ᠵᠠᠩ ᠪᠠᠢ ᠴᠧᠩ ᠡᠷᠬᠢᠯᠡᠵᠦ ᠯᠥᠸᠧ ᠴᠢᠩ ᠣᠷᠣᠯᠴᠠᠪᠠ | ︵ᠰᠤᠷᠪᠤᠯᠵᠢᠯᠠᠭᠴᠢ ᠶᠦᠨ ᠶᠠᠨ ᠹᠠᠩ︶ 6 ᠳ᠋ᠤᠭᠠᠷ ᠰᠠᠷ᠎ᠠ ᠶᠢᠨ 14 ᠤ ᠡᠳᠦᠷ᠂ ᠬᠤᠲᠠ ᠶᠢᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ 42 ᠳ᠋ᠤᠭᠠᠷ | ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠬᠤᠲᠠ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠪᠠ᠃ ᠬᠤᠲᠠ ᠶᠢᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠵᠠᠩ ᠪᠠᠢ ᠴᠧᠩ ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠬᠡᠪᠰᠢᠭᠰᠡᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠴᠠᠭ ᠢᠮᠠᠭᠲᠠ ᠲᠠᠷᠢᠬᠢ ᠲᠣᠯᠣᠭᠠᠢ ᠰᠡᠷᠭᠡᠭ ᠪᠠᠶᠢᠵᠤ᠂ | ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠬᠦ ᠬᠡᠷᠡᠭᠲᠡᠢ᠃ ᠣᠷᠴᠢᠮ᠂ ᠪᠡᠭᠡᠵᠢᠩ ᠳᠤ ᠣᠨᠣᠰᠢᠯᠠᠭᠰᠠᠨ ᠡᠪᠡᠳᠴᠢᠨ ᠤ | ᠵᠢᠱᠢᠶ᠎ᠡ ᠪᠠ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ ᠡᠪᠡᠳᠴᠢᠨ ᠤ ᠵᠢᠱᠢᠶ᠎ᠡ ᠵᠠᠯᠭᠠᠭ᠎ᠠ ᠪᠠᠷ | ᠭᠠᠷᠴᠤ᠂ ᠪᠢᠳᠠᠨ ᠳᠤ ᠲᠠᠬᠢᠨ ᠨᠢᠭᠡ ᠤᠳᠠᠭ᠎ᠠ ᠰᠡᠷᠡᠮᠵᠢ ᠶᠢᠨ ᠬᠤᠩᠬᠤ ᠳᠤᠤᠭᠠᠷᠭᠠᠪᠠ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠬᠠᠷᠢᠶ᠎ᠠ ᠭᠠᠵᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠰᠠᠯᠠᠭ᠎ᠠ ᠮᠥᠴᠢᠷ ᠤᠨ | ᠭᠤᠣᠯᠯᠠᠨ ᠬᠠᠮᠢᠶᠠᠷᠬᠤ ᠬᠠᠷᠢᠭᠤᠴᠠᠯᠭ᠎ᠠ ᠪᠠᠨ ᠡᠷᠡᠰ ᠨᠠᠶᠢᠳᠠᠪᠤᠷᠢᠵᠢᠭᠤᠯᠵᠤ᠂ ᠪᠡᠭᠡᠵᠢᠩ ᠤᠨ ᠭᠤᠣᠯᠳᠠᠯᠭ᠎ᠠ ᠲᠠᠢ ᠭᠠᠵᠠᠷ | ᠣᠷᠣᠨ ᠠᠴᠠ ᠢᠷᠡᠭᠰᠡᠨ ᠬᠥᠮᠥᠨ ᠵᠢᠴᠢ ᠡᠳ᠋ ᠪᠠᠷᠠᠭ᠎ᠠ ᠶᠢ ᠬᠠᠮᠢᠶᠠᠷᠤᠨ ᠡᠵᠡᠮᠳᠡᠬᠦ ᠪᠠ ᠪᠠᠶᠢᠴᠠᠭᠠᠬᠤ ᠬᠦᠴᠦᠯᠡᠴᠡ ᠪᠠᠨ | ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠵᠦᠢᠯ ᠤᠨ ᠬᠡᠪᠰᠢᠭᠰᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠪᠣᠳᠠᠲᠠᠢ ᠳᠤ ᠦᠨᠡᠨ ᠬᠦ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ | ᠶᠣᠰᠣᠭᠠᠷ᠂ ᠮᠠᠨ ᠤ ᠬᠤᠲᠠ ᠶᠢᠨ ᠪᠡᠭᠡᠵᠢᠩ ᠤᠨ ᠬᠢᠵᠢᠭ ᠤᠨ ᠪᠠᠶᠢᠳᠠᠯ ᠤᠨ ᠭᠡᠨᠡᠳᠲᠡ ᠶᠢᠨ ᠤᠴᠢᠷ ᠢ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠳᠠᠷᠤᠢ ᠲᠦᠷᠭᠡᠨ ᠲᠣᠭᠲᠠᠭᠠᠨ ᠨᠡᠶᠢᠲᠡᠯᠡᠵᠦ᠂ ᠬᠡᠪᠰᠢᠭᠰᠡᠨ ᠰᠡᠷᠭᠡᠶᠢᠯᠡᠨ ᠡᠵᠡᠮᠳᠡᠬᠦ ᠲᠣᠭᠲᠠᠴᠠ ᠶᠢ | ᠲᠡᠭᠦᠯᠳᠡᠷᠵᠢᠭᠦᠯᠦᠨ᠂ ᠲᠤᠬᠠᠢ ᠶᠢᠨ ᠭᠠᠵᠠᠷ ᠤᠨ ᠡᠪᠡᠳᠴᠢᠲᠡᠨ ᠤ ᠵᠢᠱᠢᠶ᠎ᠡ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ︔ | ᠨᠡᠶᠢᠭᠡᠮ ᠲᠣᠭᠤᠷᠢᠭ᠂ ᠲᠠᠷᠢᠶᠠᠯᠠᠩ ᠤᠨ ᠠᠷᠠᠯᠵᠢᠶ᠎ᠠ ᠬᠤᠳᠠᠯᠳᠤᠭᠠᠨ ᠤ ᠵᠠᠬ᠎ᠠ ᠳᠡᠯᠭᠡᠭᠦᠷ᠂ ᠡᠮᠴᠢᠯᠡᠭᠡ ᠶᠢᠨ ᠪᠠᠶᠢᠭᠤᠯᠤᠮᠵᠢ᠂ | ᠰᠤᠷᠭᠠᠭᠤᠯᠢ ᠵᠡᠷᠭᠡ ᠭᠤᠣᠯᠳᠠᠯᠭ᠎ᠠ ᠲᠠᠢ ᠣᠷᠣᠨ ᠢ ᠬᠠᠮᠢᠶᠠᠷᠤᠨ ᠡᠵᠡᠮᠳᠡᠬᠦ ᠶᠢ ᠳᠣᠪᠣᠶᠢᠯᠭᠠᠨ ᠠᠳᠬᠤᠵᠤ᠂ ᠵᠢᠭᠰᠠᠭᠠᠨ | ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠡᠭᠦᠰᠬᠦ ᠲᠦᠭᠰᠢᠭᠦᠷᠢ ᠶᠢ ᠦᠨᠡᠨ ᠬᠦ ᠦᠭᠡᠶᠢᠰᠬᠡᠨ᠂ | ᠲᠥᠪ ᠬᠤᠲᠠ ᠶᠢᠨ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠢ | ᠬᠦᠴᠦᠲᠡᠢ ᠪᠠᠲᠤᠯᠠᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠤᠭᠯᠠᠭ᠎ᠠ | ᠮᠠᠶᠢᠮᠠᠢ᠂ ᠳᠡᠯᠭᠡᠭᠡ ᠮᠠᠶᠢᠮᠠᠢ ᠶᠢᠨ ᠡᠵᠡᠩᠨᠡᠯᠲᠡ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠡᠵᠡᠩᠨᠡᠯᠲᠡ ᠶᠢᠨ | ᠣᠷᠣᠨ ᠪᠦᠰᠡ ᠶᠢ ᠴᠢᠩᠭ᠎ᠠ ᠵᠢᠷᠤᠮᠵᠢᠭᠤᠯᠵᠤ᠂ ᠳᠡᠯᠭᠡᠭᠡ ᠮᠠᠶᠢᠮᠠᠢ ᠶᠢᠨ ᠡᠭᠦᠰᠬᠡᠭᠰᠡᠨ ᠬᠤᠭ ᠨᠣᠪᠰᠢ ᠶᠢᠨ ᠪᠣᠬᠢᠷᠲᠤᠯ᠂ | ᠳᠠᠭᠤ ᠱᠤᠤᠭᠢᠶᠠᠨ᠂ ᠵᠠᠮ ᠬᠠᠷᠢᠯᠴᠠᠭ᠎ᠠ ᠶᠢ ᠨᠥᠯᠥᠭᠡᠯᠡᠬᠦ ᠵᠡᠷᠭᠡ ᠠᠰᠠᠭᠤᠳᠠᠯ ᠢ ᠰᠠᠶᠢᠬᠠᠨ ᠰᠢᠢᠳᠪᠦᠷᠢᠯᠡᠬᠦ ᠬᠡᠷᠡᠭᠲᠡᠢ᠃ | ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠡᠷᠴᠢᠮᠯᠡᠵᠦ᠂ ᠬᠦᠨᠳᠦ ᠶᠡᠭᠡ ᠠᠶᠤᠯᠭᠦᠢ | ᠦᠢᠯᠡᠳᠪᠦᠷᠢᠯᠡᠯ ᠤᠨ ᠠᠳᠡᠯ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠪᠡ᠃ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠡᠳ᠋ ᠳᠠᠷᠤᠭ᠎ᠠ᠂ ᠬᠤᠷᠢᠨᠭᠡᠷ ᠰᠢᠨ᠎ᠡ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠥᠸᠧ ᠴᠢᠩ ᠵᠡᠷᠭᠡ ᠵᠢᠯᠣᠭᠤᠳᠬᠤ ᠭᠠᠵᠠᠷ ᠤᠨ ᠭᠡᠰᠢᠭᠦᠳ | ᠵᠢᠴᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ |