ᠬᠥᠬᠡᠬᠤᠲᠠ ᠶᠢᠨ ᠦᠨᠳᠦᠰᠦᠳᠡᠨ ᠤ ᠰᠤᠷᠭᠠᠭᠤᠯᠢ ᠠᠩᠬ᠎ᠠ ᠳᠤᠮᠳᠠᠳᠤ ᠳᠤ ᠤᠷᠢᠳᠴᠢᠯᠡᠨ ᠰᠤᠷᠤᠭᠴᠢ ᠡᠯᠰᠡᠬᠦ ᠬᠡᠯᠪᠡᠷᠢ ᠪᠠᠷ 231 ᠰᠤᠷᠤᠭᠴᠢ ᠡᠯᠰᠡᠪᠡ
ᠨᠡᠶᠢᠲᠡᠯᠡᠭᠰᠡᠨ ᠴᠠᠭ᠄
2020-06-16
       ︵ᠰᠤᠷᠪᠤᠯᠵᠢᠯᠠᠭᠴᠢ ᠨᠠᠪᠴᠢ︶ 6 ᠰᠠᠷ᠎ᠠ ᠶᠢᠨ 14 ᠤ ᠡᠳᠦᠷ᠂ 2020 ᠣᠨ ᠤ ᠬᠥᠬᠡᠬᠤᠲᠠ ᠶᠢᠨ ᠦᠨᠳᠦᠰᠦᠳᠡᠨ ᠤ ᠰᠤᠷᠭᠠᠭᠤᠯᠢ ᠶᠢᠨ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠤᠷᠢᠳᠴᠢᠯᠠᠨ ᠡᠯᠰᠡᠬᠦ ᠺᠣᠮᠫᠢᠦ᠋ᠲ᠋ᠧᠷ ᠢᠶᠠᠷ ᠰᠣᠷᠣᠭᠴᠢ ᠡᠯᠰᠡᠬᠦ ᠠᠵᠢᠯ ᠬᠥᠬᠡᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠬᠠᠮᠢᠶᠠᠷᠤᠯᠲᠠ ᠶᠢᠨ ᠲᠥᠪ ᠲᠤ ᠶᠠᠪᠤᠭᠳᠠᠪᠠ᠃ ᠲᠣᠰ ᠡᠳᠦᠷ ᠪᠠᠭ᠎ᠠ ᠰᠤᠷᠭᠠᠭᠤᠯᠢ ᠲᠡᠭᠦᠰᠦᠭᠰᠡᠨ 231 ᠰᠣᠷᠣᠭᠴᠢ ᠶᠢ ᠺᠤᠮᠫᠢᠦ᠋ᠲ᠋ᠧᠷ ᠢᠶᠠᠷ ᠳᠤᠬᠢᠷᠠᠭᠤᠯᠬᠤ ᠬᠡᠯᠪᠡᠷᠢ ᠪᠠᠷ ᠡᠯᠰᠡᠪᠡ᠃      ᠲᠠᠨᠢᠯᠴᠠᠭᠤᠯᠤᠭᠰᠠᠨ ᠢᠶᠠᠷ᠂ ︽2020 ᠣᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠰᠤᠷᠤᠭᠴᠢ ᠡᠯᠰᠡᠬᠦ ᠠᠵᠢᠯ ᠤᠨ ᠲᠤᠬᠠᠢ ᠬᠥᠬᠡᠬᠤᠲᠠ ᠶᠢᠨ ᠰᠤᠷᠭᠠᠨ ᠬᠥᠮᠥᠵᠢᠯ ᠤᠨ ᠲᠣᠪᠴᠢᠶᠠᠨ ᠤ ᠰᠠᠨᠠᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ 2020 ᠣᠨ ᠳᠤ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠥᠬᠡᠬᠤᠲᠠ ᠶᠢᠨ ᠬᠤᠪᠢᠶᠠᠷᠢ ᠰᠤᠷᠭᠠᠭᠤᠯᠢ 121 ᠰᠤᠷᠤᠭᠴᠢ ︵ᠬᠤᠲᠠ ᠶᠢᠨ ᠳᠥᠷᠪᠡᠨ ᠲᠣᠭᠤᠷᠢᠭ ᠤᠨ 88 ᠰᠤᠷᠤᠭᠴᠢ᠂ ᠬᠤᠰᠢᠭᠤ ᠰᠢᠶᠠᠨ ᠤ 33 ᠰᠤᠷᠤᠭᠴᠢ︶ ᠡᠯᠰᠡᠬᠦ ᠪᠠᠷ ᠲᠦᠯᠦᠪᠯᠡᠵᠦ᠂ ᠨᠡᠶᠢᠲᠡ 574 ᠰᠤᠷᠤᠭᠴᠢ ᠡᠷᠡᠮᠡᠯᠵᠡᠯ ᠲᠠᠭᠯᠠᠪᠠ ︵ᠬᠤᠲᠠ ᠶᠢᠨ ᠳᠥᠷᠪᠡᠨ ᠲᠣᠭᠤᠷᠢᠭ ᠤᠨ 525 ᠰᠤᠷᠤᠭᠴᠢ᠂ ᠬᠤᠰᠢᠭᠤ ᠰᠢᠶᠠᠨ ᠤ 49 ᠰᠤᠷᠤᠭᠴᠢ︶︔ ᠬᠥᠬᠡᠬᠤᠲᠠ ᠶᠢᠨ ᠰᠠᠶᠢᠬᠠᠨ ᠲᠣᠭᠤᠷᠢᠭ ᠤᠨ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠮᠣᠩᠭᠤᠯ ᠬᠡᠯᠡ ᠨᠡᠮᠡᠵᠦ ᠰᠤᠷᠬᠤ ᠠᠩᠬᠢ ᠳᠤ 110 ᠰᠤᠷᠤᠭᠴᠢ ᠡᠯᠰᠡᠬᠦ ᠪᠠᠷ ᠲᠥᠯᠥᠪᠯᠡᠵᠦ᠂ ᠡᠷᠡᠮᠡᠯᠵᠡᠯ ᠲᠠᠭᠯᠠᠨ ᠨᠡᠷ᠎ᠡ ᠮᠡᠳᠡᠭᠦᠯᠦᠭᠰᠡᠨ ᠰᠤᠷᠤᠭᠴᠢ 148 ᠪᠠᠶᠢᠨ᠎ᠠ᠃ ᠲᠤᠰ ᠤᠳᠠᠭᠠᠨ ᠤ  ᠦᠨᠳᠦᠰᠦᠲᠡᠨ ᠤ ᠰᠤᠷᠭᠠᠭᠤᠯᠢ ᠶᠢᠨ ᠠᠩᠬ᠎ᠠ ᠲᠤᠮᠳᠠᠳᠤ ᠳᠤ 722 ᠰᠤᠷᠤᠭᠴᠢ ᠨᠡᠷ᠎ᠡ ᠮᠡᠳᠡᠬᠦᠯᠵᠤ᠂ ᠡᠬᠦᠨ ᠳᠤ 231 ᠰᠣᠷᠣᠭᠴᠢ ᠶᠢ ᠡᠯᠰᠡᠵᠦ᠂ ᠡᠯᠰᠡᠭᠳᠡᠭᠰᠡᠨ ᠥᠬᠡᠶ ᠰᠣᠷᠣᠭᠴᠢ ᠤᠤᠯ ᠤᠨ ᠰᠤᠷᠭᠠᠭᠤᠯᠢ ᠳᠠᠭᠠᠨ ᠪᠤᠴᠠᠵᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号