ᠸᠠᠩ ᠯᠢ ᠰᠢᠶᠠ ᠬᠡᠰᠡᠭ ᠠᠵᠤ ᠠᠬᠤᠶᠢᠯᠠᠯ ᠤᠨ ᠭᠤᠣᠯᠳᠠᠯᠭ᠎ᠠ ᠲᠠᠢ ᠠᠰᠠᠭᠤᠳᠠᠯ ᠤᠨ ᠲᠤᠰᠬᠠᠢ ᠰᠡᠳᠦᠪᠲᠦ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠠᠰᠠᠭᠤᠳᠠᠯ ᠢ ᠰᠢᠢᠳᠪᠦᠷᠢᠯᠡᠬᠦ ᠠᠰᠢᠭᠯᠠᠮᠵᠢ ᠳᠡᠭᠡᠷ᠎ᠡ ᠬᠦᠴᠦᠯᠡᠵᠦ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠦᠷᠢᠯᠳᠦᠬᠦᠯᠬᠦ ᠬᠡᠷᠡᠭᠲᠡᠢ
ᠨᠡᠶᠢᠲᠡᠯᠡᠭᠰᠡᠨ ᠴᠠᠭ᠄
2020-06-16
       ︵ᠰᠤᠷᠪᠤᠯᠵᠢᠯᠠᠭᠴᠢ ᠹᠧᠩ ᠶᠠᠨ ᠫᠢᠩ︶ 6 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠡᠰᠡᠭ ᠠᠵᠤ ᠠᠬᠤᠶᠢᠯᠠᠯ ᠤᠨ ᠭᠤᠣᠯᠳᠠᠯᠭ᠎ᠠ ᠲᠠᠢ ᠠᠰᠠᠭᠤᠳᠠᠯ ᠤᠨ ᠲᠤᠰᠬᠠᠢ ᠰᠡᠳᠦᠪᠲᠦ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠠᠳᠠᠯᠤᠨ᠂ ᠰᠢᠢᠳᠪᠦᠷᠢᠯᠡᠬᠦ ᠠᠷᠭ᠎ᠠ ᠶᠢ ᠰᠤᠳᠤᠯᠪᠠ᠃ ᠸᠠᠩ ᠯᠢ ᠰᠢᠶᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠶᠡᠬᠡᠪᠡᠷ ᠳᠡᠮᠵᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠦᠢᠯᠡᠴᠢᠯᠡᠭᠡ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠰᠠᠭᠤᠳᠠᠯ ᠢ ᠰᠢᠢᠳᠪᠦᠷᠢᠯᠡᠬᠦ ᠠᠰᠢᠭᠯᠠᠮᠵᠢ ᠳᠡᠭᠡᠷ᠎ᠡ ᠬᠦᠴᠦᠯᠡᠵᠦ᠂ ᠲᠥᠷᠥᠯ ᠵᠦᠢᠯ ᠢ ᠠᠬᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠭᠡᠪᠡ᠃      ᠬᠤᠷᠠᠯ ᠠᠴᠠ ᠤᠷᠢᠳ ᠬᠤᠵᠢᠳ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠥᠪᠥᠷ ᠮᠣᠩᠭᠤᠯ ᠤᠨ ᠬᠤᠸᠠ ᠶᠣᠣ ᠭᠡᠷᠡᠯ ᠴᠠᠬᠢᠯᠭᠠᠨ ᠤ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠵᠦᠩ ᠬᠤᠸᠠᠨ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠶᠠᠨ ᠬᠤᠩ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠵᠢᠴᠢ ᠵᠢᠦ ᠲᠠᠢ ᠪᠦᠯᠦᠭᠯᠡᠯ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠳ ᠤᠨ ᠥᠪᠡᠷ ᠥᠪᠡᠷ ᠤᠨ ᠬᠢᠨᠢ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠭᠤᠣᠯ ᠠᠰᠠᠭᠤᠳᠠᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠸᠠᠩ ᠯᠢ ᠰᠢᠶᠠ ᠬᠠᠷᠢᠭᠤ ᠮᠡᠳᠡᠭᠦᠯᠦᠯᠲᠡ ᠶᠢ ᠰᠣᠨᠣᠰᠴᠤ ᠪᠠᠷᠠᠭᠰᠠᠨ ᠤ ᠳᠠᠷᠠᠭ᠎ᠠ ᠴᠢᠬᠤᠯᠠᠴᠢᠯᠠᠭᠰᠠᠨ ᠨᠢ᠂ ᠣᠳᠣᠬᠠᠨ ᠳᠤ᠂ ᠪᠤᠳᠤᠯᠢᠶᠠᠨᠲᠠᠢ ᠪᠠᠶᠢᠳᠠᠯ ᠳᠤ ᠬᠠᠨᠳᠤᠭᠤᠯᠤᠨ᠂ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠨᠢ ᠶᠠᠭᠤᠨ ᠠᠴᠠ ᠴᠦ ᠴᠢᠬᠤᠯᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ  ᠬᠢᠨ ᠤᠯᠤᠰ ᠲᠥᠷᠥ ᠶᠢᠨ ᠵᠣᠭᠰᠣᠴᠠ  ᠪᠠᠨ ᠲᠡᠭᠡᠭᠰᠢᠯᠡᠭᠦᠯᠦᠨ᠂ ᠦᠢᠯᠡᠴᠢᠯᠡᠭᠡ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠬᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠢ ᠴᠠᠭ ᠳᠠᠷᠤᠢ ᠳᠤᠨᠢ ᠪᠦᠲᠦᠮᠵᠢᠲᠡᠢ ᠨᠠᠷᠢᠨ ᠬᠢᠨᠠᠮᠠᠭᠠᠢ ᠰᠤᠳᠤᠯᠵᠤ ᠂ ᠲᠥᠷᠥᠯ ᠬᠤᠪᠢᠶᠠᠨ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠦᠢᠯᠡᠳᠪᠦᠷᠢᠯᠡᠯ ᠢᠶᠠᠨ ᠪᠡᠶᠡᠯᠡᠭᠦᠯᠵᠦ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠡᠯ᠎ᠡ ᠡᠭᠦᠷᠭᠡ  ᠴᠢᠳᠠᠪᠬᠢᠳᠤ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠵᠣᠭᠰᠣᠴᠠ ᠪᠠ ᠬᠠᠷᠠᠭᠠᠰᠤ ᠠᠴᠠ ᠠᠵᠤ ᠠᠬᠤᠶᠢᠯᠠᠯ ᠤᠨ ᠳᠤᠷᠠᠳᠤᠭᠰᠠᠨ ᠬᠦᠴᠢᠷᠳᠡᠯ ᠪᠠ ᠠᠰᠠᠭᠤᠳᠠᠯ ᠢ ᠢᠳᠡᠪᠬᠢᠲᠡᠢ ᠰᠢᠢᠳᠪᠦᠷᠢᠯᠡᠨ᠂ ᠪᠦᠲᠦᠮᠵᠢᠲᠡᠢ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠤᠨ ᠲᠣᠭᠲᠠᠭᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠠᠵᠤ ᠠᠬᠤᠶᠢᠯᠠᠯ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠨ᠂ ᠲᠥᠷᠥ ᠶᠢᠨ ᠪᠣᠳᠣᠯᠭ᠎ᠠ ᠶᠢ ᠠᠵᠤ ᠠᠬᠤᠶᠢᠯᠠᠯ ᠳᠤ ᠬᠦᠷᠭᠡᠨ᠂ ᠵᠠᠰᠠᠭ ᠤᠨ ᠣᠷᠳᠣᠨ ᠤ ᠠᠵᠤ ᠠᠬᠤᠶᠢᠯᠠᠯ ᠳᠤ ᠦᠢᠯᠡᠴᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨ ᠬᠦ  ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠶᠢᠷ᠎ᠠ ᠰᠡᠳᠬᠢᠯᠭᠡ ᠲᠠᠢ ᠪᠠᠷ᠂ ᠦᠨᠡᠨ ᠰᠡᠳᠬᠢᠯ ᠢᠶᠠᠷ᠂ ᠬᠠᠤᠯᠢ ᠳᠦᠷᠢᠮ ᠶᠣᠰᠣᠭᠠᠷ᠂ ᠣᠨᠣᠪᠴᠢᠲᠠᠢ ᠵᠢᠯᠣᠭᠤᠳᠤᠨ ᠬᠠᠪᠰᠤᠷᠬᠤ ᠬᠡᠷᠡᠭᠲᠡᠢ᠃ ᠵᠠᠰᠠᠭ ᠢ ᠴᠣᠮᠬᠠᠳᠬᠠᠵᠤ ᠡᠷᠬᠡ ᠶᠢ ᠪᠠᠭᠤᠯᠭᠠᠬᠤ ᠬᠦᠴᠦᠯᠡᠴᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠰᠢᠭᠯᠠᠮᠵᠢ ᠶᠢ ᠳᠡᠭᠡᠭᠰᠢᠯᠡᠭᠦᠯᠦᠨ᠂ ᠲᠣᠮᠣ ᠠᠵᠤ ᠠᠬᠤᠶᠢᠯᠠᠯ ᠢᠶᠠᠷ ᠲᠤᠯᠭᠠᠭᠤᠷᠢᠯᠠᠭᠤᠯᠵᠤ᠂ ᠵᠢᠵᠢᠭ ᠠᠵᠤ ᠠᠬᠤᠶᠢᠯᠠᠯ ᠢ ᠪᠦᠷᠬᠦᠭᠦᠯᠬᠦ ᠪᠠᠶᠢᠳᠠᠯ ᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠪᠡ᠃      ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠠᠷᠤᠭ᠎ᠠ ᠰᠦᠨ ᠵᠢᠶᠦ᠋ᠨ ᠴᠢᠩ ᠤᠷᠢᠯᠭ᠎ᠠ ᠪᠠᠷ ᠬᠤᠷᠠᠯ ᠳᠤ ᠣᠷᠣᠯᠴᠠᠪᠠ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠦ᠋ ᠸᠧᠨ ᠮᠢᠩ᠂ ᠭᠥᠸᠧ ᡁᠢ ᠭᠠᠩ᠂ ᠪᠢ ᠭᠥᠸᠧ ᠴᠧᠨ ᠂ ᠶᠦᠨ ᠰᠢᠨ ᠮᠢᠩ ᠵᠢᠴᠢ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠪᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号