ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠪᠠᠶᠢᠴᠠᠭᠠᠨ ᠰᠤᠳᠤᠯᠬᠤ ᠳᠤᠭᠤᠶᠢᠯᠠᠩ ᠰᠢᠨ᠎ᠡ ᠬᠤᠲᠠ ᠲᠣᠭᠤᠷᠢᠭ ᠤᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-06-17
     6 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ ᠸᠠᠩ ᠭᠧᠨ ᠰᠢᠶᠤᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠰᠢᠨ᠎ᠡ ᠬᠤᠲᠠ ᠲᠣᠭᠤᠷᠢᠭ ᠲᠤ ᠭᠦᠨᠵᠡᠭᠡᠶᠢᠷᠡᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠵᠠᠮ ᠬᠠᠷᠢᠯᠴᠠᠭ᠎ᠠ ᠶᠢ ᠴᠡᠭᠴᠡᠯᠡᠨ ᠵᠠᠰᠠᠬᠤ᠂ ᠲᠣᠭᠲᠠᠩᠭᠤᠶ ᠲᠡᠷᠭᠡ ᠵᠣᠭᠰᠣᠭᠠᠬᠤ ᠵᠢᠴᠢ ᠨᠡᠶᠢᠲᠡ ᠶᠢᠨ ᠲᠡᠷᠭᠡᠨ ᠤ ᠬᠠᠮᠢᠶᠠᠷᠤᠯᠲᠠ᠂ ᠬᠠᠭᠤᠴᠢᠨ ᠬᠤᠷᠢᠶᠠᠯᠠᠯ ᠢ ᠥᠭᠡᠷᠡᠴᠢᠯᠡᠨ ᠵᠠᠰᠠᠬᠤ᠂ ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢᠨ ᠠᠵᠢᠯᠯᠠᠭᠠᠨ ᠤ ᠪᠠᠶᠢᠳᠠᠯ᠂ ᠪᠠᠭ᠎ᠠ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠡᠭᠡᠯᠢ ᠶᠢᠨ ᠦᠵᠡᠮᠵᠢ ᠶᠢ ᠭᠡᠷᠡᠯᠲᠦᠭᠦᠯᠬᠦ᠂ ᠬᠥᠬᠡᠬᠤᠲᠠ ᠶᠢᠨ ᠵᠤᠭᠰᠠᠭᠠᠯ᠂ ᠬᠤᠲᠠ ᠶᠢᠨ ᠰᠦᠯᠵᠢᠶᠡᠵᠢᠭᠰᠡᠨ ᠬᠠᠮᠢᠶᠠᠷᠤᠯᠲᠠ᠂ ᠪᠠᠷᠢᠯᠭ᠎ᠠ ᠶᠢᠨ ᠭᠠᠵᠠᠷ ᠤᠨ ︽ᠵᠢᠷᠭᠤᠭᠠᠨ ᠵᠠᠭᠤᠨ ᠤ ᠵᠠᠭᠤ︾ ᠵᠢᠴᠢ ᠬᠤᠭ ᠲᠣᠭᠤᠰᠣ ᠶᠢ ᠰᠡᠷᠭᠡᠶᠢᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ᠂ ᠬᠤᠲᠠ ᠶᠢᠨ ᠳᠤᠮᠳᠠᠬᠢ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠵᠠᠰᠠᠭᠰᠠᠨ ᠪᠠᠶᠢᠳᠠᠯ ᠵᠢᠴᠢ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠢᠯᠭᠠᠬᠤ ᠲᠥᠪ ᠤᠨ ᠠᠵᠢᠯᠯᠠᠭᠠᠨ ᠤ ᠪᠠᠶᠢᠳᠠᠯ ᠵᠡᠷᠭᠡ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠪᠠ᠃        ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠢᠭᠡ ᠭᠠᠵᠠᠷ ᠬᠦᠷᠬᠦ ᠪᠤᠯᠭᠠᠨ ᠬᠤᠯᠪᠤᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠤ ᠲᠤᠬᠠᠢ ᠶᠢᠨ ᠭᠠᠵᠠᠷ ᠤᠨ ᠪᠤᠳᠠᠳᠤ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠤᠨᠤᠰᠬᠤ ᠶᠢᠨ ᠬᠠᠮᠲᠤ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠠᠭᠤᠯᠭ᠎ᠠ ᠶᠢᠨ ᠲᠤᠬᠠᠢ ᠨᠠᠷᠢᠨ ᠯᠠᠪᠯᠠᠯᠲᠠ ᠬᠢᠪᠡ᠃
