ᠬᠦᠬᠡᠬᠤᠳᠠ ᠳᠤ ︽ᠰᠠᠨ ᠫᠠᠩ ᠳ᠋ᠠᠨ︾ ᠲᠦᠷᠦᠯ ᠲᠡᠮᠳᠡᠭᠳᠤ ᠪᠦᠳᠦᠭᠡᠭᠳᠡᠭᠦᠨ ᠢ ᠪᠡᠶᠡᠴᠢᠯᠡᠨ ᠤᠢᠢᠯᠠᠭᠠᠬᠤ ᠲᠡᠯᠭᠡᠭᠦᠷ ᠲᠠᠢ ᠪᠣᠯᠣᠯ᠎ᠠ
ᠨᠡᠶᠢᠲᠡᠯᠡᠭᠰᠡᠨ ᠴᠠᠭ᠄
2020-06-15
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠤᠤ ᠨᠠᠷᠠᠨᠲᠤᠶᠠᠭ᠎ᠠ︶ ᠲᠦᠷᠦᠬᠦᠭᠡᠨ᠂ ︽ᠰᠠᠨ ᠫᠠᠩ ᠳ᠋ᠠᠨ︾ ᠦᠪᠦᠷ ᠮᠣᠩᠭᠤᠯ ᠤᠨ ᠪᠡᠶᠡᠴᠢᠯᠡᠨ ᠤᠢᠢᠯᠠᠭᠠᠬᠤ ᠳᠡᠯᠭᠡᠭᠦᠷ ᠤᠨ ᠨᠡᠭᠡᠭᠡᠯᠳᠡ ᠶᠢᠨ ᠶᠤᠰᠤᠯᠠᠯ ᠬᠦᠬᠡᠬᠤᠳᠠ ᠳᠤ ᠶᠠᠪᠤᠭᠳᠠᠵᠤ᠂ ᠪᠤᠷᠤᠳᠤᠬᠤᠢ ᠤᠷᠤᠨ ᠤ ᠡᠨᠡ ᠬᠦ ᠨᠡᠷᠡᠳᠦ ᠳᠡᠮᠳᠡᠭᠳᠦ ᠰᠢᠯᠢᠳᠡᠭ ᠪᠦᠳᠦᠬᠡᠭᠳᠡᠬᠦᠨ ᠤ ᠨᠢᠭᠡ ᠮᠦᠬᠦᠯᠢᠭ ᠭᠤᠸᠠ ᠶᠢᠨ ᠦᠷ᠎ᠡ ᠪᠠᠷ ᠵᠠᠬ᠎ᠠ ᠲᠡᠯᠭᠡᠭᠦᠷ ᠨᠡᠭᠡᠭᠡᠭᠰᠡᠨ ᠦᠯᠢᠭᠡᠷ ᠢ ᠬᠦᠷᠦᠭᠰᠡᠨ ᠪᠤᠯᠭᠠᠨ ᠳᠤ ᠬᠦᠦᠷᠨᠢᠵᠦ ᠪᠠᠶᠢᠯ᠎ᠠ᠃      ᠣᠶᠢᠯᠠᠭᠠᠭᠰᠠᠨ ᠢᠶᠠᠷ᠂ ︽ᠰᠠᠨ ᠫᠠᠩ ᠳ᠋ᠠᠨ︾ ᠢᠳᠡᠭᠡᠨ ᠤ ᠬᠢᠵᠠᠭᠠᠷᠳᠤ ᠺᠤᠮᠫᠠᠨᠢ 2010 ᠣᠨ ᠳᠤ ᠪᠠᠶᠢᠭᠤᠯᠤᠭᠳᠠᠵᠤ᠂ ᠲᠠᠷᠢᠶᠠᠯᠠᠩ ᠢᠶᠠᠷ ᠭᠤᠤᠯ ᠪᠤᠯᠭᠠᠵᠤ ᠤᠯᠠᠨ ᠡᠰᠢᠵᠢᠭᠦᠯᠦᠨ ᠬᠦᠭᠵᠢᠭᠦᠯᠦᠭᠰᠡᠨ ᠠᠷᠠᠳ ᠤᠨ ᠡᠵᠡᠩᠨᠡᠯᠳᠡ ᠶᠢᠨ ᠠᠵᠤ ᠠᠬᠤᠢᠢᠯᠠᠯ ᠪᠣᠯᠣᠨ᠎ᠠ᠂ ᠬᠦᠭᠵᠢᠯᠳᠡ ᠶᠢᠨ ᠶᠠᠪᠤᠴᠠ ᠳᠠᠭᠠᠨ ᠺᠤᠮᠫᠠᠨᠢ ᠨᠢ ᠲᠤᠰ ᠪᠡᠶ᠎ᠡ ᠶᠢᠨ ᠡᠬᠢ ᠪᠠᠶᠠᠯᠢᠭ ᠪᠤᠯᠤᠨ ᠲᠠᠪᠠᠭᠤᠯᠢᠭ ᠲᠠᠭᠠᠨ ᠰᠠᠭᠤᠷᠢᠯᠠᠵᠤ᠂ ᠰᠢᠨ᠎ᠡ ᠠᠵᠤ ᠦᠢᠯᠡᠰ ᠪᠤᠯᠤᠨ ᠬᠦᠷᠢᠶ᠎ᠡ ᠴᠠᠷᠠᠭ᠎ᠠ ᠶᠢ ᠲᠠᠰᠤᠷᠠᠯᠳᠠ ᠦᠭᠡᠢ ᠨᠡᠭᠡᠭᠡᠨ ᠬᠦᠭᠵᠢᠭᠦᠯᠵᠦ᠂ ᠦᠷ᠎ᠡ ᠶᠢ ᠰᠤᠳᠤᠯᠤᠨ ᠨᠡᠭᠡᠭᠡᠬᠦ᠂ ᠲᠤᠷᠰᠢᠬᠤ᠂ ᠲᠡᠯᠭᠡᠷᠡᠭᠦᠯᠬᠦ᠂ ᠲᠠᠷᠢᠬᠤ᠂ ᠪᠤᠷᠤᠯᠠᠭᠤᠯᠬᠤ ᠠᠴᠠ ᠲᠦᠭᠦᠬᠡᠢ ᠮᠠᠲ᠋ᠧᠷᠢᠶᠠᠯ ᠢ ᠬᠤᠷᠢᠶᠠᠨ ᠬᠠᠳᠠᠭᠠᠯᠠᠬᠤ᠂ ᠲᠡᠰ ᠬᠤᠪᠢᠶᠠᠬᠤ᠂ ᠨᠠᠷᠢᠯᠢᠭ ᠪᠤᠯᠪᠠᠰᠤᠷᠠᠭᠤᠯᠬᠤ᠂ ᠪᠤᠷᠤᠯᠠᠭᠤᠯᠬᠤ ᠵᠢᠴᠢ ᠲᠦᠷᠦᠯ ᠲᠡᠮᠳᠡᠭᠳᠤ ᠶᠢ ᠲᠡᠯᠭᠡᠷᠡᠭᠦᠯᠬᠦ ᠬᠦᠷᠳᠡᠯᠡᠬᠢ ᠪᠦᠬᠦ ᠠᠵᠤ ᠦᠢᠯᠡᠰ  ᠤᠨ ᠬᠡᠯᠬᠢᠶ᠎ᠡ ᠶᠢ ᠪᠦᠷᠢᠯᠳᠦᠭᠦᠯᠵᠡᠢ᠃      ︽ᠰᠠᠨ ᠫᠠᠩ ᠳ᠋ᠠᠨ︾ ᠨᠢ ᠦᠪᠦᠷ ᠮᠣᠩᠭᠤᠯ ᠤᠨ ᠤᠨᠴᠠ ᠭᠠᠷᠤᠯᠳᠠ ᠶᠢᠨ ᠲᠦᠷᠦᠯ ᠲᠡᠮᠳᠡᠭᠳᠤ ᠪᠤᠯᠤᠭᠰᠠᠨ  ᠤ ᠬᠤᠪᠢ ᠳᠤ᠂ ᠤᠯᠠᠨ ᠵᠢᠯ ᠤᠨ ᠲᠤᠷᠰᠢ ︽ᠠᠷᠪᠠᠨ ᠵᠢᠩ ᠭᠤᠸᠠ ᠶᠢᠨ ᠦᠷ᠎ᠡ ᠠᠴᠠ ᠬᠤᠶᠠᠷ ᠯᠠᠩ ᠢ ᠰᠤᠩᠭᠤᠬᠤ ︾ ᠣᠶᠢᠯᠠᠭᠠᠭᠳᠠᠬᠤᠨ ᠢ ᠪᠠᠷᠢᠮᠳᠠᠯᠠᠵᠤ᠂ ᠰᠠᠶᠢᠨ ᠦᠨᠡᠯᠡᠯᠲᠡ ᠶᠢᠨ ᠨᠣᠷᠮ᠎ᠠ 98% ᠶᠢ ᠲᠠᠪᠠᠵᠤ᠂ ᠲᠠᠬᠢᠨ ᠬᠤᠳᠠᠯᠳᠤᠨ ᠠᠪᠬᠤ ᠨᠣᠷᠮ᠎ᠠ 85% ᠶᠢ ᠲᠠᠪᠠᠵᠠᠢ᠃ ᠡᠨᠡ ᠭᠦ ᠴᠢᠨᠠᠷ ᠴᠢᠨᠰᠠᠭ᠎ᠠ ᠪᠠᠷ ᠢᠶᠠᠨ ᠠᠩᠬᠠᠳᠠᠭᠴᠢ ᠪᠦᠯᠦᠭ  ᠤᠨ ︽ᠲᠡᠭᠷᠢ ᠶᠢᠨ ᠬᠡᠰᠢᠭᠳᠦ ᠪᠤᠷᠤᠳᠤᠬᠤᠢ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠭᠦᠨ ᠤ ᠤᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭᠳᠤ ᠠᠵᠤ ᠠᠬᠤᠢᠢᠯᠠᠯ ᠢᠶᠠᠷ ᠰᠤᠩᠭᠤᠭᠳᠠᠵᠤ᠂ ᠺᠣᠮᠫᠠᠨᠢ ᠶᠢᠨ ᠤᠨᠴᠠ ᠭᠠᠷᠤᠯᠳᠠ ᠭᠤᠸᠠ ᠶᠢᠨ ᠦᠷ᠎ᠡ ᠨᠢ ᠤᠯᠠᠮ ᠶᠡᠭᠡ ᠵᠠᠬ᠎ᠠ ᠲᠡᠯᠭᠡᠭᠦᠷ ᠲᠠᠢ ᠪᠤᠯᠵᠠᠢ᠃      ᠲᠡᠯᠭᠡᠭᠦᠷ ᠤᠨ ᠨᠡᠭᠡᠭᠡᠯᠳᠡ ᠶᠢᠨ ᠶᠣᠰᠣᠯᠠᠯ ᠤᠨ ᠠᠬᠤᠢ ᠲᠠᠯᠠᠪᠠᠢ ᠳᠤ 100 ᠲᠦᠮᠡᠨ ᠲᠦᠭᠦᠷᠢᠭ ᠤᠨ ᠵᠠᠬᠢᠶᠠᠯᠠᠭ᠎ᠠ ᠶᠢᠨ ᠭᠡᠷ᠎ᠡ ᠲᠤᠭᠳᠠᠪᠠ᠃ ︽ᠰᠠᠨ ᠫᠠᠩ ᠳ᠋ᠠᠨ︾ ᠺᠣᠮᠫᠠᠨᠢ ᠨᠢ ᠪᠠᠰᠠ ᠥᠪᠥᠷ ᠮᠣᠩᠭᠤᠯ ᠤᠨ ᠠᠭᠠᠷ ᠤᠨ ᠠᠶᠠᠯᠠᠯ ᠤᠨ ᠪᠦᠯᠦᠭᠯᠡᠯ ᠤᠨ ᠨᠢᠰᠬᠡᠯ ᠤᠨ ᠪᠠᠭᠤᠳᠠᠯ ᠤᠨ ᠬᠢᠵᠠᠭᠠᠷᠳᠤ ᠺᠤᠮᠫᠠᠨᠢ ᠲᠠᠢ ᠬᠠᠮᠳᠤᠷᠠᠨ ᠠᠵᠢᠯᠯᠠᠬᠤ ᠬᠡᠯᠡᠯᠴᠡᠭᠡᠷ ᠲᠤᠭᠳᠠᠵᠤ᠂ ᠭᠤᠷᠪᠠᠨ ᠵᠢᠯ ᠤᠨ ᠳᠣᠲᠣᠷ᠎ᠠ᠂ ᠦᠪᠦᠷ ᠮᠣᠩᠭᠤᠯ ᠤᠨ ᠪᠦᠬᠦ ᠤᠷᠤᠨ ᠤ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠳᠤ ᠬᠤᠰᠢᠭᠤᠴᠢ ᠳᠡᠯᠭᠡᠭᠦᠷ ᠨᠡᠭᠡᠭᠡᠵᠦ᠂ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠪᠦᠬᠦᠨ ᠳᠤ ᠬᠤᠰᠢᠭᠤᠴᠢ ᠲᠡᠯᠭᠡᠭᠦᠷ ᠲᠠᠢ ᠪᠤᠯᠬᠤ ᠶᠢ ᠪᠡᠶᠡᠯᠡᠭᠦᠯᠬᠦ ᠪᠠᠷ ᠪᠤᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号