ᠶᠦᠨ ᠬᠠᠢ ᠦᠴᠤᠸᠠᠨ ᠰᠢᠶᠠᠨ ᠤ ᠬᠡᠰᠡᠭ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2020-06-16
     ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠶ ᠰᠢᠶᠠᠨ ᠤ ᠳᠣᠲᠣᠷᠠᠬᠢ ᠬᠡᠰᠡᠭ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠰᠢᠮᠳᠠᠭᠤᠯᠤᠨ ᠵᠢᠯᠣᠭᠤᠳᠪᠠ᠃ ᠰᠢᠶᠠᠨ ᠤ ᠤᠳᠤᠷᠢᠳᠤᠯᠭ᠎ᠠ ᠫᠧᠩ ᠱᠤᠤ ᠴᠥᠩ᠂ ᠵᠠᠩ ᠬᠠᠢ ᠲᠤᠤ᠂ ᠪᠠᠲᠤ ᠵᠢᠴᠢ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠦ ᠰᠢᠮᠳᠠᠭᠤᠯᠤᠨ ᠵᠢᠯᠣᠭᠤᠳᠪᠠ᠃      ᠶᠦᠨ ᠬᠠᠢ ᠨᠠᠷ ᠤᠷᠢᠳ ᠬᠤᠵᠢᠳ ᠳᠠᠯᠠᠨ ᠬᠠᠷ᠎ᠠ ᠠᠭᠤᠯᠠ ᠰᠢᠶᠠᠩ ᠤᠨ ᠲᠠᠯ᠎ᠠ ᠨᠤᠲᠤᠭ ᠤᠨ ᠬᠠᠷ᠎ᠠ ᠶᠠᠰᠤᠲᠤ ᠬᠤᠨᠢ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠠᠨ ᠬᠥ᠋ ᠹᠠᠩ ᠠᠮᠢ ᠠᠬᠤᠶ ᠶᠢᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠣᠯᠤᠨ ᠰᠢᠨ᠎ᠡ ᠪᠠᠷ  ᠣᠷᠤᠭᠤᠯᠤᠭᠰᠠᠨ ᠵᠦᠸᠧᠽᠢ ᠱᠠᠨ ᠤ ᠵᠠᠩ ᠶᠢᠨ ᠲᠤᠤ ᠤᠲᠤᠮᠠᠯ ᠳᠠᠬᠢᠶ᠎ᠠ ᠶᠢᠨ ᠦᠴᠤᠸᠠᠨ ᠰᠢᠶᠠᠨ ᠤ ᠰᠠᠭᠤᠷᠢᠨ ᠭᠠᠵᠠᠷ ᠲᠤ ᠭᠦᠨᠵᠡᠭᠡᠶᠢᠷᠡᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠪᠴᠢᠶ᠎ᠡ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠭᠠᠬᠤ ᠶᠢᠨ ᠬᠠᠮᠲᠤ ᠠᠵᠤ ᠠᠬᠤᠶᠢᠯᠠᠯ ᠤᠨ ᠬᠥᠭᠵᠢᠯᠲᠡ ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠪᠤᠳᠠᠲᠠᠢ ᠬᠦᠴᠢᠷᠳᠡᠯ ᠢ ᠰᠢᠢᠳᠪᠦᠷᠢᠯᠡᠪᠡ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠶᠦᠨ ᠬᠠᠢ ᠱᠠᠭᠠᠷᠳᠠᠭᠰᠠᠨ ᠨᠢ᠂ ᠬᠠᠷ᠎ᠠ ᠶᠠᠰᠤᠲᠤ ᠬᠤᠨᠢ ᠶᠢ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠬᠦ ᠶᠢ ᠳᠡᠮᠵᠢᠬᠦ ᠡᠷᠴᠢᠮ ᠢᠶᠠᠨ ᠨᠡᠮᠡᠭᠳᠡᠭᠦᠯᠵᠦ᠂ ᠬᠢᠨᠠᠨ ᠲᠣᠭᠲᠠᠭᠠᠬᠤ ᠲᠥᠪ ᠤᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠭᠦᠨ ᠤ ᠬᠠᠮᠲᠤ ᠪᠦᠬᠦ ᠬᠤᠲᠠ ᠳᠤ ᠬᠦᠴᠦᠯᠡᠨ  ᠳᠡᠯᠭᠡᠷᠡᠭᠦᠯᠬᠦ ᠬᠡᠷᠡᠭᠲᠡᠢ᠃ ᠥᠪᠥᠷ ᠮᠣᠩᠭᠤᠯ ᠤᠨ ᠶᠠᠨ ᠬᠥ᠋ ᠹᠠᠩ ᠠᠮᠢ ᠠᠬᠤᠢ ᠶᠢᠨ ᠲᠠᠷᠢᠶᠠᠯᠠᠩ ᠤᠨ ᠬᠥᠭᠵᠢᠯᠲᠡ ︵ᠪᠦᠯᠦᠭᠯᠡᠯ︶ ᠶᠢᠨ ᠬᠢᠵᠠᠭᠠᠷᠲᠤ ᠺᠣᠮᠫᠠᠨᠢ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ 8 ᠳ᠋ᠤᠭᠠᠷ ᠰᠠᠷ᠎ᠠ ᠶᠢᠨ ᠡᠬᠢ ᠪᠠᠷ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠵᠠᠩ ᠶᠢᠨ ᠲᠤᠤ ᠤᠲᠤᠮᠠᠯ ᠳᠠᠬᠢᠶ᠎ᠠ ᠲᠡᠵᠢᠭᠡᠪᠦᠷᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠬᠤ ᠪᠠᠷ ᠪᠠᠷᠠᠬᠤ ᠦᠭᠡᠢ᠂ ᠪᠠᠰᠠ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠵᠦ᠂ ᠲᠡᠵᠢᠭᠡᠨ ᠦᠷᠡᠵᠢᠭᠦᠯᠬᠦ᠂ ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠪᠦᠬᠦ ᠠᠵᠤ ᠦᠢᠯᠡᠰ ᠤᠨ ᠬᠡᠯᠬᠢᠶᠡᠨ ᠤ ᠰᠢᠨ᠎ᠡ ᠬᠡᠯᠪᠡᠷᠢ ᠶᠢᠨ ᠠᠵᠤ ᠦᠢᠯᠡᠰ ᠢ ᠪᠠᠶᠢᠭᠤᠯᠬᠤ ᠴᠢᠬᠤᠯᠠᠲᠠᠢ᠃ ᠠᠵᠤ ᠠᠬᠤᠶᠢᠯᠠᠯ ᠤᠨ ᠲᠤᠰᠬᠠᠶᠢᠵᠢᠭᠰᠠᠨ᠂ ᠨᠠᠷᠢᠯᠢᠭᠵᠢᠭᠤᠯᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠡᠭᠡᠳᠦ ᠵᠡᠷᠭᠡ ᠶᠢᠨ ᠨᠠᠷᠢᠯᠢᠭ ᠭᠦᠨ ᠪᠣᠯᠪᠠᠰᠤᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠥᠷᠢᠰᠥᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ ᠦᠴᠤᠸᠠᠨ ᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠡᠷᠴᠢᠮ ᠢᠶᠠᠨ ᠨᠡᠮᠡᠭᠳᠡᠭᠦᠯᠵᠦ᠂ ᠨᠥᠯᠥᠭᠡᠯᠡᠬᠦ ᠬᠦᠴᠦᠨ ᠢᠶᠠᠨ ᠥᠷᠭᠡᠳᠬᠡᠨ᠂ ᠬᠤᠲᠠ ᠶᠢᠨ ᠪᠣᠯᠪᠠᠰᠤᠨ ᠠᠴᠠ ᠲᠠᠯ᠎ᠠ ᠨᠤᠲᠤᠭ ᠤᠨ ᠪᠣᠯᠪᠠᠰᠤᠨ ᠲᠡᠰᠢ ᠰᠢᠯᠵᠢᠬᠦ ᠴᠢᠬᠤᠯᠠ ᠵᠠᠩᠭᠢᠯᠠᠭ᠎ᠠ ᠶᠢ ᠪᠣᠶ ᠪᠣᠯᠭᠠᠬᠤ ᠬᠡᠷᠡᠭᠲᠡᠶ ᠭᠡᠪᠡ᠃ ︵ᠭᠦᠸᠧ ᠯᠢ     ᠰᠢᠶᠧ ᠴᠧᠨ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号