     ᠳᠠᠷᠠᠭᠠᠴᠢ ᠶᠢᠨ ᠶᠠᠷᠢᠯᠴᠠᠬᠤ ᠬᠤᠷᠠᠯ ᠳᠡᠭᠡᠷ᠎ᠡ᠂ ᠰᠢᠨ᠎ᠡ ᠬᠤᠲᠠ ᠲᠣᠭᠤᠷᠢᠭ ᠤᠨ ᠳᠡᠳ᠋ ᠳᠠᠷᠤᠭ᠎ᠠ ᠤᠳᠤᠨ ᠪᠠᠶᠢᠴᠠᠭᠠᠨ ᠰᠤᠳᠤᠯᠬᠤ ᠳᠤᠭᠤᠶᠢᠯᠠᠩ ᠳᠤ ᠰᠢᠨ᠎ᠡ ᠬᠤᠲᠠ ᠲᠤᠭᠤᠷᠢᠭ ᠤᠨ ᠬᠤᠲᠠ ᠶᠢᠨ ᠣᠷᠴᠢᠨ ᠲᠣᠭᠤᠷᠢᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢ ᠨᠠᠷᠢᠨ ᠲᠠᠨᠢᠯᠴᠠᠭᠤᠯᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠲᠣᠳᠣᠷᠬᠠᠶᠢᠯᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠰᠢᠨ᠎ᠡ ᠬᠤᠲᠠ ᠲᠣᠭᠤᠷᠢᠭ ᠤᠨ ᠣᠶᠢᠷ᠎ᠠ ᠶᠢᠨ ᠵᠢᠯ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠠᠯ᠎ᠠ ᠪᠠᠷ ᠬᠢᠭᠰᠡᠨ ᠠᠵᠢᠯ ᠢ ᠨᠤᠲᠠᠯᠠᠵᠤ᠂ ᠪᠠᠶᠢᠴᠠᠭᠠᠨ ᠰᠤᠳᠤᠯᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠬᠤᠲᠠ ᠶᠢᠨ ᠬᠠᠮᠢᠶᠠᠷᠤᠯᠲᠠ ᠶᠢᠨ ᠠᠵᠢᠯ ᠨᠢ ᠬᠤᠲᠠ ᠶᠢᠨ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠪᠣᠯᠤᠨ ᠬᠤᠲᠠ ᠶᠢᠨ ᠳᠦᠷᠢ ᠲᠥᠷᠬᠦ ᠶᠢᠨ ᠴᠢᠨᠠᠷ ᠳᠡᠰ ᠲᠠᠢ ᠬᠤᠯᠪᠣᠭᠳᠠᠵᠤ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠴᠢᠬᠤᠯᠠ ᠴᠢᠨᠠᠷ ᠢ  ᠭᠦᠢᠴᠡᠳ ᠲᠠᠨᠢᠵᠤ᠂ ᠬᠤᠲᠠ ᠶᠢᠨ ᠬᠠᠮᠢᠶᠠᠷᠤᠯᠲᠠ ᠶᠢᠨ ᠠᠵᠢᠯ ᠢ ᠦᠨᠡᠨᠬᠦ ᠨᠠᠩ ᠳᠤᠪᠤᠶᠢᠮ᠎ᠠ ᠪᠠᠶᠢᠷᠢᠨ ᠳᠤ ᠲᠠᠯᠪᠢᠵᠤ᠂ ᠦᠵᠡᠯ ᠰᠠᠨᠠᠭᠠᠨ ᠳᠡᠭᠡᠷ᠎ᠡ ᠪᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠲᠠᠯ᠎ᠠ ᠪᠠᠷ  ᠨᠠᠶᠢᠲᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ︽ᠬᠤᠲᠠ ᠨᠢ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠬᠤ︾ ᠬᠠᠷᠠᠯᠲᠠ ᠶᠢ ᠴᠢᠷᠮᠠᠶᠢᠨ ᠪᠡᠶᠡᠯᠡᠬᠦᠯᠬᠦ ᠬᠡᠷᠡᠭᠲᠡᠢ ᠭᠡᠪᠡ᠃      ᠪᠠᠶᠢᠴᠠᠭᠠᠨ ᠰᠤᠳᠤᠯᠬᠤ ᠳᠤᠭᠤᠶᠢᠯᠠᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠣᠷᠣᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠨᠠᠷᠢᠯᠢᠭ ᠪᠤᠲᠠᠲᠠᠢ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠪᠠᠨ ᠲᠠᠯᠪᠢᠬᠤ ᠶᠢᠨ ᠬᠠᠮᠲᠤ ᠵᠠᠰᠠᠯᠲᠠ ᠶᠢᠨ ᠦᠷ᠎ᠡ ᠪᠦᠲᠦᠭᠡᠯ ᠢᠶᠠᠨ ᠤᠯᠠᠮ ᠨᠢᠭᠡ ᠠᠯᠬᠤᠮ ᠪᠠᠬᠢᠵᠢᠭᠦᠯᠵᠦ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠬᠤᠲᠠ ᠶᠢᠨ ᠳᠦᠷᠢ ᠲᠦᠷᠬᠦ ᠶᠢᠨ ᠪᠠᠶᠢᠳᠠᠯ ᠤᠨ ᠴᠢᠨᠠᠷ ᠲᠠᠰ ᠢ ᠳᠡᠭᠡᠭᠰᠢᠯᠡᠬᠦᠯᠬᠦ ᠶᠢ ᠪᠦᠲᠦᠮᠵᠢᠲᠡᠢ ᠠᠬᠢᠭᠤᠯᠬᠤ ᠬᠡᠷᠡᠭᠲᠡᠶ ᠭᠡᠪᠡ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠤ ᠴᠢᠶᠠᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠣᠳᠣᠨ ᠵᠢᠴᠢ ᠬᠤᠲᠠ᠂ ᠲᠣᠭᠤᠷᠢᠭ ᠬᠤᠶᠠᠷ ᠱᠠᠲᠤᠨ ᠤ ᠬᠤᠯᠪᠤᠭᠳᠠᠯ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号