ᠬᠤᠲᠠ ᠶᠢᠨ ᠵᠠᠰᠠᠭ ᠤᠨ ᠣᠷᠳᠣᠨ 2020 ᠣᠨ ᠤ 23 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-15
ᠵᠠᠩ ᠪᠠᠢ ᠴᠧᠩ ᠡᠷᠬᠢᠯᠡᠪᠡ       ︵ᠰᠤᠷᠪᠤᠯᠵᠢᠯᠠᠭᠴᠢ ᠹᠧᠩ ᠶᠠᠨ ᠫᠢᠩ︶ 6 ᠳ᠋ᠤᠭᠠᠷ ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ 2020 ᠣᠨ ᠤ 23 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ︽ᠬᠥᠬᠡᠬᠤᠲᠠ ᠶᠢᠨ ᠪᠣᠯᠪᠠᠰᠤᠨ ᠦᠢᠯᠡ ᠠᠵᠢᠯᠯᠠᠭ᠎ᠠ ᠶᠢ ᠠᠬᠢᠭᠤᠯᠬᠤ ᠳᠦᠷᠢᠮ︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠵᠢᠭᠠᠭᠰᠠᠨ ᠨᠢ᠂ ︽ᠬᠥᠬᠡᠬᠤᠲᠠ ᠶᠢᠨ ᠪᠣᠯᠪᠠᠰᠤᠨ ᠦᠢᠯᠡ ᠠᠵᠢᠯᠯᠠᠭ᠎ᠠ ᠶᠢ ᠠᠬᠢᠭᠤᠯᠬᠤ ᠳᠦᠷᠢᠮ︾ ᠢ ᠲᠣᠭᠲᠠᠭᠠᠨ ᠨᠡᠶᠢᠲᠡᠯᠡᠭᠰᠡᠨ ᠨᠢ᠂ ᠨᠠᠮ ᠤᠨ ᠲᠥᠪ ᠬᠤᠷᠢᠶ᠎ᠠ ᠶᠢᠨ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ  ᠬᠠᠤᠯᠢᠵᠢᠯ ᠤᠨ ᠪᠠᠶᠢᠭᠤᠯᠤᠯᠲᠠ ᠳᠤ ᠠᠭᠤᠰᠤᠯᠴᠠᠭᠤᠯᠬᠤ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠪᠠᠷᠢᠯ ᠪᠣᠯᠣᠨ᠎ᠠ᠂ ᠮᠥᠨᠴᠦ ᠮᠠᠨ ᠤ ᠬᠤᠲᠠ ᠶᠢᠨ ᠪᠦᠬᠦ ᠤᠯᠤᠰ ᠤᠨ ᠪᠣᠯᠪᠠᠰᠤᠨ ᠬᠤᠲᠠ ᠶᠢ ᠪᠠᠶᠢᠭᠤᠯᠬᠤ ᠶᠢᠨ ᠪᠣᠳᠠᠲᠤ ᠱᠠᠭᠠᠷᠳᠠᠯᠭ᠎ᠠ ᠮᠥᠨ᠂ ᠠᠷᠠᠳ ᠢᠷᠭᠡᠳ ᠤᠨ ᠪᠣᠯᠪᠠᠰᠤᠨ ᠤ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠡᠢ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ  ᠬᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠡᠯ᠎ᠡ ᠵᠦᠢᠯ ᠤᠨ ᠲᠣᠭᠲᠠᠭᠠᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠬᠡᠷᠡᠭᠲᠡᠢ︔ ᠤᠬᠠᠭᠤᠯᠤᠨ ᠳᠠᠶᠢᠴᠢᠯᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠨᠡᠶᠢᠭᠡᠮ ᠳᠤ ᠬᠥᠮᠦᠨ ᠪᠦᠬᠦᠨ ᠬᠢᠨᠠᠯᠲᠠ ᠲᠠᠯᠪᠢᠬᠤ᠂ ᠬᠥᠮᠦᠨ ᠪᠦᠬᠦᠨ ᠣᠷᠣᠯᠴᠠᠬᠤ᠂ ᠤᠬᠠᠮᠰᠠᠷ ᠠᠴᠠ ᠪᠠᠨ ᠪᠣᠯᠪᠠᠰᠤᠨ ᠦᠢᠯᠡ ᠠᠵᠢᠯᠯᠠᠭ᠎ᠠ ᠶᠢ ᠦᠢᠯᠡᠳᠦᠯᠭᠡᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠡᠢ᠃      ᠬᠤᠷᠠᠯ ᠠᠴᠠ ︽ᠬᠥᠬᠡᠬᠤᠲᠠ ᠶᠢᠨ ᠨᠣᠬᠠᠢ ᠲᠡᠵᠢᠭᠡᠬᠦ ᠬᠠᠮᠢᠶᠠᠷᠤᠯᠲᠠ ᠶᠢᠨ ᠲᠣᠭᠲᠠᠭᠠᠯ ᠳᠤ ᠵᠠᠰᠠᠪᠤᠷᠢ ᠣᠷᠣᠭᠤᠯᠬᠤ ᠲᠥᠰᠥᠯ︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠵᠢᠭᠠᠭᠰᠠᠨ ᠨᠢ᠂ ᠬᠠᠤᠯᠢ ᠶᠢᠨ ᠲᠠᠯ᠎ᠠ ᠠᠴᠠ ᠨᠣᠬᠠᠢ ᠲᠡᠵᠢᠭᠡᠬᠦ ᠠᠵᠢᠯᠯᠠᠭ᠎ᠠ ᠶᠢ ᠵᠢᠷᠤᠮᠵᠢᠭᠤᠯᠬᠤ ᠨᠢ᠂ ᠣᠯᠠᠨ ᠲᠦᠮᠡᠨ ᠤ ᠪᠡᠶ᠎ᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ᠂ ᠬᠤᠲᠠ ᠶᠢᠨ ᠨᠡᠶᠢᠲᠡ ᠶᠢᠨ ᠡᠮᠬᠢ ᠵᠢᠷᠤᠮ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠮᠠᠭᠠᠯᠠᠬᠤ ᠵᠡᠷᠭᠡ ᠳᠤ ᠴᠥᠮ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠡᠢ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠨᠣᠬᠠᠢ ᠲᠡᠵᠢᠭᠡᠬᠦ ᠶᠢ ᠬᠠᠮᠢᠶᠠᠷᠬᠤ ᠪᠠᠨ ᠴᠢᠩᠭᠠᠳᠬᠠᠨ᠂ ᠪᠣᠯᠪᠠᠰᠤᠨ ᠪᠤᠰᠤ ᠪᠠᠷ ᠨᠣᠬᠠᠢ ᠲᠡᠵᠢᠭᠡᠬᠦ ᠠᠵᠢᠯᠯᠠᠭ᠎ᠠ ᠶᠢ ᠦᠨᠡᠨ ᠬᠦ  ᠰᠠᠶᠢᠲᠤᠷ ᠬᠠᠮᠢᠶᠠᠷᠬᠤ ᠬᠡᠷᠡᠭᠲᠡᠢ︔ ︽ᠬᠠᠮᠢᠶᠠᠷᠤᠯᠲᠠ ᠶᠢᠨ ᠲᠣᠭᠲᠠᠭᠠᠯ︾ ᠵᠡᠷᠭᠡ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠬᠤᠲᠠ ᠶᠢᠨ ᠠᠷᠠᠳ ᠢ ᠬᠥᠲᠥᠯᠥᠨ ᠵᠢᠯᠣᠭᠤᠳᠴᠤ ᠪᠣᠯᠪᠠᠰᠤᠨ ᠢᠶᠠᠷ ᠨᠣᠬᠠᠢ ᠲᠡᠵᠢᠭᠡᠬᠦ ᠤᠬᠠᠮᠰᠠᠷ ᠢ ᠪᠣᠢ ᠪᠣᠯᠭᠠᠨ᠂ ᠤᠬᠠᠮᠰᠠᠷ ᠠᠴᠠ ᠪᠠᠨ ᠨᠣᠬᠠᠢ ᠲᠡᠵᠢᠭᠡᠬᠦ ᠠᠵᠢᠯᠯᠠᠭ᠎ᠠ ᠪᠠᠨ ᠵᠢᠷᠤᠮᠵᠢᠭᠤᠯᠵᠤ᠂ ᠡᠶ᠎ᠡ ᠵᠣᠬᠢᠴᠠᠯᠲᠤ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ ᠪᠣᠢ ᠪᠣᠯᠭᠠᠵᠤ᠂ ᠲᠥᠪ ᠬᠤᠲᠠ ᠶᠢᠨ ᠳᠦᠷᠢ ᠲᠥᠷᠬᠦ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ︽ᠬᠥᠬᠡᠬᠤᠲᠠ ᠶᠢᠨ 2020 ᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠶᠡᠷᠦᠩᠬᠡᠢ ᠲᠥᠰᠥᠯ︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠠᠵᠢᠯ ᠪᠣᠯ ᠠᠵᠢᠯ ᠦᠢᠯᠡᠰ ᠤᠨ ᠨᠢᠭᠡᠴᠡ ᠶᠢᠨ ᠰᠢᠯᠢᠳᠡᠭ ᠴᠢᠳᠠᠪᠤᠷᠢᠲᠠᠨ ᠢ ᠨᠥᠬᠦᠪᠦᠷᠢᠯᠡᠬᠦ ᠴᠢᠬᠤᠯᠠ ᠠᠷᠭ᠎ᠠ ᠵᠠᠮ ᠮᠥᠨ᠂ ᠮᠥᠨᠴᠦ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠠᠵᠢᠯ ᠣᠯᠭᠤᠯᠲᠠ ᠶᠢᠨ ᠲᠣᠭᠲᠠᠪᠤᠷᠢᠵᠢᠭᠤᠯᠬᠤ ᠪᠠ ᠥᠷᠭᠡᠳᠬᠡᠬᠦ ᠪᠣᠳᠠᠲᠠᠢ ᠠᠷᠭ᠎ᠠ ᠬᠡᠮᠵᠢᠶ᠎ᠡ ᠮᠥᠨ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢᠯᠡ ᠲᠣᠳᠣ ᠂ ᠡᠷᠬᠡ ᠲᠡᠭᠰᠢ᠂ ᠲᠥᠪ ᠭᠤᠣᠯᠴᠢ ᠵᠠᠷᠴᠢᠮ ᠢ ᠪᠠᠷᠢᠮᠲᠠᠯᠠᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠣᠶᠣᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠰᠢᠦᠢ ᠷᠦᠢ ᠰᠢᠶᠠ᠂ ᠵᠸᠦ ᠴᠢᠶᠠᠩ᠂ ᠶᠦᠨ ᠰᠢᠨ ᠮᠢᠩ᠂ ᠴᠢᠶᠥᠥ ᠶᠦᠨ ᠯᠢ᠂ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠵᠠᠩ ᠭᠥᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠬᠤᠷᠠᠯ ᠳᠤ ᠣᠷᠣᠯᠴᠠᠪᠠ᠃      ᠬᠤᠲᠠ ᠶᠢᠨ ᠤᠳᠤᠷᠢᠳᠤᠯᠭ᠎ᠠ ᠵᠠᠩ ᠬᠤᠤ ᠯᠧᠢ᠂ ᠯᠠᠨ ᠹᠧᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号