ᠠᠴᠠ ᠪᠡᠯᠡ ᠣᠷᠣᠭᠤᠯᠤᠭᠰᠠᠨ ᠲᠥᠷᠥᠯ ᠵᠦᠢᠯ ᠳᠦᠷᠢᠮ | ᠲᠣᠭᠲᠠᠭᠠᠯ ᠢ ᠵᠥᠷᠢᠴᠡᠭᠰᠡᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ | ᠵᠢᠷᠠᠨ ᠬᠤᠶᠠᠳᠤᠭᠠᠷ ᠵᠦᠢᠯ ﹇ᠲᠠᠶᠢᠯᠤᠮᠵᠢ﹈ ᠵᠠᠰᠠᠭ ᠵᠠᠬᠢᠷᠭᠠᠨ ᠤ ᠠᠵᠢᠯᠲᠠᠳ ᠳᠦᠷᠢᠮ ᠲᠣᠭᠲᠠᠭᠠᠯ ᠢ | ᠵᠥᠷᠢᠴᠡᠭᠰᠡᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠵᠢᠷᠠᠨ ᠭᠤᠷᠪᠠᠳᠤᠭᠠᠷ ᠵᠦᠢᠯ ﹇ᠲᠠᠶᠢᠯᠤᠮᠵᠢ﹈ ᠴᠠᠯᠢᠩ ᠥᠭᠬᠦ ᠳᠤ ᠬᠦᠴᠢᠷ ᠲᠠᠢ ᠪᠤᠶᠤ ᠳᠤᠲᠠᠭᠠᠭᠰᠠᠨ ᠢ | ᠪᠠᠴᠢᠮ ᠠᠷᠭᠠᠴᠠᠭᠠᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠠᠢ᠃ | ᠵᠢᠷᠠᠨ ᠳᠥᠷᠪᠡᠳᠦᠭᠡᠷ ᠵᠦᠢᠯ ᠲᠤᠰ ᠳᠦᠷᠢᠮ ᠢ 2020 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ |