ᠬᠦᠬᠡᠬᠤᠳᠠ ᠶᠢᠨ 10 ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠴᠢᠬᠤᠯᠠ ᠶᠡᠭᠡ ᠲᠦᠷᠦᠯ ᠵᠦᠢᠯ ᠤᠨ ᠶᠡᠷᠦᠩᠬᠡᠢ ᠪᠡᠯᠡ ᠤᠷᠤᠭᠤᠯᠤᠯᠳᠠ 4025 ᠳ᠋ᠦᠩᠰᠢᠭᠤᠷ ᠲᠦᠬᠦᠷᠢᠭ ᠢ ᠲᠠᠪᠠᠭ᠋ᠤ ᠪᠣᠯᠣᠨ᠎ᠠ
ᠨᠡᠶᠢᠲᠡᠯᠡᠭᠰᠡᠨ ᠴᠠᠭ᠄
2020-06-17
        ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠬᠦᠬᠡᠬᠤᠳᠠ ᠶᠢᠨ ᠤᠷᠤᠨ ᠪᠦᠰᠡ ᠶᠢᠨ ᠠᠵᠦ ᠠᠬᠤᠢ ᠶᠢᠨ ᠬᠠᠮᠳᠤᠷᠠᠯᠴᠠᠭᠠᠨ ᠤ ᠲᠣᠪᠴᠢᠶ᠎ᠠ ᠠᠴᠠ ᠪᠦᠬᠦ ᠬᠤᠲᠠ ᠶᠢᠨ 10 ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠴᠢᠬᠤᠯᠠ ᠶᠡᠭᠡ ᠲᠥᠷᠥᠯ ᠵᠦᠢᠯ ᠳᠤ ᠬᠢᠭᠰᠡᠨ ᠪᠠᠶᠢᠴᠠᠭᠠᠯᠲᠠ ᠠᠴᠠ ᠦᠵᠡᠪᠡᠯ᠂ ᠲᠦᠷᠦᠬᠦᠦ 5 ᠰᠠᠷ᠎ᠠ ᠳᠤ᠂ ᠬᠦᠬᠡᠬᠤᠳᠠ ᠶᠢᠨ ᠰᠢᠨ᠎ᠡ ᠪᠠᠷ ᠪᠠᠷᠢᠯᠭ᠎ᠠ ᠶᠢᠨ ᠠᠵᠢᠯ ᠢᠶᠠᠨ ᠡᠬᠢᠯᠡᠬᠦᠯᠦᠭᠰᠡᠨ᠂ ᠦᠷᠬᠦᠯᠵᠢᠯᠡᠨ ᠪᠦᠲᠦᠬᠡᠨ ᠪᠠᠶᠢᠭᠤᠯᠤᠬᠰᠠᠨ᠂ ᠵᠦᠪᠳᠡᠵᠦ ᠪᠠᠶᠢᠭ᠎ᠠ ᠪᠡᠯᠡ ᠤᠷᠤᠭᠤᠯᠤᠯᠳᠠ ᠨᠢ 10 ᠳ᠋ᠦᠩᠰᠢᠭᠤᠷ ᠲᠦᠬᠦᠷᠢᠭ ᠢ ᠲᠠᠪᠠᠭ᠋ᠤ ᠴᠢᠬᠤᠯᠠ ᠶᠡᠭᠡ ᠲᠥᠷᠥᠯ ᠵᠦᠢᠯ ᠨᠢ 37 ᠪᠠᠶᠢᠵᠦ᠂ ᠶᠡᠷᠦᠩᠬᠡᠢ ᠪᠡᠯᠡ ᠣᠷᠣᠭᠤᠯᠤᠯᠲᠠ ᠨᠢ 4025.5 ᠳ᠋ᠦᠩᠰᠢᠭᠤᠷ ᠲᠦᠬᠦᠷᠢᠭ ᠲᠤ ᠬᠦᠷᠦᠭᠰᠡᠨ ᠪᠠᠶᠢᠨ᠎ᠠ᠃      ᠡᠳᠡᠬᠡᠷ ᠲᠦᠷᠦᠯ ᠵᠦᠢᠯ ᠨᠢ ᠮᠠᠯ ᠠᠵᠦ ᠠᠬᠤᠢ ᠲᠠᠷᠢᠶᠠᠯᠠᠩ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠬᠢ᠂ ᠤᠳᠤ ᠦᠶ᠎ᠡ ᠶᠢᠨ ᠪᠠᠷᠠᠭᠠᠨ ᠤ ᠬᠦᠢᠯᠬᠡᠬᠡ ᠵᠡᠷᠬᠡ ᠠᠳᠠᠯᠢ ᠪᠤᠰᠤ ᠬᠦᠷᠢᠶ᠎ᠡ ᠴᠠᠷᠠᠭ᠎ᠠ ᠶᠢᠨ ᠠᠵᠦ ᠦᠢᠯᠡᠰ ᠤᠨ ᠴᠢᠬᠤᠯᠠ ᠶᠡᠭᠡ ᠲᠦᠷᠦᠯ ᠵᠦᠢᠯ ᠢ ᠪᠠᠭᠳᠠᠭᠠᠬᠰᠠᠨ ᠪᠠᠶᠢᠨ᠎ᠠ᠃ ᠲᠤᠬᠳᠠᠬᠤ ᠰᠢᠶᠠᠨ ᠳᠤ ᠪᠠᠶᠢᠷᠢᠯᠠᠵᠦ ᠪᠠᠶᠢᠭ᠎ᠠ ᠦᠪᠦᠷ ᠮᠣᠩᠭᠤᠯ ᠤᠨ ᠵᠢᠤ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠳᠤ ᠺᠤᠮᠫᠠᠨᠢ ᠶᠢᠨ ᠨᠡᠬᠦᠷᠡᠰᠤ ᠪᠠᠷ PTA ᠦᠢᠯᠡᠳᠬᠦ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠨᠢ 597.5 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠵᠦ᠂ ᠲᠦᠷᠦᠯ ᠵᠦᠢᠯ ᠢ ᠲᠠᠩᠰᠠᠯᠠᠭᠤᠯᠬᠤ ᠠᠵᠢᠯ ᠢ ᠤᠳᠤ ᠨᠢᠬᠡᠨᠳᠡ ᠲᠠᠭᠤᠰᠬᠠᠵᠦ᠂ ᠲᠤᠰ ᠲᠦᠷᠦᠯ ᠵᠦᠢᠯ ᠨᠢ ᠵᠢᠩᠬᠢᠨᠢ ᠪᠠᠷ ᠠᠰᠢᠬᠯᠠᠯᠳᠠ ᠳᠤ ᠣᠷᠣᠭᠰᠠᠨ ᠤ ᠳᠠᠷᠠᠭ᠎ᠠ ᠵᠢᠱᠢᠯᠲᠡ ᠪᠠᠷ ᠵᠢᠯ ᠳᠤ 240 ᠲᠦᠮᠡᠨ ᠲᠤᠨ PTA᠂ 60 ᠲᠦᠮᠡᠨ ᠲᠤᠨ ᠪᠦᠬᠡᠬᠡᠨᠡᠷᠡᠯ ᠪᠧᠨ᠋ᠽᠧᠨ᠋ᠲᠤ ᠡᠲ᠋ᠢᠯᠧᠨ᠂ 17 ᠲᠦᠮᠡᠨ ᠲᠤᠨ ᠭᠠᠳᠠᠷᠭᠤ ᠢᠳᠡᠪᠬᠢᠵᠢᠬᠦᠯᠦᠭᠴᠢ᠂ 30 ᠲᠦᠮᠡᠨ ᠲᠤᠨ ᠰᠢᠩᠬᠡᠨᠵᠢᠬᠦᠯᠦᠭᠰᠡᠨ ᠪᠠᠶᠢᠭᠠᠯᠢ ᠶᠢᠨ ᠰᠢᠲᠠᠮᠠᠬᠠᠢ ᠬᠡᠢ᠂ 20 ᠲᠦᠮᠡᠨ ᠲᠤᠨ ᠬᠦᠨᠳᠤ ᠴᠠᠶᠢᠶ᠋ᠢᠤ ᠲᠤᠰᠤ ᠦᠢᠯᠡᠳᠪᠦᠷᠢᠯᠡᠬᠦ ᠪᠣᠯᠣᠨ᠎ᠠ᠃ ᠬᠤᠳᠤᠩ ᠠᠷᠠᠳ ᠤᠨ ᠲᠣᠭᠤᠷᠢᠭ ᠤᠨ ᠶᠤᠧᠠᠨ ᠳ᠋ᠠ ᠪᠠᠷᠠᠭ᠎ᠠ ᠬᠤᠳᠠᠯᠳᠤᠨ ᠠᠪᠬᠤ ᠲᠦᠪ ᠤᠨ ᠲᠦᠷᠦᠯ ᠵᠦᠢᠯ ᠨᠢ 100 ᠳ᠋ᠦᠩᠰᠢᠭᠤᠷ ᠲᠦᠬᠦᠷᠢᠭ ᠪᠡᠯᠡ ᠤᠷᠤᠭᠤᠯᠬᠤ ᠪᠠᠷ ᠲᠦᠯᠦᠪᠯᠡᠵᠦ᠂ ᠤᠳᠤᠬᠠᠨ ᠳᠤ ᠬᠠᠮᠳᠤᠷᠠᠯᠴᠠᠭᠠᠨ ᠤ ᠪᠦᠲᠦᠬᠦᠪᠴᠢ ᠵᠥᠪᠯᠡᠯᠴᠡᠭᠡᠷ ᠢ ᠨᠢᠬᠡᠨᠳᠡ ᠲᠤᠬᠳᠠᠵᠦ᠂ 40 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ ᠬᠤᠳᠠᠯᠳᠤᠭᠠᠨ ᠤ ᠶᠡᠷᠦᠩᠬᠡᠶᠢᠯᠡᠭᠰᠡᠨ ᠴᠤᠬᠴᠠ ᠶᠢ ᠪᠦᠲᠦᠬᠡᠨ ᠪᠠᠶᠢᠭᠤᠯᠬᠤ ᠪᠠᠷ ᠪᠠᠶᠢᠨ᠎ᠠ᠃ ᠰᠢᠶᠠᠩ ᠱᠧᠩ ᠪᠦᠯᠦᠭᠯᠡᠯ ᠺᠤᠮᠫᠠᠨᠢ ᠠᠴᠠ 200 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ ᠪᠦᠲᠦᠬᠡᠨ ᠪᠠᠶᠢᠭᠤᠯᠬᠤ ᠪᠠᠷ ᠪᠠᠶᠢᠭ᠎ᠠ ᠤᠨᠴᠠᠯᠢᠬᠳᠤ ᠪᠠᠭ᠎ᠠ ᠪᠠᠯᠭᠠᠰᠤᠨ ᠤ ᠲᠦᠷᠦᠯ ᠵᠦᠢᠯ ᠨᠢ ᠲᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠳᠤ ᠪᠠᠶᠢᠷᠢᠯᠠᠵᠦ᠂ ︽ᠬᠤᠳᠠᠯᠳᠤᠭ᠎ᠠ ᠪᠠᠷ ᠵᠢᠭᠤᠯᠴᠢᠯᠠᠯ ᠢ ᠲᠠᠶᠢᠴᠢᠯᠠᠨ᠂ ᠵᠢᠭᠤᠯᠴᠢᠯᠠᠯ ᠢᠶᠠᠷ ᠬᠤᠳᠠᠯᠳᠤᠭ᠎ᠠ ᠶᠢ ᠠᠬᠢᠭᠤᠯᠬᠤ︾ ᠲᠠᠯᠠᠨ ᠬᠠᠷ᠎ᠠ ᠠᠭᠤᠯᠠ ᠶᠢᠨ ᠣᠨᠴᠠᠯᠢᠭᠲᠤ ᠪᠠᠭ᠎ᠠ ᠪᠠᠯᠭᠠᠰᠤᠨ ᠤ ᠪᠠᠷᠠᠭ᠎ᠠ ᠬᠤᠳᠠᠯᠳᠤᠨ ᠠᠪᠬᠤ ᠵᠢᠭᠤᠯᠴᠢᠯᠠᠯ ᠤᠨ ᠬᠦᠭᠵᠢᠬᠦᠯᠦᠯᠳᠡ ᠶᠢᠨ ᠵᠠᠬᠪᠤᠷ ᠢ ᠴᠤᠬᠴᠠᠯᠠᠬᠤ ᠪᠠᠷ ᠪᠠᠶᠢᠨ᠎ᠠ᠃ ᠰᠢᠨ᠎ᠡ ᠬᠤᠳᠠ ᠲᠣᠭᠤᠷᠢᠭ ᠤᠨ ᠳ᠋ᠦᠩᠹᠠᠩ ᠵᠢᠨᠳᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠵᠠᠷ ᠤᠨ ᠲᠥᠪ ᠲᠣᠭᠤᠷᠢᠭ ᠤᠨ ᠲᠦᠷᠦᠯ ᠵᠦᠢᠯ ᠨᠢ 300 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠵᠦ᠂ ᠲᠤᠰ ᠲᠦᠷᠦᠯ ᠵᠦᠢᠯ ᠨᠢ 80 ᠭᠠᠷᠤᠢ ᠲᠤᠰᠠᠭᠠᠷ ᠬᠠᠤᠯᠢ ᠶᠢᠨ ᠡᠷᠬᠡᠳᠡᠨ ᠢᠶᠠᠷ ᠪᠦᠷᠢᠯᠳᠦᠭᠰᠡᠨ ᠲᠤᠮᠤ ᠬᠡᠯᠪᠡᠷᠢ ᠶᠢᠨ ᠠᠵᠦ ᠠᠬᠤᠶᠢᠯᠠᠯ ᠤᠨ ᠪᠦᠯᠦᠭᠯᠡᠯ ᠤᠨ ᠨᠡᠶᠢᠯᠡᠮᠡᠯ ᠴᠤᠬᠴᠠ ᠶᠢ ᠴᠤᠬᠴᠠᠯᠨᠨ᠂ ︽DBFOT ᠪᠤᠶᠤ ABO + ᠠᠮᠵᠢᠯᠳᠠ ᠪᠦᠲᠦᠮᠵᠢ ᠪᠠᠨ ᠬᠠᠮᠳᠤ ᠪᠠᠷ ᠡᠳ᠋ᠯᠡᠬᠦ︾ ᠵᠠᠬᠪᠤᠷ ᠢᠶᠠᠷ ︽ᠰᠤᠶᠤᠯ ᠢᠯᠡ ᠲᠤᠳᠤ᠂ ᠦᠢᠯᠡᠳᠪᠦᠷᠢᠯᠡᠬᠦ ᠪᠠ ᠤᠷᠤᠰᠢᠨ ᠰᠠᠭᠤᠷᠢᠰᠢᠬᠤ ᠳᠤ ᠲᠤᠬᠢᠷᠠᠮᠵᠢᠳᠠᠢ᠂ ᠠᠮᠢ ᠠᠬᠤᠢ ᠤᠷᠴᠢᠨ ᠲᠣᠭᠤᠷᠢᠨ ᠢ ᠬᠠᠮᠠᠭᠠᠯᠠᠬᠰᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠦᠭᠰᠡᠨ᠂ ᠠᠵᠦ ᠦᠢᠯᠡᠰ ᠪᠠ ᠬᠤᠳᠠ ᠶᠢ ᠠᠭᠤᠰᠤᠯᠴᠠᠭᠤᠯᠤᠬᠰᠠᠨ︾ ᠤᠳᠤᠬᠢᠴᠢᠯᠠᠬᠰᠠᠨ ᠠᠮᠢᠵᠢᠷᠠᠯ ᠪᠢᠯᠬᠠᠬᠰᠠᠨ ᠰᠢᠨ᠎ᠡ ᠬᠤᠲᠠ ᠶᠢ ᠴᠣᠭᠴᠠᠯᠠᠬᠤ ᠶᠢ ᠠᠬᠢᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号