ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 25 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-06-16
       ︵ᠰᠤᠷᠪᠤᠯᠵᠢᠯᠠᠭᠴᠢ ᠹᠧᠩ ᠶᠠᠨ ᠫᠢᠩ︶ 6 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ ᠬᠢᠵᠢᠭ ᠤᠨ ᠪᠠᠶᠢᠳᠠᠯ ᠲᠠᠬᠢᠨ ᠳᠡᠯᠭᠡᠷᠡᠬᠦ ᠶᠢ ᠡᠷᠡᠰ ᠬᠤᠷᠢᠭᠯᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠪᠠᠴᠢᠮ ᠮᠡᠳᠡᠭᠳᠡᠯ︾ ︽ᠣᠷᠴᠢᠮ ᠤᠨ ᠬᠤᠭᠤᠴᠠᠭᠠᠨ ᠤ ᠬᠢᠵᠢᠭ ᠤᠨ ᠪᠠᠶᠢᠳᠠᠯ ᠤᠨ ᠬᠤᠯᠪᠣᠭᠳᠠᠯ ᠪᠦᠬᠦᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠠᠴᠢᠮ ᠮᠡᠳᠡᠭᠳᠡᠯ︾ ᠢ ᠤᠯᠠᠮᠵᠢᠯᠠᠨ ᠰᠤᠷᠤᠯᠴᠠᠵᠤ᠂ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠪᠦᠬᠦ ᠤᠯᠤᠰ ᠤᠨ ᠪᠣᠯᠪᠠᠰᠤᠨ ᠬᠤᠲᠠ ᠶᠢ ᠪᠠᠶᠢᠭᠤᠯᠬᠤ ᠠᠵᠢᠯ ᠢ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︽ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠳᠤ ᠨᠢᠭᠲᠠ ᠲᠦᠰᠢᠭᠯᠡᠨ᠂ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠢᠯᠡᠳᠴᠦ᠂ ᠠᠷᠠᠳ ᠲᠦᠮᠡᠨ ᠤ ᠳᠤᠮᠳᠠ ᠭᠦᠨ ᠦᠨᠳᠦᠰᠦᠯᠡᠬᠦ︾ ᠶᠢ ᠦᠨᠡᠨ ᠬᠦ  ᠪᠣᠳᠠᠲᠠᠢ ᠠᠵᠢᠯ ᠤᠨ ᠳᠤᠮᠳᠠ ᠪᠠᠨ ᠦᠢᠯᠡᠳᠦᠯᠭᠡᠵᠢᠭᠦᠯᠵᠦ᠂ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ᠂ ᠨᠢᠭᠡ ᠴᠥᠭᠡᠨ ᠲᠣᠭᠠᠲᠤ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ︾ ᠴᠢᠬᠤᠯᠠ ᠱᠠᠭᠠᠷᠳᠠᠯᠭ᠎ᠠ ᠶᠢᠨ ᠲᠣᠭᠤᠷᠢᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠨᠢᠭᠡᠯᠡ ᠠᠮᠢᠰᠬᠤᠭ᠎ᠠ ᠪᠠᠷ ᠲᠡᠮᠡᠴᠡᠨ ᠣᠯᠬᠤ ᠬᠡᠷᠡᠭᠲᠡᠢ᠃ ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ ᠪᠣᠯᠬᠤ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠬᠠᠯᠬᠠᠪᠴᠢ ᠶᠢ  ᠪᠠᠲᠤ ᠴᠤᠭᠴᠠᠯᠠᠬᠤ ᠤᠯᠤᠰ ᠲᠥᠷᠥ  ᠶᠢᠨ ᠡᠭᠦᠷᠭᠡ ᠶᠢ ᠡᠷᠡᠰ ᠡᠭᠦᠷᠭᠡᠯᠡᠬᠦ ᠬᠡᠷᠡᠭᠲᠡᠢ᠃ ᠵᠣᠷᠢᠭ ᠲᠡᠭᠦᠯᠳᠡᠷ ᠤᠷᠤᠭᠰᠢᠯᠠᠬᠤ᠂ ᠬᠦᠴᠢᠷ ᠪᠡᠷᠬᠡ ᠲᠠᠢ ᠠᠰ ᠲᠤᠯᠬᠤ ᠴᠥᠬᠦᠷᠡᠰᠢ ᠦᠭᠡᠢ ᠰᠥᠰᠥ ᠵᠣᠷᠢᠭ ᠢ ᠡᠭᠦᠷᠢᠳᠡ ᠬᠠᠳᠠᠭᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠨᠡᠩ ᠶᠡᠭᠡ ᠬᠠᠷᠢᠭᠤᠴᠠᠯᠭ᠎ᠠ ᠨᠡᠩ ᠶᠡᠭᠡ  ᠵᠢᠳᠬᠦᠯ ᠴᠢᠷᠮᠠᠶᠢᠯᠭ᠎ᠠ ᠪᠠᠷ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠵᠤ᠂ ᠲᠣᠭᠠᠨ ᠤ ᠵᠣᠬᠢᠰᠲᠠᠢ ᠨᠡᠮᠡᠭᠳᠡᠯ ᠪᠠ ᠴᠢᠨᠠᠷ ᠤᠨ ᠲᠣᠭᠲᠠᠭᠤᠨ ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠡᠭᠡᠳᠦ ᠬᠡᠮᠵᠢᠶ᠎ᠡ ᠪᠠᠷ ᠰᠡᠷᠡᠮᠵᠢᠯᠡᠨ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠲᠣᠭᠤᠷᠢᠭ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠡ᠂ ᠬᠤᠪᠢ ᠬᠥᠮᠥᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠨ᠎ᠠ ᠪᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ ᠠᠵᠢᠯ ᠢ ᠴᠢᠩᠭ᠎ᠠ ᠠᠴᠠ ᠴᠢᠩᠭ᠎ᠠ ᠂ ᠲᠤᠯᠭᠠᠮ᠎ᠠ ᠠᠴᠠ ᠲᠤᠯᠭᠠᠮ᠎ᠠ ᠰᠠᠶᠢᠲᠤᠷ ᠠᠳᠬᠤᠵᠤ᠂ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠡᠷᠡᠰ ᠬᠠᠮᠠᠭᠠᠯᠠᠬᠤ ᠬᠡᠷᠡᠭᠲᠡᠢ᠃  ᠵᠢᠭᠰᠠᠭᠠᠨ ᠪᠠᠶᠢᠴᠠᠭᠠᠯᠳᠠ ᠲᠠᠬᠤᠯ ᠡᠪᠡᠳᠴᠢᠨ ᠤ ᠪᠠᠶᠢᠴᠠᠭᠠᠯᠳᠠ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠦᠨ᠂ ︽ᠨᠢᠭᠡ ᠪᠠᠭᠤᠳᠠᠯ ᠬᠤᠶᠠᠷ ᠥᠷᠲᠡᠭᠡ︾ ᠶᠢᠨ ᠪᠣᠭᠤᠮᠲᠠ ᠶᠢ ᠴᠢᠩᠭ᠎ᠠ ᠰᠠᠬᠢᠵᠤ᠂ ᠲᠣᠣᠷᠴᠢᠯᠠᠭᠰᠠᠨ ᠬᠠᠮᠢᠶᠠᠷᠤᠯᠲᠠ ᠪᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠯᠳᠤᠭᠠᠨ ᠤ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠬᠢᠵᠦ᠂ ᠨᠠᠷᠢᠯᠢᠭ ᠬᠢᠬᠦ ᠬᠡᠷᠡᠭᠲᠡᠢ᠃ ᠡᠮᠴᠢᠯᠡᠭᠡ ᠶᠢᠨ ᠪᠠᠶᠢᠭᠤᠯᠤᠮᠵᠢ ᠶᠢᠨ ᠰᠡᠷᠭᠡᠶᠢᠯᠡᠨ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠡᠷᠡᠰ ᠰᠠᠶᠢᠲᠤᠷ ᠬᠢᠵᠦ᠂ ᠬᠥᠮᠥᠨ ᠬᠠᠷ᠎ᠠ ᠣᠯᠠᠨ ᠲᠠᠢ ᠭᠠᠵᠠᠷ ᠢ ᠬᠠᠮᠢᠶᠠᠷᠤᠨ ᠡᠵᠡᠮᠳᠡᠬᠦ ᠪᠠᠨ ᠤᠯᠠᠮ ᠨᠢᠭᠡ ᠠᠯᠬᠤᠮ ᠴᠢᠩᠭᠠᠳᠬᠠᠨ ᠂ ᠢᠳᠡᠭᠡᠨ ᠤ ᠠᠶᠤᠯᠭᠦᠢ ᠶᠢᠨ ᠪᠠᠶᠢᠴᠠᠭᠠᠯᠲᠠ ᠶᠢ ᠥᠷᠨᠢᠭᠦᠯᠵᠦ᠂ ᠴᠤᠴᠠᠵᠤ ᠬᠤᠶᠢᠷᠭᠤᠰᠢᠬᠤ ᠦᠭᠡᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠬᠠᠮᠠᠭᠠᠯᠠᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠡᠩ ᠶᠡᠭᠡ    ᠵᠣᠷᠢᠭ ᠬᠦᠴᠦ ᠪᠠᠷ ᠪᠣᠯᠪᠠᠰᠤᠨ ᠬᠤᠲᠠ ᠶᠢ ᠪᠦᠲᠦᠭᠡᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠦᠵᠡᠯ ᠰᠠᠨᠠᠭᠠᠨ ᠳᠡᠭᠡᠷ᠎ᠡ ᠪᠠᠨ ᠦᠨᠡᠨ ᠬᠦ ᠴᠢᠬᠤᠯᠠᠴᠢᠯᠠᠵᠤ᠂ ᠠᠵᠢᠯᠯᠠᠭ᠎ᠠ ᠳᠡᠭᠡᠷ᠎ᠡ ᠪᠠᠨ ᠦᠨᠡᠨ ᠬᠦ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠳᠡᠭᠡᠷ᠎ᠡ ᠪᠠᠨ ᠦᠨᠡᠨ ᠬᠦ ᠪᠣᠳᠠᠲᠠᠶᠢᠵᠢᠭᠤᠯᠵᠤ᠂ ᠭᠠᠷ ᠳᠠᠮᠵᠢᠪᠠᠯ ᠳᠠᠷᠤᠢ ᠬᠠᠷᠢᠭᠤᠴᠠᠯᠭ᠎ᠠ ᠪᠣᠯᠬᠤ ᠡᠭᠦᠷᠭᠡᠯᠡᠯ ᠢᠶᠠᠷ ᠪᠣᠯᠪᠠᠰᠤᠨ ᠬᠤᠲᠠ ᠶᠢ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ᠲᠥᠪ ᠬᠤᠲᠠ ᠶᠢᠨ ᠣᠯᠠᠨ ᠲᠦᠮᠡᠨ ᠢ ᠦᠨᠡᠨ ᠪᠣᠳᠠᠲᠠᠢ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠲᠠᠢ ᠪᠣᠯᠭᠠᠬᠤ ᠬᠡᠷᠡᠭᠲᠡᠢ ᠭᠡᠪᠡ᠃            ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠶᠦᠨ ᠵᠢᠶᠠᠨ ᠳ᠋ᠦᠩ᠂ ᠰᠦᠨ ᠵᠢᠶᠠᠨ ᠬᠤᠸᠠ᠂ ᠯᠥᠸᠧ ᠴᠢᠩ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠤᠳᠤᠷᠢᠳᠬᠤ ᠳᠤᠭᠤᠶᠢᠯᠠᠩ ᠤᠨ ᠭᠡᠰᠢᠭᠦᠳ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃      ᠡᠯ᠎ᠡ ᠬᠤᠰᠢᠭᠤ ᠰᠢᠶᠠᠨ ᠲᠣᠭᠤᠷᠢᠭ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠡᠯ᠎ᠡ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号