6 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠹᠠᠨ ᡁᠢ ᠵᠦᠩ ᠠᠴᠠ ᠪᠦᠯᠬᠦᠮ ᠳᠠᠭᠠᠭᠤᠯᠣᠭᠰᠠᠨ | ᠪᠠᠶᠢᠴᠠᠭᠠᠨ ᠰᠤᠳᠤᠯᠬᠤ ᠳᠤᠭᠤᠶᠢᠯᠠᠩ ᠬᠠᠷᠢᠶ᠎ᠠ ᠲᠤᠭᠤᠷᠢᠭ ᠤᠨ ᠪᠠᠶᠢᠰᠢᠩ ᠲᠣᠭᠤᠷᠢᠭ ᠲᠤ ᠭᠦᠨᠵᠡᠭᠡᠶᠢᠷᠡᠨ ᠠᠷᠢᠭᠤᠨ | ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠠᠵᠢᠯ ᠢ ᠰᠢᠮᠳᠠᠭᠤᠯᠤᠨ ᠵᠢᠯᠣᠭᠤᠳᠪᠠ᠃ | | | | | ᠹᠠᠨ ᡁᠢ ᠵᠦᠩ ᠨᠡᠷ ᠤᠷᠢᠳ ᠬᠤᠵᠢᠳ ᠰᠢᠯᠢ ᠶᠢᠨ ᠬᠤᠶᠢᠲᠤ ᠵᠠᠮ ᠤᠨ ᠵᠡᠭᠡᠯᠢ ᠭᠤᠳᠤᠮᠵᠢ ᠶᠢᠨ ᠬᠠᠷ᠎ᠠ | ᠠᠷᠢᠬᠢ ᠶᠢᠨ ᠦᠢᠯᠡᠳᠪᠦᠷᠢ ᠶᠢᠨ ᠲᠣᠭᠤᠷᠢᠭ ᠤᠨ ᠬᠡᠰᠡᠭ᠂ ᠵᠦᠩ ᠱᠠᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠡᠮ | ᠡᠮᠨᠡᠯᠭᠡ ᠶᠢᠨ ᠺᠣᠮᠫᠠᠨᠢ ᠶᠢᠨ ᠪᠠᠭ᠎ᠠ ᠲᠣᠭᠤᠷᠢᠭ᠂ ᠪᠠᠷᠠᠭᠤᠨ ᠵᠡᠭᠡᠯᠢ ᠶᠢᠨ ᠵᠡᠭᠡᠯᠢ ᠭᠤᠳᠤᠮᠵᠢ ᠶᠢᠨ ᠪᠸᠢ ᠶᠤᠸᠠᠨ | ᠵᠡᠭᠡᠯᠢ ᠶᠢᠨ ᠬᠤᠶᠢᠲᠤ ᠲᠠᠯ᠎ᠠ ᠶᠢᠨ ᠪᠠᠶᠢᠰᠢᠩ ᠲᠣᠭᠤᠷᠢᠭ᠂ ᠳ᠋ᠦᠩ ᠹᠧᠩ ᠵᠠᠮ ᠤᠨ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠠᠯᠪᠠᠨ ᠭᠡᠷ ᠤᠨ ᠮᠠᠲ᠋ᠧᠷᠢᠶᠠᠯ ᠤᠨ ᠦᠢᠯᠡᠳᠪᠦᠷᠢ ᠶᠢᠨ ᠪᠠᠶᠢᠰᠢᠩ᠂ ᠰᠠᠨ ᠪᠦ᠋ ᠱᠤ ᠲᠣᠰᠬᠤᠨ᠂ ᠤᠯᠠᠭᠠᠨ | ᠴᠠᠪ ᠲᠣᠰᠬᠤᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠮᠳᠠᠭᠤᠯᠤᠨ ᠵᠢᠯᠣᠭᠤᠳᠪᠠ᠃ ᠨᠢᠭᠡ ᠭᠠᠵᠠᠷ ᠬᠦᠷᠬᠦ | ᠪᠦᠷᠢ᠂ ᠹᠠᠨ ᠽᠾᠢ ᠵᠦᠩ ᠪᠦᠷ ᠲᠤᠰ ᠭᠠᠵᠠᠷ ᠤᠨ ᠬᠤᠭᠤᠯᠠᠶ ᠶᠢᠨ ᠲᠣᠤᠷ ᠤᠨ ᠪᠦᠷᠬᠦᠴᠡ ᠶᠢᠨ ᠬᠡᠪᠴᠢᠶ᠎ᠡ ᠪᠣᠯᠤᠨ | ᠨᠡᠭᠦᠷᠡᠰᠦ ᠶᠢ ᠰᠢᠲᠠᠮᠠᠬᠠᠶ ᠬᠡᠢ ᠪᠣᠯᠭᠠᠨ ᠥᠭᠡᠷᠡᠴᠢᠯᠡᠬᠦ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠵᠤ | ᠰᠠᠭᠤᠭᠠᠯᠢ ᠠᠷᠠᠳ ᠲᠠᠢ ᠨᠠᠷᠢᠨ ᠶᠠᠷᠢᠯᠴᠠᠵᠤ᠂ ᠰᠠᠭᠤᠭᠠᠯᠢ ᠠᠷᠠᠳ ᠤᠨ ᠬᠦᠰᠡᠯ ᠰᠠᠨᠠᠭ᠎ᠠ ᠶᠢ ᠣᠶᠢᠯᠠᠭᠠᠨ᠎ᠠ᠃ | | | | | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠴᠠᠭ ᠤᠨ ᠵᠠᠩᠭᠢᠶᠠᠰᠤ ᠶᠣᠰᠣᠭᠠᠷ᠂ | ᠤᠭᠰᠠᠷᠠᠬᠤ ᠪᠠ ᠲᠤᠷᠰᠢᠨ ᠲᠣᠬᠢᠷᠠᠭᠤᠯᠬᠤ ᠠᠵᠢᠯ ᠢ ᠬᠤᠷᠳᠤᠬᠠᠨ ᠪᠡᠶᠡᠯᠡᠭᠦᠯᠵᠦ᠂ ᠪᠠᠷᠢᠯᠭ᠎ᠠ ᠶᠢᠨ ᠶᠠᠰᠤ ᠴᠢᠨᠠᠷ ᠤᠨ | ᠬᠢᠨᠠᠨ ᠪᠠᠶᠢᠴᠠᠭᠠᠯᠲᠠ᠂ ᠰᠢᠯᠭᠠᠨ ᠠᠪᠬᠤ ᠪᠠᠨ ᠴᠢᠩᠭᠠᠳᠬᠠᠵᠤ᠂ ᠴᠠᠭ ᠬᠤᠭᠤᠴᠠᠭ᠎ᠠ ᠶᠣᠰᠣᠭᠠᠷ ᠳᠤᠯᠠᠭᠠᠯᠠᠭ᠎ᠠ | ᠬᠠᠩᠭᠠᠬᠤ ᠶᠢ ᠦᠨᠡᠨᠬᠦ ᠪᠠᠲᠤᠯᠠᠵᠤ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠷᠢᠭᠤᠨ ᠴᠡᠪᠡᠷ | ᠳᠤᠯᠠᠭᠠᠯᠠᠭ᠎ᠠ ᠶᠢᠨ ᠡᠯ᠎ᠡ ᠵᠤᠶᠢᠯ ᠤᠨ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠬᠦᠯᠬᠦ ᠬᠡᠷᠡᠭᠲᠡᠢ᠃ ᠬᠠᠯᠠᠭᠠᠬᠤ | ᠲᠥᠬᠦᠭᠡᠷᠦᠮᠵᠢ ᠶᠢᠨ ᠠᠶᠤᠯᠭᠦᠢ ᠶᠢᠨ ᠠᠷᠭ᠎ᠠ ᠬᠡᠮᠵᠢᠶ᠎ᠡ ᠶᠢ ᠨᠠᠶᠢᠲᠠᠪᠤᠷᠢᠵᠢᠭᠤᠯᠵᠤ᠂ ᠴᠠᠬᠢᠯᠭᠠᠨ ᠲᠣᠤᠷ ᠤᠨ ᠳᠠᠯᠳᠠ | ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠴᠠᠬᠢᠯᠭᠠᠨ ᠬᠠᠩᠭᠠᠵᠤ ᠳᠤᠯᠠᠭᠠᠯᠠᠭ᠎ᠠ ᠶᠢ ᠪᠠᠲᠤᠯᠠᠬᠤ | ᠡᠯ᠎ᠡ ᠵᠣᠶᠢᠯ ᠤᠨ ᠠᠵᠢᠯ ᠢ ᠦᠨᠡᠨᠬᠦ ᠰᠠᠶᠢᠲᠤᠷ ᠬᠢᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠢ ᠦᠨᠡᠨᠬᠦ | ᠪᠠᠲᠤᠯᠠᠬᠤ ᠬᠡᠷᠡᠭᠲᠡᠶ ᠭᠡᠪᠡ᠃ | | | | | ᠪᠠᠶᠢᠴᠠᠭᠠᠨ ᠰᠤᠳᠤᠯᠬᠤ ᠳᠤᠭᠤᠶᠢᠯᠠᠩ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠰᠠᠭᠤᠭᠠᠯᠢ | ᠠᠷᠠᠳ ᠤᠨ ᠳᠤᠯᠠᠭᠠᠨ ᠡᠪᠦᠯᠵᠢᠬᠦ ᠶᠢ ᠪᠠᠲᠤᠯᠠᠬᠤ ᠶᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠣᠳᠣᠬᠠᠨ ᠳᠤ | ᠲᠤᠯᠭᠠᠷᠠᠵᠤ ᠪᠠᠶᠢᠭ᠎ᠠ ᠡᠯ᠎ᠡ ᠵᠦᠢᠯ ᠤᠨ ᠠᠰᠠᠭᠤᠳᠠᠯ ᠢ ᠲᠣᠬᠢᠲᠠᠶ ᠰᠢᠢᠳᠪᠦᠷᠢᠯᠡᠵᠦ᠂ ᠰᠠᠭᠤᠭᠠᠯᠢ ᠠᠷᠠᠳ ᠤᠨ | ᠳᠤᠯᠠᠭᠠᠬᠠᠨ ᠡᠪᠦᠯᠵᠢᠬᠦ ᠶᠢ ᠪᠠᠲᠤᠯᠠᠬᠤ ᠤᠷᠢᠲᠠᠯ ᠳᠣᠤᠷ᠎ᠠ᠂ ᠠᠷᠢᠭᠤᠨ ᠴᠡᠪᠡᠷ ᠳᠤᠯᠠᠭᠠᠯᠠᠭ᠎ᠠ ᠶᠢ ᠥᠭᠡᠷᠡᠴᠢᠯᠡᠬᠦ | ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠶᠢ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠵᠠᠩᠭᠢᠯᠠᠭ᠎ᠠ ᠶᠢᠨ ᠭᠤᠭᠴᠤᠭ᠎ᠠ ᠶᠢ ᠬᠦᠴᠦᠲᠡᠶ ᠠᠳᠬᠤᠵᠤ᠂ ᠪᠠᠶᠢᠳᠠᠯ ᠢ ᠲᠣᠳᠣᠷᠬᠠᠶ ᠲᠠᠨᠢᠵᠤ᠂ | ᠠᠰᠠᠭᠤᠳᠠᠯ ᠳᠤ ᠵᠥᠪ ᠢᠶᠠᠷ ᠬᠠᠨᠳᠣᠵᠣ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠵᠦᠶ ᠵᠣᠬᠢᠰᠲᠠᠶ | ᠲᠣᠬᠢᠷᠠᠭᠤᠯᠵᠤ᠂ ᠳᠤᠲᠠᠭᠳᠠᠯ ᠢᠶᠠᠨ ᠪᠠᠶᠢᠴᠠᠭᠠᠵᠤ ᠨᠦᠬᠦᠪᠦᠷᠢᠯᠡᠵᠦ᠂ ᠢᠳᠡᠪᠬᠢᠲᠡᠶ ᠪᠠᠷ ᠠᠷᠭᠠᠴᠠᠭᠠᠵᠤ᠂ ᠠᠵᠢᠯ ᠤᠨ | ᠳᠤᠮᠳᠠ ᠢᠯᠡᠷᠡᠭᠰᠡᠨ ᠡᠯ᠎ᠡ ᠵᠣᠶᠢᠯ ᠤᠨ ᠠᠰᠠᠭᠤᠳᠠᠯ ᠢ ᠲᠣᠬᠢᠲᠠᠶ ᠰᠡᠶᠢᠳᠪᠦᠷᠢᠯᠡᠵᠦ᠂ ᠨᠡᠭᠦᠷᠡᠰᠦ ᠶᠢ ᠰᠢᠲᠠᠮᠠᠬᠠᠶ ᠬᠡᠢ | ᠪᠣᠯᠭᠠᠨ ᠥᠭᠡᠷᠡᠴᠢᠯᠡᠬᠦ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠠᠵᠢᠯ ᠢ ᠯᠠᠪᠳᠠᠭᠤᠨ ᠤᠷᠤᠭᠰᠢᠲᠠᠶ | ᠠᠬᠢᠭᠤᠯᠬᠤ ᠶᠢ ᠪᠠᠲᠤᠯᠠᠵᠤ᠂ ᠠᠷᠭ᠎ᠠ ᠪᠦᠬᠦᠨ ᠢ ᠰᠦᠪᠡᠭᠴᠢᠯᠡᠨ ᠰᠠᠭᠤᠭᠠᠯᠢ ᠠᠷᠠᠳ ᠤᠨ ᠳᠤᠯᠠᠭᠠᠬᠠᠨ ᠡᠪᠦᠯᠵᠢᠬᠦ ᠶᠢ | ᠪᠠᠲᠤᠯᠠᠬᠤ ᠬᠡᠷᠡᠭᠲᠡᠢ ᠭᠡᠪᠡ᠃ | ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠰᠢᠨ ᠳ᠋ᠡ᠂ ᠲᠣᠭᠤᠷᠢᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ | ᠬᠤᠲᠠ ᠶᠢᠨ ᠬᠥᠭᠵᠢᠭᠦᠯᠦᠯᠲᠡ ᠶᠢᠨ ᠺᠣᠮᠫᠠᠨᠢ᠂ ᠹᠦ᠋ ᠲᠠᠢ ᠢᠯᠴᠢ ᠶᠢᠨ ᠬᠦᠴᠦᠨ ᠤ ᠺᠣᠮᠫᠠᠨᠢ ᠵᠡᠷᠭᠡ ᠬᠠᠮᠢᠶ᠎ᠠ ᠪᠥᠬᠦᠶ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃ |