ᠬᠥᠬᠡᠬᠤᠲᠠ ᠤᠤᠭᠤᠬᠤ ᠤᠰᠤᠨ ᠤ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠵᠢᠷᠤᠮᠵᠢᠭᠤᠯᠵᠤ ᠪᠣᠢ
ᠨᠡᠶᠢᠲᠡᠯᠡᠭᠰᠡᠨ ᠴᠠᠭ᠄
2020-06-15
      ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠳᠡᠯᠭᠡᠷᠬᠦᠦ︶ ᠤᠤᠭᠤᠬᠤ ᠤᠰᠤᠨ ᠤ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢ ᠴᠢᠩᠭᠠᠳᠬᠠᠵᠤ᠂ ᠤᠤᠭᠤᠬᠤ ᠤᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠬᠥᠬᠡᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ 2019 ᠣᠨ ᠳᠤ ᠪᠦᠬᠦ ᠬᠤᠲᠠ ᠶᠢᠨ ᠰᠢᠶᠠᠩ ᠪᠠᠯᠭᠠᠰᠤ ᠵᠢᠴᠢ ᠲᠡᠭᠦᠨ ᠠᠴᠠ ᠲᠤᠷᠤᠬᠰᠢᠭᠢ ᠤᠰᠤᠨ ᠤ ᠰᠤᠷᠪᠤᠯᠵᠢ ᠶᠢᠨ ᠣᠷᠣᠨ ᠤ ᠪᠠᠶᠢᠴᠠᠭᠠᠯᠲᠠ ᠶᠢ ᠥᠷᠨᠢᠭᠦᠯᠵᠦ᠂ ᠤᠰᠤᠨ ᠰᠤᠷᠪᠤᠯᠵᠢ ᠶᠢᠨ ᠣᠷᠣᠨ ᠤ ᠨᠠᠷᠢᠨ ᠳᠠᠩᠰᠠ ᠶᠢ ᠪᠠᠶᠢᠭᠤᠯᠵᠠᠢ᠃ ᠤᠳᠣᠬᠠᠠ ᠳᠤ᠂ ᠨᠢᠭᠡᠨᠲᠡ ᠬᠤᠲᠠ ᠲᠣᠭᠤᠷᠢᠭ᠂ ᠬᠤᠰᠢᠭᠤ ᠰᠢᠶᠠᠨ᠂ ᠰᠢᠶᠠᠩ ᠪᠠᠯᠭᠠᠰᠤ᠂ ᠬᠥᠳᠡᠭᠡ ᠲᠣᠰᠬᠤᠨ ᠲᠥᠷᠪᠠᠠ ᠱᠠᠲᠤᠨ ᠤ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠤᠷᠣᠠ ᠢ ᠵᠠᠭᠠᠭᠯᠠᠨ ᠲᠣᠭᠲᠠᠭᠠᠬᠤ ᠠᠵᠢᠯ ᠢᠶᠠᠨ ᠪᠠᠶᠠᠯᠠᠭᠦᠯᠪᠠ᠃      ᠬᠥᠬᠡᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠱᠠᠲᠤ ᠬᠤᠪᠢᠶᠠᠨ ᠲᠥᠷᠥᠯ ᠬᠤᠪᠢᠶᠠᠬᠤ ᠵᠠᠷᠴᠢᠮ ᠶᠣᠰᠣᠭᠠᠷ᠂ ᠵᠢᠯ ᠳᠠᠷᠠᠭᠠᠯᠠᠨ ᠬᠤᠲᠠ ᠪᠠ ᠰᠢᠶᠠᠨ ᠤ ᠱᠠᠲᠤᠨ ᠤ ᠬᠤᠲᠠ ᠪᠠᠯᠭᠠᠰᠤ ᠵᠢᠴᠢ ᠲᠡᠭᠦᠨ ᠠᠴᠠ ᠳᠣᠷᠣᠭᠰᠢᠬᠢ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠰᠤᠷᠪᠤᠯᠵᠢ ᠶᠢᠨ ᠣᠷᠣᠨ ᠤ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠣᠷᠣᠨ ᠤ 23.2 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠯᠭ᠎ᠠ ᠵᠢᠴᠢ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠣᠷᠣᠨ ᠤ 132 ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠥᠷᠥᠯ ᠬᠤᠪᠢᠶᠠᠨ ᠡᠮᠬᠢᠯᠡᠨ ᠲᠢᠭᠯᠡᠭᠰᠡᠨ ᠮᠥᠷᠲᠡᠭᠡᠨ ᠴᠡᠭᠴᠡᠯᠡᠨ ᠵᠠᠰᠠᠬᠤ ᠡᠭᠦᠷᠭᠡ ᠪᠠᠨ ᠬᠤᠰᠢᠭᠤ ᠰᠢᠶᠠᠨ ᠲᠣᠭᠤᠷᠢᠭ ᠲᠤ ᠱᠠᠲᠤ ᠬᠤᠪᠢᠶᠠᠨ ᠲᠣᠬᠢᠷᠠᠭᠤᠯᠵᠤ᠂ ᠬᠤᠲᠠ ᠶᠢᠨ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠶᠡᠷᠦᠩᠬᠡᠶᠢᠯᠡᠭᠰᠡᠨ ᠠᠵᠢᠯ ᠢᠶᠠᠨ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠵᠢ᠃ ᠤᠳᠤᠬᠠᠨ ᠳᠤ᠂ ᠬᠠᠲᠤᠨ ᠭᠤᠣᠯ ᠤᠨ ᠫᠦ᠋ ᠲᠠᠨ ᠭᠤᠸᠠᠢ ᠶᠢᠨ ᠤᠰᠤᠨ ᠰᠤᠷᠪᠤᠯᠵᠢ᠂ ᠬᠤᠲᠠ ᠲᠣᠭᠤᠷᠢᠭ ᠤᠨ ᠭᠠᠵᠠᠷ ᠳᠣᠣᠷᠠᠬᠢ ᠤᠰᠤᠨ ᠰᠤᠷᠪᠤᠯᠵᠢ᠂ ᠬᠠᠷᠠᠴᠢᠨ ᠤᠰᠤᠨ ᠴᠥᠭᠦᠷᠥᠮ ᠤᠨ ᠤᠰᠤᠨ ᠰᠤᠷᠪᠤᠯᠵᠢ ᠶᠢᠨ ᠳᠦᠷᠢᠮᠵᠢᠭᠰᠡᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠲᠥᠷᠥᠯ ᠤᠨ ᠵᠠᠭᠠᠭ ᠤᠨ ᠫᠠᠶᠢᠰᠠ᠂ ᠵᠠᠮ ᠬᠠᠷᠢᠯᠴᠠᠭᠠᠨ ᠤ ᠰᠡᠷᠡᠮᠵᠢ ᠶᠢᠨ ᠫᠠᠶᠢᠰᠠ᠂ ᠤᠬᠠᠭᠤᠯᠭ᠎ᠠ ᠶᠢᠨ ᠫᠠᠶᠢᠰᠠ ᠵᠡᠷᠭᠡ ᠶᠢ 300 ᠭᠠᠷᠤᠢ ᠲᠣᠬᠢᠷᠠᠭᠤᠯᠵᠤ᠂ ᠬᠠᠮᠠᠭᠠᠯᠠᠯᠲᠠ ᠶᠢᠨ ᠣᠷᠣᠨ ᠤ ᠬᠦᠷᠢᠶ᠎ᠡ ᠶᠢ 15.2 ᠮᠢᠩᠭᠠᠨ ᠮᠧᠲᠷ ᠪᠠᠶᠢᠭᠤᠯᠵᠤ᠂ ᠬᠠᠮᠠᠭᠠᠯᠠᠯᠲᠠ ᠶᠢᠨ ᠣᠷᠣᠨ ᠳᠤ ᠭᠠᠴᠤᠷ᠎ᠠ᠂ ᠨᠠᠷᠠᠰᠤ᠂ ᠤᠳᠠ ᠮᠣᠳᠣ ᠵᠡᠷᠭᠡ ᠡᠯ᠎ᠡ ᠲᠥᠷᠥᠯ ᠤᠨ ᠮᠣᠳᠣ 9000 ᠰᠠᠭᠤᠷᠢ ᠲᠠᠷᠢᠵᠦ᠂ ᠤᠤᠭᠤᠬᠤ ᠤᠰᠤᠨ ᠤ ᠰᠤᠷᠪᠤᠯᠵᠢ ᠶᠢᠨ ᠣᠷᠣᠨ ᠤ ᠬᠢᠨᠠᠨ ᠬᠠᠮᠢᠶᠠᠷᠤᠯᠲᠠ ᠶᠢᠨ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠡᠢ᠃      ᠡᠨᠡ ᠵᠢᠯ᠂ ᠬᠥᠬᠡᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠡᠯ᠎ᠡ ᠬᠤᠰᠢᠭᠤ ᠰᠢᠶᠠᠨ ᠲᠣᠭᠤᠷᠢᠭ ᠲᠤ ᠤᠰᠤᠨ ᠰᠤᠷᠪᠤᠯᠵᠢ ᠶᠢᠨ ᠣᠷᠣᠨ ᠤ ᠣᠳᠣᠬᠢ ᠪᠠᠶᠢᠳᠠᠯ ᠤᠨ ᠪᠠᠶᠢᠴᠠᠭᠠᠯᠲᠠ ᠬᠢᠵᠦ᠂ ᠴᠠᠭ ᠲᠤᠬᠠᠢ  ᠳᠤᠨᠢ ᠠᠰᠠᠭᠤᠳᠠᠯ ᠢ ᠡᠮᠬᠢᠯᠡᠨ ᠭᠠᠷᠭᠠᠬᠤ ᠶᠢᠨ ᠬᠠᠮᠲᠤ ᠬᠠᠮᠢᠶ᠎ᠠ ᠪᠦᠬᠦᠢ ᠬᠤᠰᠢᠭᠤ ᠰᠢᠶᠠᠨ ᠲᠣᠭᠤᠷᠢᠭ ᠲᠤ ᠴᠡᠭᠴᠡᠯᠡᠨ ᠵᠠᠰᠠᠯᠲᠠ ᠬᠢᠵᠦ᠂ ᠤᠰᠤᠨ ᠰᠤᠷᠪᠤᠯᠵᠢ ᠶᠢᠨ ᠣᠷᠣᠨ ᠤ ᠵᠢᠷᠤᠮᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠲᠥᠯᠣᠪᠯᠡᠭᠡ ᠪᠠᠷ᠂ ᠬᠦᠬᠡᠬᠤᠳᠠ ᠡᠨᠡ ᠵᠢᠯ ᠤᠨ 6 ᠰᠠᠷ᠎ᠠ ᠶᠢᠨ ᠰᠡᠭᠦᠯᠴᠢ ᠠᠴᠠ ᠡᠮᠦᠨ᠎ᠡ᠂ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢᠶᠠᠨ ᠰᠢᠯᠢᠳᠡᠭᠵᠢᠭᠦᠯᠦᠨ ᠲᠣᠬᠢᠷᠠᠭᠤᠯᠵᠤ᠂ ᠵᠢᠯ ᠤᠨ ᠡᠴᠦᠰ ᠠᠴᠠ ᠡᠮᠦᠨ᠎ᠡ᠂ ᠬᠤᠰᠢᠭᠤ ᠰᠢᠶᠠᠨ ᠪᠠᠯᠭᠠᠰᠤᠨ ᠤ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠪᠣᠯᠣᠨ ᠵᠢᠷᠤᠮᠵᠢᠭᠰᠠᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号